蒙古文网站Logo
ᠰᠢᠨᠬᠤᠸᠠ ᠮᠤᠩᠭ᠋ᠤᠯ ᠨᠧᠲ

ᠯᠢᠦ ᠶᠠᠨ ᠳ᠋ᠦᠩ ᠲᠦᠪ ᠤᠨ ᠲᠦᠯᠦᠭᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠲᠠᠭᠠᠭᠤᠯᠤᠨ ᠤᠯᠠᠭᠠᠨᠴᠠᠪ ᠲᠤ ᠬᠦᠷᠴᠦ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-12 17:05

    ᠰᠢᠨᠬᠤᠸᠠ ᠬᠤᠷᠢᠶ᠎ᠠ ᠤᠯᠠᠭᠠᠨᠴᠠᠪ ᠤᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠰᠢᠶᠦ᠋ᠩ ᠵᠸᠩ ᠶᠠᠨ) 11 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠣᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠶᠢᠨ ᠬᠡᠰᠢᠭᠦᠨ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠲᠡᠳ᠋ ᠶᠡᠷᠦᠩᠬᠡᠢ ᠰᠠᠢᠢᠳ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭᠠ ᠯᠢᠦ ᠶᠠᠨ ᠳ᠋ᠦᠩ ᠲᠦᠪ ᠤᠨ ᠲᠦᠯᠦᠭᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠲᠠᠭᠠᠭᠤᠯᠤᠨ ᠤᠯᠠᠭᠠᠨᠴᠠᠪ ᠲᠦ ᠬᠦᠷᠴᠦ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠪᠣᠯᠭᠣᠭᠠᠨ ᠲᠤᠬᠤᠨᠢᠭᠤᠯᠵᠤ᠂ ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠠᠷᠠᠳ ᠲᠦᠮᠡᠨ ᠤ ᠰᠠᠢᠢᠨ ᠰᠠᠢᠢᠬᠠᠨ ᠬᠦᠰᠡᠯ ᠵᠦᠩᠨᠡᠯ ᠢ ᠲᠠᠮᠵᠢᠭᠤᠯᠪᠠ᠃

    ᠯᠢᠦ ᠶᠠᠨ ᠳ᠋ᠦᠩ ᠤᠯᠠᠭᠠᠨᠴᠠᠪ ᠬᠤᠳᠠ ᠵᠢᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠲᠠᠢ ᠠᠭᠤᠯᠵᠠᠬᠤ ᠵᠢᠨ ᠬᠠᠮᠳᠤ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠡᠯᠭᠡᠯᠡᠭᠦ ᠤᠯᠠᠭᠠᠨᠴᠠᠪ ᠬᠤᠳᠠ ᠵᠢᠨ ᠶᠠᠷᠢᠯᠴᠠᠬᠤ ᠬᠤᠷᠠᠯ ᠳ᠋ᠤ ᠤᠷᠤᠯᠴᠠᠪᠠ᠃ ᠯᠢᠦ ᠶᠠᠨ ᠳ᠋ᠦᠩ ᠂ ᠨᠠᠮ ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠶᠢᠨ ᠲᠤᠳᠤᠨᠤ ᠬᠠᠯᠠᠮᠵᠢᠯᠠᠯ ᠲᠤᠤᠷ᠎ᠠ ᠤᠯᠠᠭᠠᠨᠴᠠᠪ ᠤᠨ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠤ᠂ ᠠᠵᠤ ᠠᠬᠤᠢ ᠨᠡᠢᠢᠭᠡᠮ ᠤᠨ ᠪᠦᠳᠦᠭᠡᠨ ᠪᠠᠢᠢᠭᠤᠯᠦᠯᠳᠡ ᠳ᠋ᠤ ᠢᠯᠡᠷᠬᠡᠢ ᠦᠷ᠎ᠠ ᠪᠦᠳᠦᠮᠵᠢ ᠤᠯᠵᠤ᠂ ᠬᠤᠳᠠ ᠬᠦᠳᠡᠭᠡ ᠶᠢᠨ ᠲᠦᠷᠰᠦ ᠪᠠᠢᠢᠳᠠᠯ ᠪᠠ ᠠᠷᠠᠳ ᠲᠦᠮᠡᠨ ᠤ ᠠᠮᠢᠳᠤᠷᠠᠯ ᠳ᠋ᠤ ᠯᠤᠳᠤ ᠶᠡᠭᠡ ᠬᠤᠪᠢᠷᠠᠯᠳᠠ ᠭᠠᠷᠴᠠᠢ ᠬᠡᠵᠤ ᠵᠢᠭᠠᠵᠤ ᠭᠠᠷᠭᠠᠪᠠ᠃ ᠲᠡᠷᠡ᠂ ᠶᠡᠷᠦᠩᠬᠡᠢ ᠱ᠋ᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠭᠡᠢ ᠲᠤᠤᠱᠯᠠᠭᠤᠯᠵᠤ ᠶᠡᠷᠦᠩᠬᠡᠢ ᠱᠦᠵᠢ ᠰᠢ ᠵᠢᠨ ᠫᠢᠩ ᠤᠨ《7·26》 ᠤ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ 《ᠲᠦᠷᠪᠡᠨ ᠤᠬᠠᠮᠰᠠᠷ》 ᠢ ᠪᠠᠳᠤ ᠪᠡᠬᠢ ᠪᠤᠢ ᠪᠤᠯᠭᠠᠨ《ᠦᠵᠡᠰᠭᠦᠯᠡᠩᠳᠦ ᠰᠠᠢᠢᠬᠠᠨ ᠦᠪᠦᠷ ᠮᠤᠩᠭ᠋ᠤᠯ ᠵᠢᠡᠨ ᠪᠦᠳᠦᠭᠡᠨ ᠪᠠᠢᠢᠭᠤᠯᠵᠤ ᠠᠭᠤᠤ ᠶᠡᠭᠡ ᠲᠤᠮᠳᠠᠳᠤ ᠵᠢᠨ ᠮᠦᠷᠦᠭᠡᠳᠦᠯ ᠢᠶᠡᠨ ᠬᠠᠮᠳᠤᠪᠡᠷ ᠲᠡᠷᠬᠡᠯᠰᠢᠭᠦᠯᠭᠦ》 ᠳᠤ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ᠃ ᠶᠡᠷᠦᠩᠬᠡᠢ ᠱᠦᠵᠢ ᠰᠢ ᠵᠢᠨ ᠫᠢᠩ ᠤᠨ ᠦᠪᠦᠷ ᠮᠤᠩᠭ᠋ᠤᠯ ᠳ᠋ᠤ ᠰᠢᠨᠵᠢᠯᠡᠨ ᠪᠠᠢᠢᠴᠠᠭᠠᠬᠤ ᠦᠶ᠎ᠠ ᠵᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠵᠢ ᠨᠡᠢᠢᠳᠡᠪᠦᠷᠢᠵᠢᠭᠤᠯᠵᠤ᠂ 70 ᠵᠢᠯ ᠤᠨ ᠣᠢ ᠪᠠᠨ ᠪᠡᠯᠬᠡᠯᠡᠭᠦ ᠠᠵᠢᠯᠯᠠᠭ᠎ᠠ ᠪᠡᠷ ᠰᠢᠨ᠎ᠠ ᠭᠠᠷᠤᠭ᠎ᠠ ᠪᠠᠨ ᠪᠤᠯᠭᠠᠨ ᠤᠯᠠᠭᠠᠨᠴᠠᠪ ᠤᠨ ᠤᠷᠤᠨ ᠪᠠᠢᠢᠷᠢ᠂ ᠡᠬᠢ ᠪᠠᠶ᠍ᠠᠯᠢᠭ ᠵᠡᠷᠭᠡ ᠳᠠᠪᠠᠭᠣᠯᠢᠭ ᠢᠶᠡᠨ ᠪᠠᠳᠠᠷᠠᠭᠤᠯᠵᠣ᠂ ᠪᠡᠭᠡᠵᠢᠩ ᠲᠢᠶ᠍ᠠᠨᠵᠢᠨ ᠾᠸᠪᠸᠢ ᠶᠢᠨ ᠤᠯᠤᠰ ᠤᠨ ᠬᠦᠭ᠍ᠵᠢᠯᠳᠡ ᠵᠢᠨ ᠪᠠᠢᠢᠯᠳᠤᠬᠤ ᠪᠤᠳᠤᠯᠭ᠎ᠠ ᠳ᠋ᠤ ᠦᠢᠯᠡᠴᠢᠯᠡᠭᠦ ᠬᠡᠷᠡᠭᠳᠡᠢ; ᠰᠢᠨ᠎ᠠ ᠬᠦᠭ᠍ᠵᠢᠯᠳᠡ ᠵᠢᠨ ᠤᠢᠢᠯᠠᠭᠠᠬᠳᠠᠬᠤᠨ ᠢ ᠪᠠᠷᠢᠮᠳᠠᠯᠠᠨ ᠡᠯ᠎ᠠ ᠵᠦᠢᠯ ᠤᠨ ᠠᠷᠠᠳ ᠲᠤ ᠠᠰᠢᠭ ᠬᠦᠷᠳᠡᠭᠡᠭᠦ ᠲᠦᠷᠦ ᠵᠢᠨ ᠪᠤᠳᠤᠯᠭ᠎ᠠ ᠵᠢ ᠨᠡᠢᠢᠳᠡᠪᠦᠷᠢᠵᠢᠭᠤᠯᠵᠤ᠂ ᠤᠨᠢᠨ ᠲᠡᠭᠡᠷ᠎ᠠ ᠨᠢ ᠶᠠᠳᠠᠭᠤ ᠡᠴᠡ ᠠᠩᠬᠢᠵᠢᠷᠠᠭᠤᠯᠵᠤ ᠴᠢᠨᠡᠭᠡᠯᠢᠭ᠌ ᠨᠡᠢᠢᠭᠡᠮ ᠳ᠋ᠤ ᠲᠠᠪᠰᠢᠨ ᠤᠷᠤᠬᠤ ᠪᠠ ᠠᠷᠠᠳ ᠤᠨ ᠠᠮᠢᠳᠤᠷᠠᠯ ᠢ ᠰᠠᠢᠢᠵᠢᠷᠠᠭᠤᠯᠬᠤ ᠠᠬᠢᠴᠠ ᠪᠡᠨ ᠲᠦᠷᠭᠡᠳᠭᠡᠭᠦ ᠬᠡᠷᠡᠭᠳᠡᠢ; ᠠᠮᠢ ᠠᠬᠤᠢ ᠶᠢᠨ ᠪᠤᠯᠪᠠᠰᠤᠨ ᠤᠷᠴᠢᠨ ᠲᠤᠭᠤᠷᠢᠨ ᠢ ᠵᠠᠰᠠᠬᠤ ᠵᠢ ᠠᠵᠤ ᠠᠬᠤᠢ ᠶᠢᠨ ᠪᠦᠳᠦᠭᠡᠨ ᠪᠠᠢᠢᠭᠤᠯᠤᠯᠳᠠ ᠶᠢᠨ ᠪᠦᠬᠦ ᠶᠠᠪᠤᠴᠠ ᠳ᠋ᠤ ᠠᠭᠤᠰᠬᠠᠵᠤ᠂ ᠡᠭᠡ ᠤᠯᠤᠰ ᠤᠨ ᠤᠮᠠᠷᠠᠳᠦ ᠬᠢᠵᠠᠭᠠᠷ ᠤᠨ ᠠᠮᠢ ᠠᠬᠤᠢ ᠵᠢᠨ ᠠᠮᠤᠷ ᠲᠦᠪᠰᠢᠨ ᠤ ᠬᠠᠯᠬᠠᠪᠴᠢ ᠵᠢ ᠪᠠᠳᠣ ᠴᠣᠭᠴᠠᠯᠠᠬᠣ ᠬᠡᠷᠡᠭᠳᠡᠢ; ᠦᠨᠳᠦᠰᠦᠳᠡᠨ ᠤ ᠠᠵᠢᠯ ᠢ ᠰᠠᠢᠢᠳᠤᠷ ᠬᠢᠵᠤ᠂ ᠡᠷᠭᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠰᠠᠨ ᠡᠶ᠎ᠠ ᠵᠤᠬᠢᠴᠠᠩᠭ᠋ᠤᠢ ᠨᠡᠢᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠵᠢ ᠲᠠᠰᠤᠷᠠᠯᠳᠠ ᠦᠭᠡᠢ ᠪᠡᠬᠢᠵᠢᠭᠦᠯᠦᠨ ᠬᠦᠭ᠍ᠵᠢᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃

    ᠤᠯᠠᠭᠠᠨᠴᠠᠪ ᠤᠨ ᠢᠳᠡᠰᠢᠨ ᠨᠤᠭᠤᠭ᠎ᠠ ᠵᠢᠨ ᠠᠺᠠᠳ᠋ᠸᠮᠢᠴᠢ ᠲᠤᠰᠬᠠᠢ ᠮᠡᠷᠭᠡᠵᠢᠯᠳᠡᠨ ᠤ ᠠᠵᠢᠯ ᠤᠨ ᠦᠷᠳᠡᠭᠡ ᠳ᠋ᠤ᠂ ᠯᠢᠦ ᠶᠠᠨ ᠳ᠋ᠦᠩ ᠢᠳᠡᠰᠢᠨ ᠨᠤᠭᠤᠭ᠎ᠠ ᠵᠢᠨ ᠰᠢᠨ᠎ᠠ ᠡᠭᠦᠯᠳᠡᠷ ᠢ ᠪᠤᠢᠢᠵᠢᠭᠤᠯᠬᠤ ᠵᠢᠱᠢᠶ᠎ᠠ ᠦᠵᠡᠭᠦᠯᠭᠦ ᠲᠠᠷᠢᠶ᠎ᠠ ᠪᠡᠷ ᠰᠢᠨᠵᠢᠯᠡᠨ ᠪᠠᠢᠢᠴᠠᠭᠠᠵᠤ᠂ ᠰᠢᠨᠵᠢᠯᠡᠭᠦ ᠤᠠᠬᠭᠠᠨ ᠮᠡᠷᠭᠡᠵᠢᠯ ᠤᠨ ᠠᠵᠢᠯᠳᠠᠳ ᠢ ᠲᠤᠬᠤᠨᠢᠭᠤᠯᠪᠠ᠃ ᠲᠡᠷᠡ᠂ ᠰᠢᠨᠵᠢᠯᠡᠭᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠠᠵᠢᠯ ᠤᠨ ᠡᠷᠴᠢᠮ ᠵᠢᠡᠨ ᠴᠢᠩᠭ᠋ᠠᠷᠠᠭᠣᠯᠤᠨ ᠰᠢᠨᠵᠢᠯᠡᠭᠦ ᠤᠬᠠᠭᠠᠨ ᠤ ᠰᠤᠳᠤᠯᠭᠠᠨ ᠤ ᠦᠷ᠎ᠠ ᠪᠦᠳᠦᠭᠡᠯ ᠢ ᠪᠤᠳᠠᠳᠤ ᠦᠢᠯᠡᠳᠪᠦᠷᠢᠯᠡᠯ ᠤᠨ ᠬᠦᠴᠦᠨ ᠪᠤᠯᠭᠠᠨ ᠬᠣᠪᠢᠷᠠᠭᠣᠯᠬᠣ ᠵᠢ ᠠᠬᠢᠭᠤᠯᠵᠤ᠂ ᠢᠳᠡᠰᠢᠨ ᠨᠤᠭᠤᠭ᠎ᠠ ᠵᠢᠨ ᠠᠵᠤ ᠦᠢᠯᠡᠰ ᠤᠨ ᠬᠦᠭ᠍ᠵᠢᠯᠳᠡ ᠶᠢ ᠠᠬᠢᠭᠤᠯᠬᠤ ᠬᠡᠷᠡᠭᠳᠡᠢ ᠬᠡᠵᠤ ᠵᠢᠭᠠᠵᠣ ᠭᠠᠷᠭᠠᠵᠠᠢ᠃ ᠦᠪᠦᠷ ᠮᠤᠩᠭ᠋ᠤᠯ ᠤᠨ ᠮᠢᠨ ᠹᠸᠩ ᠦᠷ᠎ᠠ ᠵᠢᠨ ᠦᠢᠯᠡᠰ ᠤᠨ ᠺᠤᠮᠫᠠᠨᠢ ᠳ᠋ᠤ᠂ ᠯᠢᠦ ᠶᠠᠨ ᠳ᠋ᠦᠩ ᠲᠦᠮᠦᠰᠦ ᠵᠢᠨ ᠦᠷ᠎ᠠ ᠪᠤᠢᠢᠵᠢᠭᠤᠯᠬᠤ ᠲᠠᠰᠤᠭ ᠵᠢᠡᠷ ᠰᠢᠨᠵᠢᠯᠡᠨ ᠪᠠᠢᠢᠴᠠᠭᠠᠵᠤ᠂ ᠠᠵᠤ ᠠᠬᠤᠢᠢᠯᠠᠯ ᠤᠨ ᠲᠠᠷᠢᠶ᠍ᠠᠴᠢᠳ ᠢ ᠲᠡᠳᠭᠦᠨ ᠳᠡᠮᠵᠢᠵᠦ ᠪᠠᠢᠢᠭ᠎ᠠ ᠪᠠᠢᠢᠳᠠᠯ ᠢ ᠤᠢᠢᠯᠠᠭᠠᠵᠠᠢ᠃ ᠲᠡᠷᠡ᠂ ᠤᠳᠤ ᠦᠶ᠎ᠠ ᠵᠢᠨ ᠦᠷ᠎ᠠ ᠵᠢᠨ ᠦᠢᠯᠡᠰ ᠤᠨ ᠰᠢᠨ᠎ᠠ ᠵᠢ ᠡᠭᠦᠳᠬᠦ ᠠᠵᠢᠯ ᠢ ᠲᠦᠷᠭᠡᠳᠭᠡᠵᠤ᠂ ᠠᠵᠢᠯ ᠤᠯᠭᠤᠬᠤ ᠵᠢ ᠲᠠᠢᠢᠴᠢᠯᠠᠨ ᠲᠠᠷᠢᠶ᠍ᠠᠴᠢᠳ ᠤᠨ ᠤᠷᠤᠯᠭ᠎ᠠ ᠵᠢᠨ ᠨᠡᠮᠡᠭᠳᠡᠯ ᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠮᠤᠩᠭ᠋ᠤᠯ ᠬᠢᠳᠡᠳ ᠡᠮᠨᠡᠯᠭᠡ ᠳᠤ᠂ ᠯᠢᠦ ᠶᠠᠨ ᠳ᠋ᠦᠩ ᠬᠡᠤᠭᠡᠳ ᠤᠨ ᠰᠠᠯᠠᠭ᠎ᠠ ᠵᠢᠨ ᠡᠭᠦᠳᠡᠨ ᠡᠮᠨᠡᠯᠭᠡ᠂ ᠮᠤᠩᠭ᠋ᠤᠯ ᠬᠢᠳᠡᠳ ᠡᠯ ᠡᠮᠨᠡᠯᠭᠡ ᠵᠢᠨ ᠬᠦᠭ᠍ᠵᠢᠯᠳᠡ ᠪᠠ ᠡᠮ ᠡᠮᠨᠡᠯᠭᠡ ᠶᠢᠨ ᠬᠠᠮᠳᠤᠷᠠᠬᠰᠠᠨ ᠴᠤᠬᠴᠠ ᠵᠢᠨ ᠪᠦᠳᠦᠭᠡᠨ ᠪᠠᠢᠢᠭᠤᠯᠤᠯᠳᠠ ᠶᠢᠨ ᠪᠠᠢᠢᠳᠠᠯ ᠢ ᠨᠠᠷᠢᠨ ᠯᠠᠪᠯᠠᠨ ᠠᠰᠠᠭᠤᠵᠤ᠂ ᠡᠮᠨᠡᠯᠭᠡ ᠶᠢᠨ ᠠᠵᠢᠯᠳᠠᠳ ᠢ ᠪᠣᠯᠭᠣᠭᠠᠨ ᠦᠵᠡᠪᠡ᠃ ᠲᠡᠷᠡ᠂ ᠮᠤᠩᠭ᠋ᠤᠯ ᠬᠢᠳᠡᠳ ᠡᠮᠨᠡᠯᠭᠡ ᠵᠢᠨ ᠤᠯᠠᠮᠵᠢᠯᠠᠨ ᠵᠠᠯᠭᠠᠮᠵᠢᠯᠠᠵᠣ ᠰᠢᠨ᠎ᠠ ᠵᠢ ᠡᠭᠦᠳᠭᠦ ᠵᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠢᠭᠣᠯᠣᠮᠵᠢ ᠵᠢᠨ ᠦᠭᠡᠷᠡᠴᠢᠯᠡᠯᠳᠡ ᠵᠢ ᠬᠦᠨᠵᠡᠭᠡᠢᠢᠷᠠᠭᠦᠯᠤᠨ ᠡᠷᠡᠭᠦᠯ ᠮᠡᠨᠳᠤ ᠵᠢᠨ ᠦᠢᠯᠡᠴᠢᠯᠡᠭᠡᠨ ᠤ ᠤᠢᠢᠯᠡᠰ ᠢ ᠢᠳᠡᠪᠬᠢᠳᠡᠢ ᠬᠦᠭ᠍ᠵᠢᠭᠦᠯᠵᠤ᠂ ᠮᠤᠩᠭ᠋ᠤᠯ ᠬᠢᠳᠡᠳ ᠡᠮᠨᠡᠯᠭᠡ ᠵᠢᠨ ᠤᠨᠴᠠᠯᠢᠭ ᠲᠠᠪᠠᠭᠤᠯᠢᠭ ᠢ ᠬᠦᠢᠴᠡᠳ ᠪᠠᠳᠠᠷᠠᠭᠤᠯᠤᠨ ᠡᠮ ᠡᠮᠨᠡᠯᠭᠡ ᠵᠢᠨ ᠦᠭᠡᠷᠡᠴᠢᠯᠡᠯᠳᠡ ᠵᠢᠨ ᠠᠷᠠᠳ ᠲᠤ ᠠᠰᠢᠭ ᠬᠦᠷᠳᠡᠭᠡᠭᠦ ᠦᠷ᠎ᠠ ᠪᠦᠳᠦᠮᠵᠢ ᠵᠢ ᠴᠢᠨᠠᠬᠰᠢᠳᠠ ᠦᠷᠭᠡᠳᠭᠡᠵᠤ᠂ ᠤᠯᠠᠨ ᠲᠡᠰ ᠲᠡᠪᠬᠤᠷᠭ᠎ᠠ ᠤᠯᠠᠨ ᠶᠠᠩᠵᠤ ᠵᠢᠨ ᠡᠷᠡᠭᠦᠯ ᠮᠡᠨᠳᠤ ᠵᠢᠨ ᠦᠢᠯᠡᠴᠢᠯᠡᠭᠡᠨ ᠤ ᠬᠡᠷᠡᠭᠴᠡᠭᠡ ᠵᠢ ᠬᠠᠩᠭ᠋ᠠᠬᠤ ᠬᠡᠷᠡᠭᠳᠡᠢ ᠬᠡᠵᠠᠢ᠃

    ᠯᠢᠦ ᠶᠠᠨ ᠳ᠋ᠦᠩ ᠴᠠᠬᠠᠷ ᠨᠡᠢᠢᠭᠡᠮ ᠲᠤᠭᠤᠷᠢᠭ ᠲᠤ ᠰᠢᠨᠵᠢᠯᠡᠨ ᠪᠠᠢᠢᠴᠠᠭᠠᠬᠤ ᠳ᠋ᠠᠭᠠᠨ᠂ ᠦᠢᠯᠡᠴᠢᠯᠡᠭᠡᠨ ᠤ ᠲᠦᠪᠰᠢᠨ ᠵᠢᠡᠨ ᠲᠠᠰᠤᠷᠠᠯᠳᠠ ᠦᠭᠡᠢ ᠲᠡᠭᠡᠭ᠍ᠰᠢᠯᠡᠭᠦᠯᠤᠨ ᠨᠡᠢᠢᠭᠡᠮ ᠲᠤᠭᠤᠷᠢᠭ ᠤᠨ ᠨᠠᠮ ᠤᠨ ᠵᠤᠬᠢᠶ᠍ᠠᠨ ᠪᠠᠢᠢᠭᠤᠯᠤᠯᠳᠠ ᠵᠢ ᠦᠨᠳᠦᠰᠦᠳᠡᠨ ᠨᠤᠬᠦᠳ ᠤᠨ ᠤᠯᠠᠨ ᠲᠦᠮᠡᠨ ᠢ ᠪᠦᠯᠬᠦᠮᠳᠡᠭᠦᠯᠭᠦ ᠲᠦᠪ ᠪᠠ ᠨᠠᠮ ᠤᠨ ᠴᠢᠭᠯᠡᠯᠳᠡ ᠲᠦᠷᠦ ᠵᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠬᠤ ᠪᠡᠬᠢᠯᠯᠡᠳᠡ ᠪᠤᠯᠭᠠᠨ ᠴᠤᠬᠴᠠᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠯᠢᠦ ᠶᠠᠨ ᠳ᠋ᠦᠩ ᠂ ᠬᠤᠸᠠ ᠼᠦᠨ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠦ ᠬᠦᠷᠢᠶ᠍ᠡᠯᠡᠩ᠂ ᠲᠡᠭᠰᠢ ᠪᠤᠯᠠᠭ ᠪᠠᠯᠭᠠᠰᠦ ᠵᠢᠨ ᠡᠮᠦᠨ᠎ᠠ ᠲᠤᠰᠬᠤᠨ ᠳᠤ ᠬᠦᠷᠴᠦ᠂ ᠬᠦᠳᠡᠭᠡ ᠳᠣᠰᠬᠣᠨ ᠤ ᠨᠠᠰᠤᠳᠠᠢᠢᠴᠣᠳ ᠢ ᠠᠰᠠᠷᠠᠬᠤ ᠰᠢᠨ᠎ᠠ ᠵᠠᠬᠪᠤᠷ ᠢ ᠨᠤᠳᠠᠯᠠᠵᠤ᠂ ᠠᠵᠤ ᠦᠢᠯᠡᠰ ᠤᠨ ᠬᠦᠭ᠍ᠵᠢᠯᠳᠡ ᠪᠡᠷ ᠶᠠᠳᠠᠭᠤ ᠡᠴᠡ ᠠᠩᠬᠢᠵᠢᠷᠠᠭᠤᠯᠦᠨ ᠴᠢᠨᠡᠭᠡᠯᠢᠭ᠍ᠵᠢᠭᠦᠯᠭᠦ ᠵᠢ ᠲᠠᠢᠢᠴᠢᠯᠠᠬᠰᠠᠨ ᠪᠠᠢᠢᠳᠠᠯ ᠢ ᠰᠢᠨᠵᠢᠯᠡᠨ ᠪᠠᠢᠢᠴᠠᠭᠠᠵᠠᠢ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠩᠭ᠋ᠤ ᠵᠢᠨ ᠬᠡᠰᠢᠭᠦᠨ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠪᠠᠢᠢᠩᠭ᠋ᠤ ᠵᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠪᠠᠷ᠎ᠠ ᠪᠤᠯᠪᠠ᠃

 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473368