蒙古文网站Logo
ᠰᠢᠨᠬᠤᠸᠠ ᠮᠤᠩᠭ᠋ᠤᠯ ᠨᠧᠲ

ᠰᠦᠨ ᠴᠦᠨ ᠯᠠᠨ ᠲᠦᠪ ᠤᠨ ᠲᠦᠯᠦᠭᠡᠯᠡᠬᠦ ᠪᠠᠭ ᠤᠨ ᠭᠤᠷᠪᠠᠳᠤᠭᠠᠷ ᠰᠠᠯᠪᠤᠷᠢ ᠶᠢ ᠲᠠᠭᠠᠭᠤᠯᠤᠨ ᠰᠢᠯᠢ ᠵᠢᠨ ᠭᠤᠤᠯ ᠠᠢᠢᠮᠠᠬ ᠲᠦ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠪᠡ

2017-08-12 17:05

    ᠰᠢᠨᠬᠤᠸᠠ ᠬᠤᠷᠢᠶ᠎ᠠ   ᠰᠢᠯᠢᠩᠬᠤᠲᠠ ᠶᠢᠨ ᠶᠢᠨ 8 ᠰᠠᠷ᠎᠎ᠠ ᠶᠢᠨ 11 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠭᠴᠢ ᠶᠠᠩ ᠡᠢ ᠵᠢᠶᠦ᠋ᠨ) ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠤ ᠰᠠᠢᠢᠨ ᠰᠠᠢᠢᠬᠠᠨ ᠬᠦᠰᠡᠯ ᠵᠦᠩᠨᠡᠯ ᠢ ᠡᠪᠤᠷᠯᠡᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠵᠢᠨ ᠲᠤᠪᠴᠢᠶ᠎ᠠ ᠵᠢᠨ ᠬᠡᠰᠢᠬᠦᠨ᠂ ᠲᠦᠪ ᠤᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠂ ᠲᠦᠪ ᠤᠨ ᠲᠦᠯᠦᠭᠡᠯᠡᠭᠴᠢᠳ ᠤᠨ ᠪᠠᠭ ᠤᠨ ᠲᠡᠳ᠋ ᠲᠠᠷᠤᠭ᠎ᠠ ᠰᠦᠨ ᠴᠦᠨ ᠯᠠᠨ 8 ᠰᠠᠷ᠎ᠠ ᠶᠢᠨ 11 ᠤ ᠡᠳᠦᠷ ᠲᠦᠯᠦᠭᠡᠯᠡᠬᠦ ᠪᠠᠭ ᠤᠨ ᠭᠤᠷᠪᠠᠳᠤᠭᠠᠷ ᠰᠠᠯᠪᠤᠷᠢ ᠶᠢ ᠲᠠᠭᠠᠭᠤᠯᠤᠨ ᠰᠢᠯᠢ ᠵᠢᠨ ᠭᠤᠤᠯ ᠠᠢᠢᠮᠠᠬ ᠲᠤ ᠬᠦᠷᠴᠤ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠵᠦ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠬᠠᠮᠳᠤᠪᠡᠷ ᠪᠡᠯᠬᠡᠯᠡᠪᠡ᠃

    11 ᠤ ᠦᠳᠡ ᠵᠢᠨ ᠡᠮᠦᠨ᠎ᠠ᠂ ᠰᠦᠨ ᠴᠦᠨ ᠯᠠᠨ ᠨᠠᠷ ᠳ᠋ᠠ ᠲᠠᠩ ᠪᠦᠯᠦᠭᠯᠡᠯ ᠤᠨ ᠰᠢᠯᠢᠩᠬᠤᠳᠠ ᠴᠠᠬᠢᠯᠭᠠᠨ ᠦᠢᠯᠡᠳᠪᠦᠷᠢ ᠳᠤ ᠬᠦᠷᠴᠤ ᠦᠢᠯᠡᠳᠪᠤᠷᠢ ᠶᠢᠨ ᠪᠦᠲᠦᠬᠡᠨ ᠪᠠᠢᠢᠭᠤᠯᠤᠯᠳᠠ ᠶᠢ ᠰᠢᠨᠵᠢᠯᠡᠨ ᠪᠠᠢᠢᠴᠠᠭᠠᠵᠦ᠂ ᠴᠠᠬᠢᠯᠭᠠᠨ ᠤ ᠦᠢᠯᠡᠳᠪᠦᠷᠢ ᠵᠢᠨ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠮᠡᠷᠬᠡᠵᠢᠯ ᠢ ᠬᠡᠷᠡᠭᠯᠡᠨ ᠨᠤᠳᠤᠭ ᠪᠡᠯᠴᠢᠭᠡᠷ ᠤᠨ ᠠᠮᠢ ᠠᠬᠤᠢ ᠵᠢᠨ ᠰᠠᠢᠢᠵᠢᠷᠠᠯᠳᠠ ᠵᠢ ᠠᠬᠢᠭᠤᠯᠵᠦ ᠪᠠᠢᠢᠭ᠎ᠠ ᠵᠢ ᠬᠦᠢᠴᠡᠳ ᠨᠤᠳᠠᠯᠠᠪᠠ᠃ ᠨᠡᠢᠢᠳᠡ ᠵᠢᠨ ᠦᠮᠴᠢᠯᠡᠯ ᠤᠨ ᠪᠤᠰᠤ ᠠᠵᠦ ᠠᠬᠤᠢᠢᠯᠠᠯ ᠳ᠋ᠠ ᠵᠤᠸᠠᠩ ᠶᠤᠸᠠᠨ ᠠᠮᠢ ᠠᠬᠤᠢ ᠵᠢᠨ ᠦᠬᠡᠷ ᠬᠤᠨᠢᠨ ᠤ ᠮᠢᠬ᠎ᠠ ᠶᠢᠨ ᠠᠵᠦ ᠦᠢᠯᠡᠰ ᠤᠨ ᠵᠢᠱᠢᠶ᠎ᠠ ᠦᠵᠡᠬᠦᠯᠬᠦ ᠬᠦᠷᠢᠶᠡᠯᠡᠩ ᠳ᠋ᠤ᠂ ᠰᠦᠨ ᠴᠦᠨ ᠯᠠᠨ ᠪᠠᠷᠢᠮᠵᠢᠶᠠᠵᠢᠬᠰᠠᠨ ᠬᠤᠨᠢᠨ ᠮᠢᠬ᠎ᠠ ᠡᠳ᠋ᠰᠢᠬᠦᠯᠦᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠱ᠋ᠤᠭᠤᠮ ᠢ ᠰᠢᠨᠵᠢᠯᠡᠨ ᠪᠠᠢᠢᠴᠠᠭᠠᠬᠤ ᠵᠢᠨ ᠬᠠᠮᠳᠤ ᠡᠨᠳᠡ ᠢᠷᠡᠵᠦ ᠬᠤᠨᠢ ᠪᠠᠨ ᠪᠤᠷᠤᠯᠠᠭᠤᠯᠵᠦ ᠪᠠᠢᠢᠭ᠎ᠠ ᠮᠠᠯᠴᠢᠳ ᠲᠠᠢ ᠲᠤᠳᠤᠨᠤ ᠪᠡᠷ ᠶᠠᠷᠢᠯᠴᠠᠵᠠᠢ᠃ ᠰᠦᠨ ᠴᠦᠨ ᠯᠠᠨ ᠰᠢᠯᠢᠩᠬᠤᠳᠠ ᠵᠢᠨ ᠪᠤᠯᠠᠭᠠᠨ ᠰᠤᠮᠤ ᠵᠢᠨ ᠮᠠᠯᠴᠢᠨ ᠪᠡ᠊ · ᠪᠠᠭᠠᠳᠤᠷ ᠤᠨ ᠬᠢᠨ ᠳ᠋ᠦ ᠬᠦᠷᠴᠦ ᠪᠤᠯᠭᠤᠭᠠᠨ ᠦᠵᠡᠪᠡ᠃ ᠲᠡᠷᠡ ᠮᠤᠩᠭ᠋ᠤᠯ ᠬᠡᠷ᠂ ᠠᠰᠠᠷ ᠲᠤᠨᠢ ᠤᠷᠤᠵᠦ᠂ ᠪᠡ᠊ · ᠪᠠᠭᠠᠳᠤᠷ ᠤᠨ ᠬᠢᠨ ᠤ ᠦᠢᠯᠡᠳᠪᠦᠷᠢᠯᠡᠯ ᠠᠮᠢᠳᠤᠷᠠᠯ ᠤᠨ ᠪᠠᠢᠢᠳᠠᠯ ᠢ ᠨᠠᠷᠢᠨ ᠠᠰᠠᠭᠤᠪᠠ᠃ ᠪᠡ᠊ · ᠪᠠᠭᠠᠳᠤᠷ ᠤᠨ ᠬᠢᠨ ᠠᠳᠤᠭᠤ ᠮᠠᠯᠵᠢᠵᠦ ᠤᠨᠴᠠᠯᠢᠬᠳᠤ ᠵᠢᠭᠤᠯᠴᠢᠯᠠᠯ ᠡᠷᠬᠢᠯᠡᠬᠦ ᠵᠡᠷᠬᠡᠪᠡᠷ ᠲᠠᠮᠵᠢᠨ ᠵᠢᠯ ᠤᠨ ᠤᠷᠤᠯᠭ᠎ᠠ ᠨᠢ ᠭᠡᠳᠤᠨ ᠠᠷᠪᠠᠨ ᠲᠦᠮᠡᠨ ᠲᠦᠬᠦᠷᠢᠭ᠌ ᠲᠦ ᠬᠦᠷᠴᠤ ᠪᠠᠢᠢᠭ᠎ᠠ ᠵᠢ ᠰᠤᠨᠤᠰᠤᠭᠠᠳ ᠰᠦᠨ ᠴᠦᠨ ᠯᠡᠨ ᠮᠠᠰᠢ ᠪᠠᠶᠠᠷᠯᠠᠵᠤ᠂ ᠲᠡᠬᠦᠨ ᠤ ᠮᠠᠯᠴᠢᠳ ᠵᠢᠡᠨ ᠲᠠᠭᠠᠭᠤᠯᠵᠤ ᠤᠷᠤᠯᠭ᠎ᠠ ᠪᠠᠨ ᠨᠡᠮᠡᠭᠳᠡᠬᠦᠯᠤᠨ ᠴᠢᠨᠡᠭᠡᠯᠢᠭ᠍ᠵᠢᠵᠦ ᠪᠠᠢᠢᠭ᠎ᠠ ᠵᠢ ᠮᠠᠬᠳᠠᠨ ᠰᠠᠶᠢᠰᠢᠶᠠᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠮᠠᠯᠴᠢᠳ ᠤᠨ ᠠᠮᠢᠳᠤᠷᠠᠯ ᠢ ᠮᠠᠰᠢ ᠬᠠᠯᠠᠮᠵᠢᠯᠠᠵᠦ ᠪᠣᠢ᠃ ᠲᠠᠨᠠᠷ ᠤᠨ ᠲᠦᠷᠦᠯ ᠲᠡᠮᠳᠡᠭ ᠪᠤᠢᠢᠵᠢᠭᠤᠯᠬᠤ ᠪᠠ ᠰᠢᠨ᠎ᠠ ᠵᠢ ᠡᠬᠦᠳᠬᠦ ᠲᠠᠯ᠎ᠠ ᠪᠡᠷ ᠦᠷᠬᠦᠯᠵᠢᠯᠡᠨ ᠠᠷᠭ᠎ᠠ ᠤᠬᠠᠭᠠᠨ ᠰᠦᠪᠡᠭ᠍ᠴᠢᠯᠡᠵᠦ᠂ ᠨᠡᠩ ᠰᠠᠢᠢᠬᠠᠨ ᠠᠮᠢᠳᠤᠷᠠᠬᠣ ᠶᠢ ᠬᠦᠰᠡᠵᠦ ᠪᠠᠢᠢᠨ᠎ᠠ ᠬᠡᠪᠠ᠃

    ᠦᠪᠦᠷ ᠮᠤᠩᠭ᠋ᠤᠯ ᠤᠨ ᠤᠯᠠᠨ ᠤᠯᠤᠰ ᠤᠨ ᠮᠤᠩᠭ᠋ᠤᠯ ᠡᠮᠨᠡᠯᠬᠡ ᠵᠢᠨ ᠬᠤᠷᠢᠶ᠎ᠠ ᠵᠢᠨ ᠰᠢᠯᠢᠩᠬᠤᠳᠠ ᠳ᠋ᠡᠬᠢ ᠬᠤᠪᠢᠶᠠᠷᠢ ᠬᠤᠷᠢᠶ᠎ᠠ ᠳ᠋ᠤ᠂ ᠰᠦᠨ ᠴᠦᠨ ᠯᠠᠨ ᠮᠤᠩᠭ᠋ᠤᠯ ᠡᠮᠨᠡᠯᠬᠡ ᠵᠢᠨ ᠡᠮᠴᠢᠯᠡᠭᠡᠨ ᠤ ᠮᠡᠷᠬᠡᠵᠢᠯ ᠢ ᠰᠢᠨᠵᠢᠯᠡᠨ ᠪᠠᠢᠢᠴᠠᠭᠠᠵᠦ ᠤᠢᠢᠯᠠᠭᠠᠬᠤ ᠶᠢᠨ ᠬᠠᠮᠳᠤ ᠡᠮᠴᠢ ᠰᠤᠪᠢᠯᠠᠬᠴᠢᠳ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠠ ᠵᠢ ᠡᠬᠦᠳᠬᠦ ᠵᠢ ᠤᠶᠠᠯᠳᠤᠭᠤᠯᠬᠤ᠂ ᠦᠨᠳᠦᠰᠦᠳᠡᠨ ᠨᠤᠬᠦᠳ ᠤᠨ ᠤᠯᠠᠨ ᠲᠦᠮᠡᠨ ᠤ ᠡᠷᠡᠬᠦᠯ ᠴᠢᠬᠢᠷᠠᠭ ᠲᠦ ᠨᠡᠩ ᠰᠠᠢᠢᠳᠤᠷ ᠦᠢᠯᠡᠴᠢᠯᠡᠭᠡᠷᠡᠢ ᠭᠡᠵᠤ ᠵᠤᠷᠢᠬᠵᠢᠭᠤᠯᠪᠠ᠃

    11 ᠤ ᠦᠳᠡ ᠶᠢᠨ ᠬᠤᠢᠢᠨ᠎ᠠ᠂ ᠰᠦᠨ ᠴᠦᠨ ᠯᠡᠨ ᠰᠢᠯᠢ ᠶᠢᠨ ᠭᠤᠤᠯ ᠠᠵᠢᠯ ᠮᠡᠷᠬᠡᠵᠢᠯ ᠤᠨ ᠲᠡᠭᠡᠳᠤ ᠰᠤᠷᠭᠠᠭᠤᠯᠢ ᠶᠢᠨ ᠴᠢ᠊ · ᠪᠤᠯᠠᠬ ᠤᠯᠠᠨ ᠤᠯᠤᠰ ᠤᠨ ᠮᠤᠷᠢᠨ ᠬᠤᠭᠤᠷ ᠤᠨ ᠲᠡᠭᠡᠳᠤ ᠰᠤᠷᠭᠠᠭᠤᠯᠢ᠂ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠵᠢᠨ ᠪᠤᠯᠪᠠᠰᠤᠷᠠᠯ ᠰᠢᠯᠭᠠᠯᠳᠠ ᠶᠢᠨ ᠰᠠᠭᠤᠷᠢᠨ ᠵᠢᠴᠢ ᠬᠤᠤᠰ ᠬᠡᠯᠡᠨ ᠤ ᠪᠤᠯᠪᠠᠰᠤᠷᠠᠯ ᠤᠨ ᠰᠠᠭᠤᠷᠢᠨ ᠳ᠋ᠤ ᠬᠦᠷᠴᠤ ᠪᠤᠯᠭᠤᠭᠠᠨ ᠦᠵᠡᠵᠤ ᠲᠤᠬᠤᠨᠢᠭᠤᠯᠤᠨ᠂ ᠦᠨᠳᠦᠰᠦᠳᠡᠨ ᠨᠤᠬᠦᠳ ᠤᠨ ᠤᠯᠠᠨ ᠲᠦᠮᠡᠨ ᠤ ᠦᠨᠳᠦᠰᠦᠳᠡᠨ ᠤ ᠰᠤᠶᠤᠯ ᠢᠶᠡᠨ ᠬᠠᠮᠠᠭᠠᠯᠠᠵᠣ ᠤᠯᠠᠮᠵᠢᠯᠠᠨ ᠵᠠᠯᠭᠠᠮᠵᠢᠯᠠᠬᠣ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠵᠢ ᠠᠭᠢᠭᠤᠯᠵᠦ ᠪᠠᠢᠢᠭ᠎ᠠ ᠶᠢ ᠬᠦᠢᠴᠡᠳ ᠨᠤᠳᠠᠯᠠᠪᠠ᠃ ᠠᠴᠢᠯᠠᠯ ᠮᠠᠯᠴᠢᠳ ᠤᠨ ᠨᠠᠰᠤᠳᠠᠢᠢᠴᠣᠳ ᠢ ᠠᠰᠠᠷᠠᠬᠤ ᠬᠦᠷᠢᠶ᠍ᠡᠯᠡᠩ ᠲᠤᠭᠤᠷᠢᠬ ᠲᠤ᠂ ᠰᠦᠨ ᠴᠦᠨ ᠯᠠᠨ ᠬᠤᠳᠠ ᠤᠷᠤᠵᠦ ᠦᠲᠡᠯᠦᠬᠡ ᠨᠠᠰᠤ ᠪᠠᠨ ᠦᠩᠬᠡᠷᠡᠬᠡᠵᠦ ᠪᠠᠢᠢᠭ᠎ᠠ ᠮᠠᠯᠴᠢᠳ ᠲᠠᠢ ᠲᠤᠳᠤᠨᠤ ᠪᠠᠷ ᠶᠠᠷᠢᠯᠴᠠᠵᠦ᠂ ᠲᠡᠳᠡᠨᠦᠰ ᠤᠨ ᠠᠮᠢᠳᠤᠷᠠᠯ ᠰᠠᠢᠢᠨ ᠡᠰᠡᠬᠦ᠂ ᠶᠠᠮᠠᠷ ᠬᠡᠷᠡᠭᠴᠡᠭᠡ ᠪᠠᠢᠢᠬᠣ ᠵᠢ ᠠᠰᠠᠭᠤᠵᠦ᠂ ᠲᠡᠳᠡᠨᠠᠷ ᠢ ᠤᠷᠳᠤ ᠨᠠᠰᠤᠯᠠᠵᠤ ᠤᠳᠠᠭᠠᠨ ᠵᠢᠷᠭᠠᠭᠠᠷᠠᠢ ᠭᠡᠵᠤ ᠵᠦᠩᠨᠡᠵᠠᠢ᠃

    ᠰᠦᠨ ᠴᠦᠨ ᠯᠠᠨ ᠰᠢᠯᠢ ᠵᠢᠨ ᠭᠤᠤᠯ ᠠᠢᠢᠮᠠᠬ ᠤᠨ ᠡᠯ᠎ᠠ ᠦᠨᠳᠦᠰᠦᠳᠡᠨ ᠡᠯ᠎ᠠ ᠡᠳᠡᠬᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠲᠠᠢ ᠠᠭᠤᠯᠵᠠᠬᠣ ᠵᠢᠨ ᠬᠠᠮᠳᠣ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠢ ᠶᠢ ᠪᠡᠯᠬᠡᠯᠡᠬᠦ ᠰᠢᠯᠢ ᠶᠢᠨ ᠭᠤᠤᠯ ᠠᠢᠢᠮᠠᠬ ᠤᠨ ᠶᠠᠷᠢᠯᠴᠠᠬᠤ ᠬᠤᠷᠠᠯ ᠳ᠋ᠤ ᠤᠷᠤᠯᠴᠠᠪᠡ᠃ ᠲᠡᠷᠡ᠂ ᠰᠢᠯᠢ ᠶᠢᠨ ᠭᠤᠤᠯ ᠠᠢᠢᠮᠠᠬ ᠤᠨ ᠲᠠᠤᠭᠡ ᠰᠤᠶᠤᠯ ᠦᠨᠢ ᠤᠳᠠᠭᠠᠨ᠂ ᠲᠠᠯ᠎ᠠ ᠨᠤᠲᠤᠬ ᠤᠨ ᠦᠩᠬᠡ ᠦᠵᠡᠮᠵᠢ ᠦᠵᠡᠰᠬᠦᠯᠠᠡᠭᠳᠤ ᠰᠠᠢᠢᠬᠠᠨ᠂ ᠦᠨᠳᠦᠰᠦᠳᠡᠨ ᠤ ᠵᠠᠩ ᠦᠢᠯᠡ ᠦᠳᠬᠡᠨ ᠵᠤᠵᠠᠭᠠᠨ᠂ ᠡᠯ᠎ᠠ ᠲᠠᠯ᠎ᠠ ᠵᠢᠨ ᠪᠦᠲᠦᠬᠡᠨ ᠪᠠᠢᠢᠭᠤᠯᠤᠯᠳᠠ ᠵᠢᠨ ᠠᠮᠵᠢᠯᠳᠠ ᠪᠦᠳᠤᠮᠵᠢ ᠢᠯᠡᠷᠬᠡᠢ ᠪᠠᠢᠢᠨ᠎ᠠ᠃ ᠤᠯᠠᠨ ᠵᠢᠡᠷ ᠵᠢᠡᠨ ᠶᠡᠷᠦᠩᠬᠡᠢ ᠱᠦᠵᠢ ᠰᠢ ᠵᠢᠨ ᠫᠢᠩ ᠤᠨ《7·26》 ᠤ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠣ᠂《 ᠲᠦᠷᠪᠡᠨ ᠤᠬᠠᠮᠰᠠᠷ 》 ᠢᠶᠡᠨ ᠦᠨᠡᠨᠬᠦ ᠴᠢᠩᠭ᠋ᠠᠳᠬᠠᠨ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠣᠭᠣᠳ ᠤᠨ ᠵᠤᠷᠢᠬ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠶᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠪᠡᠷ ᠲᠠᠷᠢᠬᠢ ᠲᠤᠯᠤᠭᠠᠢ ᠪᠠᠨ ᠵᠡᠪᠰᠡᠭᠯᠡᠨ ᠦᠢᠯᠡᠳᠦᠯᠬᠡ ᠪᠠᠨ ᠵᠢᠯᠤᠭᠤᠳᠤᠭᠤᠯᠵᠦ᠂《 ᠦᠵᠡᠰᠬᠦᠯᠡᠩᠳᠤ ᠰᠠᠢᠢᠬᠠᠨ ᠦᠪᠦᠷ ᠮᠤᠩᠭ᠋ᠤᠯ ᠢᠶᠡᠨ ᠪᠦᠲᠦᠬᠡᠨ ᠪᠠᠢᠢᠭᠤᠯᠵᠦ ᠠᠭᠤᠤ ᠶᠡᠬᠡ ᠲᠤᠮᠳᠠᠳᠤ ᠵᠢᠨ ᠮᠦᠷᠦᠭᠡᠳᠦᠯ ᠢᠶᠡᠨ ᠬᠠᠮᠳᠤᠪᠡᠷ ᠲᠡᠷᠭᠡᠯᠰᠢᠬᠦᠯᠬᠦ 》ᠱᠠᠭᠠᠷᠳᠠᠯᠭ᠎ᠠ ᠶᠤᠰᠤᠭᠠᠷ ᠠᠵᠦ ᠠᠬᠤᠢ ᠵᠢᠨ ᠬᠦᠭ᠍ᠵᠢᠯᠳᠡ ᠰᠢᠨ᠎ᠠ ᠲᠡᠭᠳᠡᠷ ᠲᠤ ᠭᠠᠷᠬᠤ᠂ ᠠᠷᠠᠳ ᠤᠨ ᠠᠮᠢᠳᠤᠷᠠᠯ ᠤᠨ ᠰᠠᠢᠢᠵᠢᠷᠠᠯᠳᠠ ᠰᠢᠨ᠎ᠠ ᠲᠦᠪᠰᠢᠨ ᠳ᠋ᠤ ᠬᠦᠷᠬᠦ᠂ ᠠᠮᠢ ᠠᠬᠤᠢ ᠶᠢᠨ ᠪᠦᠲᠦᠬᠡᠨ ᠪᠠᠢᠢᠭᠤᠯᠤᠯᠳᠠ ᠶᠢᠨ ᠰᠢᠨ᠎ᠠ ᠪᠠᠢᠢᠳᠠᠯ ᠢ ᠡᠬᠦᠳᠬᠦ᠂ ᠦᠨᠳᠦᠰᠦᠳᠡᠨ ᠤ ᠪᠦᠯᠬᠦᠮᠳᠡᠯ ᠤᠨ ᠰᠢᠨ᠎ᠠ ᠬᠦᠭ᠍ᠵᠢᠯᠳᠡ ᠵᠢ ᠪᠡᠶᠡᠯᠡᠭᠦᠯᠬᠦ ᠠᠵᠢᠯ ᠢ ᠠᠬᠢᠭᠤᠯᠵᠤ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠨᠡᠩ ᠦᠵᠡᠰᠬᠦᠯᠡᠩᠳᠤ ᠰᠠᠢᠢᠬᠠᠨ ᠮᠠᠷᠭᠠᠰᠢ ᠶᠢ ᠡᠬᠦᠳᠦᠨ ᠴᠤᠭᠴᠠᠯᠠᠬᠤ ᠶᠢ ᠬᠦᠰᠡᠵᠦ ᠪᠠᠢᠢᠨ᠎ᠠ ᠬᠡᠪᠡ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠸᠨ ᠶᠠ ᠫᠢᠩ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠩᠭ᠋ᠤ ᠵᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠪᠠᠷ᠎ᠠ ᠪᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473376