蒙古文网站Logo
ᠰᠢᠨᠬᠤᠸᠠ ᠮᠤᠩᠭ᠋ᠤᠯ ᠨᠧᠲ

ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠳᠦᠭᠡᠷ ᠰᠠᠯᠪᠤᠷᠢ ᠪᠠᠭ ᠢ ᠲᠠᠭᠠᠭᠤᠯᠤᠨ ᠲᠦᠩᠯᠢᠶᠤᠤ ᠳ᠋ᠤ ᠬᠦᠷᠴᠦ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-12 17:05

    ᠰᠢᠨᠬᠤᠸᠠ ᠬᠤᠷᠢᠶ᠎ᠠ   ᠲᠦ᠋ᠩᠯᠢᠶᠤᠤ ᠶᠢᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢᠦ ᠡᠢ ᠳ᠋ᠸ) 8 ᠰᠠᠷ᠎ᠠ ᠶᠢᠨ 11 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠵᠢᠨ ᠬᠤᠷᠢᠶ᠎ᠠ ᠵᠢᠨ ᠲᠡᠳ᠋ ᠬᠣᠷᠢᠶᠠᠨ ᠲᠠᠷᠤᠭ᠎ᠠ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠳᠦᠭᠡᠷ ᠰᠠᠯᠪᠤᠷᠢ ᠪᠠᠭ ᠢ ᠲᠠᠭᠠᠭᠤᠯᠤᠨ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠬᠦᠨ ᠵᠤᠵᠠᠭᠠᠨ ᠬᠠᠢᠢᠷ᠎ᠠ ᠰᠡᠳᠬᠢᠯᠭᠡ ᠶᠢ ᠡᠪᠤᠷᠯᠡᠨ ᠲᠦᠩᠯᠢᠶᠤᠤ ᠳᠤ ᠬᠦᠷᠴᠤ᠂ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ᠃

    ᠵᠠᠩ ᠫᠢᠩ ᠨᠠᠷ ᠬᠤᠷᠴᠢᠨ ᠤ ᠪᠤᠬᠢᠷᠳᠤᠯ ᠦᠬᠡᠢ ᠢᠳᠡᠬᠡᠨ ᠤ ᠠᠵᠤ ᠦᠢᠯᠡᠳᠪᠦᠷᠢ ᠵᠢᠨ ᠬᠦᠷᠢᠶᠡᠯᠡᠩ ᠲᠤᠭᠤᠷᠢᠬ ᠢᠶᠡᠷ ᠰᠢᠨᠵᠢᠯᠡᠨ ᠪᠠᠢᠢᠴᠠᠭᠠᠵᠤ᠂ ᠢᠳᠡᠭᠡᠨ ᠤ ᠠᠮᠤᠷ ᠲᠦᠪᠰᠢᠨ ᠢ ᠪᠦᠬᠦ ᠬᠦᠴᠦᠨ ᠢᠶᠡᠷ ᠪᠠᠳᠤᠯᠠᠵᠣ᠂ ᠤᠯᠠᠨ ᠢᠶᠡᠷ ᠢᠶᠡᠨ ᠦᠢᠯᠡᠰ ᠪᠤᠰᠬᠠᠵᠤ ᠨᠠᠢᠢᠳᠠ ᠪᠠᠷ ᠢᠶᠡᠨ ᠰᠢᠨ᠎ᠠ ᠵᠢ ᠡᠬᠦᠳᠬᠦ ᠰᠢᠨ᠎ᠠ ᠵᠠᠮ ᠢ ᠢᠳᠡᠪᠬᠢᠳᠡᠢ ᠨᠡᠭᠡᠭᠡᠬᠦ ᠭᠡᠷᠡᠭᠳᠡᠢ ᠭᠡᠵᠤ ᠱ᠋ᠠᠭᠠᠷᠳᠠᠪᠠ᠃ ᠲᠦᠩᠯᠢᠶᠤᠤ ᠵᠢᠨ 42 ᠲᠦᠮᠡᠨ ᠮᠦ ᠵᠢᠨ ᠰᠦᠯᠢᠶᠤᠤ ᠪᠦᠷᠬᠦᠪᠴᠢ ᠵᠢᠨ ᠳᠣᠣᠭᠣᠷ ᠲᠤᠰᠤᠯᠭᠠᠨ ᠤᠰᠤᠯᠠᠬᠤ ᠡᠷᠳᠠᠨᠢ ᠰᠢᠰᠢ ᠶᠢᠨ ᠲᠠᠷᠢᠮᠠᠯ ᠤᠨ ᠲᠦᠷᠦᠯ ᠵᠦᠢᠯ ᠤᠨ ᠲᠤᠭᠤᠷᠢᠬ ᠲᠤ᠂ ᠵᠠᠩ ᠫᠢᠩ ᠲᠠᠷᠢᠮᠠᠯ ᠤᠨ ᠡᠷᠦᠬᠡ ᠵᠢᠨ ᠬᠢᠨ ᠲᠠᠢ ᠲᠤᠳᠤᠨᠤ ᠪᠡᠷ ᠶᠠᠷᠢᠯᠴᠠᠨ ᠤᠳᠤ ᠦᠶ᠎ᠠ ᠵᠢᠨ ᠲᠠᠷᠢᠶᠠᠯᠠᠩ ᠢ ᠶᠡᠬᠡᠪᠡᠷ ᠬᠦᠭ᠍ᠵᠢᠬᠦᠯᠵᠤ᠂ ᠲᠠᠷᠢᠶᠠᠯᠠᠩ ᠤᠰᠤᠨ ᠠᠰᠢᠬᠯᠠᠯᠳᠠ ᠵᠢᠨ ᠰᠠᠭᠤᠷᠢ ᠲᠦᠬᠦᠬᠡᠷᠦᠮᠵᠢ ᠵᠢᠨ ᠪᠦᠳᠦᠬᠡᠨ ᠪᠠᠢᠢᠭᠤᠯᠤᠯᠳᠠ ᠵᠢ ᠴᠢᠡᠭᠭᠠᠳᠬᠠᠨ ᠲᠠᠷᠢᠶᠠᠴᠢᠨ ᠤ ᠤᠷᠤᠯᠭ᠎ᠠ ᠵᠢ ᠨᠡᠮᠡᠭᠳᠡᠭᠦᠯᠵᠤ᠂ ᠲᠠᠷᠢᠶᠠᠯᠠᠩ ᠤᠨ ᠤᠨᠠᠯᠳᠠ ᠵᠢ ᠲᠠᠬᠡᠭ᠍ᠰᠢᠯᠡᠬᠦᠯᠦᠨ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠳ᠋ᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃

    ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠵᠠᠷᠤᠳ ᠰᠠᠩ ᠭᠠᠴᠠᠭᠠ ᠳ᠋ᠤ᠂ ᠵᠠᠩ ᠫᠢᠩ ᠶᠠᠳᠠᠭᠤ ᠡᠴᠨ ᠪᠠᠨ ᠠᠩᠬᠢᠵᠢᠷᠠᠵᠤ ᠴᠢᠨᠡᠭᠡᠯᠢᠭ᠍ᠵᠢᠭᠰᠡᠨ ᠲᠠᠭᠠᠭᠤᠯᠤᠬᠴᠢ ᠭᠦᠸᠸ ᠱᠤᠸᠠᠩ ᠴᠢᠤᠸᠠᠨ ᠤ ᠬᠢᠨ ᠲᠠᠢ ᠰᠡᠳᠬᠢᠯ ᠤᠨ ᠦᠭᠡ ᠪᠠᠨ ᠲᠡᠯᠭᠡᠵᠤ᠂ ᠶᠠᠳᠠᠭᠤ ᠡᠴᠨ ᠠᠩᠬᠢᠵᠢᠷᠠᠭᠤᠯᠬᠤ ᠠᠵᠢᠯ ᠢ ᠠᠬᠢᠭᠤᠯᠤᠨ ᠴᠢᠨᠡᠭᠡᠯᠢᠭ᠌ ᠢ ᠪᠡᠶᠡᠯᠡᠭᠦᠯᠬᠦ ᠶᠢᠨ ᠦᠨᠳᠦᠰᠦᠨ ᠵᠦᠢᠯ ᠨᠢ ᠲᠤᠳᠤᠭᠠᠳᠤ ᠵᠢᠨ ᠬᠦᠳᠡᠯᠬᠡᠭ᠍ᠴᠢ ᠬᠦᠴᠦᠨ ᠢᠶᠡᠨ ᠴᠢᠩᠭ᠋ᠠᠳᠬᠠᠵᠤ᠂ ᠬᠦᠭ᠍ᠵᠢᠯᠳᠡ ᠶᠢᠨ ᠠᠬᠢᠴᠠ ᠪᠠᠨ ᠲᠦᠷᠬᠡᠳᠬᠡᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠤᠯᠠᠨ ᠲᠦᠮᠡᠨ ᠢ ᠲᠠᠭᠠᠭᠤᠯᠤᠨ ᠶᠠᠳᠠᠭᠤ ᠡᠴᠨ ᠨᠢ ᠠᠩᠬᠢᠵᠢᠷᠠᠭᠤᠯᠤᠨ ᠴᠢᠨᠡᠭᠡᠯᠢᠭ᠍ᠵᠢᠭᠦᠯᠬᠦ ᠳᠤ ᠪᠠᠢᠢᠨ᠎ᠠ ᠭᠡᠵᠤ ᠴᠢᠬᠤᠯᠠᠴᠢᠯᠠᠵᠠᠢ᠃

    ᠹᠦ᠋ ᠶᠤᠤ ᠰᠢᠯ ᠤᠨ ᠦᠢᠯᠡᠰ ᠤᠨ ᠲᠦᠩᠯᠢᠶ᠍ᠤᠤ ᠵᠢᠨ ᠺᠤᠮᠫᠠᠨᠢ ᠳ᠋ᠤ ᠵᠠᠩ ᠫᠢᠩ᠂ ᠰᠢᠨ᠎ᠠ ᠬᠦᠭ᠍ᠵᠢᠯᠳᠡ ᠵᠢᠨ ᠤᠢᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠨ ᠬᠠᠩᠭᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠢᠢᠷᠡᠬᠦᠯᠵᠦ᠂ ᠠᠵᠤ ᠠᠬᠤᠢ ᠶᠢᠨ ᠦᠷ᠎ᠠ ᠠᠰᠢᠬ᠂ ᠨᠡᠢᠢᠬᠡᠮ ᠤᠨ ᠦᠷ᠎ᠠ ᠠᠰᠢᠬ ᠪᠤᠯᠤᠨ ᠠᠮᠢ ᠠᠬᠤᠢ ᠵᠢᠨ ᠦᠷ᠎ᠠ ᠠᠰᠢᠬ ᠤᠨ ᠨᠢᠬᠡᠳᠦᠯ ᠢ ᠪᠡᠶᠡᠯᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃ ᠵᠠᠩ ᠫᠢᠩ ᠦᠪᠦᠷ ᠮᠤᠩᠭ᠋ᠤᠯ ᠤᠨ ᠦᠨᠳᠦᠰᠦᠳᠡᠨ ᠤ ᠶᠡᠬᠡ ᠰᠤᠷᠭᠠᠭᠤᠯᠢ ᠳ᠋ᠤ ᠮᠤᠩᠭ᠋ᠤᠯ ᠡᠮ ᠡᠮᠨᠡᠯᠬᠡ ᠵᠢᠨ ᠬᠠᠮᠢᠶ᠎ᠠ ᠪᠦᠬᠦᠢ ᠪᠠᠢᠢᠳᠠᠯ ᠢ ᠤᠢᠢᠯᠠᠭᠠᠬᠰᠠᠨ ᠤ ᠲᠠᠷᠠᠭ᠎ᠠ ᠮᠤᠩᠭ᠋ᠤᠯ ᠡᠮ ᠡᠮᠨᠡᠯᠬᠡ ᠪᠤᠯ ᠲᠤᠮᠳᠠᠳᠤ ᠵᠢᠨ ᠦᠨᠳᠦᠰᠦᠳᠡᠨ ᠤ ᠨᠢᠭᠡᠨ ᠡᠷᠳᠡᠨᠢᠳᠤ ᠬᠦᠮᠦᠷᠬᠡ ᠪᠣᠯᠣᠨ᠎ᠠ᠂ ᠰᠠᠢᠢᠳᠤᠷ ᠬᠠᠮᠠᠭᠠᠯᠠᠨ ᠰᠠᠢᠢᠳᠤᠷ ᠤᠯᠠᠮᠵᠢᠯᠠᠨ ᠵᠠᠯᠭᠠᠮᠵᠢᠯᠠᠵᠤ ᠰᠠᠢᠢᠳᠤᠷ ᠬᠦᠭ᠍ᠵᠢᠬᠦᠯᠵᠦ᠂ ᠤᠯᠠᠨ ᠲᠦᠮᠡᠨ ᠤ ᠡᠷᠡᠬᠦᠯ ᠴᠢᠬᠢᠷᠠᠬ ᠪᠤᠶᠠᠨ ᠵᠢᠷᠭᠠᠯ ᠳ᠋ᠦ ᠨᠡᠩ ᠰᠠᠶᠢᠲᠤᠷ ᠦᠢᠯᠡᠴᠢᠯᠡᠬᠦ ᠬᠡᠷᠡᠭᠳᠡᠢ ᠬᠡᠪᠠ᠃

    ᠲᠦᠯᠦᠭᠡᠯᠡᠬᠦ ᠪᠠᠭ ᠤᠨ ᠬᠢᠨ ᠲᠤᠬᠠᠢ ᠵᠢᠨ ᠭᠠᠵᠠᠷ ᠤᠨ ᠡᠯ᠎ᠠ ᠦᠨᠳᠦᠰᠦᠳᠡᠨ ᠡᠯ᠎ᠠ ᠡᠳᠡᠬᠡᠳ ᠤᠨ ᠺᠠᠳ᠋ᠷ ᠤᠯᠠᠨ ᠲᠦᠮᠡᠨ ᠤ ᠲᠦᠯᠦᠬᠡᠯᠡᠭᠴᠢᠳ ᠲᠠᠢ ᠠᠭᠤᠯᠵᠠᠬᠣ ᠵᠢᠨ ᠬᠠᠮᠳᠣ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠡᠯᠬᠡᠯᠡᠬᠦ ᠲᠦᠩᠯᠢᠶᠤᠤ ᠬᠤᠳᠠ ᠵᠢᠨ ᠶᠠᠷᠢᠯᠴᠠᠬᠤ ᠬᠤᠷᠠᠯ ᠳ᠋ᠤ ᠤᠷᠤᠯᠴᠠᠵᠠᠢ᠃ ᠵᠠᠩ ᠫᠢᠩ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠤᠨ《7·26》 ᠤ ᠴᠢᠬᠤᠯᠠ ᠶᠠᠷᠢᠶ᠎ᠠ ᠵᠢᠨ ᠵᠤᠷᠢᠬ ᠰᠠᠨᠠᠭ᠎ᠠ ᠵᠢ ᠬᠢᠨᠠᠮᠠᠭᠠᠢ ᠰᠤᠷᠤᠯᠴᠠᠨ ᠨᠠᠢᠢᠳᠠᠪᠤᠷᠢᠵᠢᠭᠤᠯᠵᠤ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠪᠡᠷ ᠰᠢᠨ᠎ᠠ ᠭᠠᠷᠤᠭ᠎ᠠ ᠪᠠᠨ ᠪᠤᠯᠭᠠᠨ ᠠᠵᠤ ᠠᠬᠤᠢ ᠶᠢᠨ ᠪᠦᠳᠦᠴᠡ ᠳ᠋ᠦ ᠲᠤᠬᠢᠷᠠᠭᠤᠯᠤᠯᠳᠠ ᠬᠢᠬᠦ ᠠᠬᠢᠴᠠ ᠪᠠᠨ ᠲᠦᠷᠬᠡᠳᠬᠡᠵᠤ᠂ ᠤᠨᠴᠠᠯᠢᠬᠳᠤ ᠠᠵᠤ ᠦᠢᠯᠡᠰ ᠢ ᠢᠳᠡᠪᠬᠢᠳᠡᠢ ᠬᠦᠭ᠍ᠵᠢᠬᠦᠯᠬᠦ ᠬᠡᠷᠡᠭᠳᠡᠢ; ᠦᠨᠳᠦᠰᠦᠨ ᠤᠯᠠᠨ ᠨᠡᠢᠢᠳᠡ ᠵᠢᠨ ᠦᠢᠯᠡᠴᠢᠯᠡᠬᠡ ᠵᠢ ᠶᠡᠬᠡᠪᠡᠷ ᠬᠦᠭ᠍ᠵᠢᠬᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠢᠢᠵᠢᠷᠠᠭᠤᠯᠬᠤ ᠬᠡᠷᠡᠭᠳᠡᠢ; ᠦᠨᠳᠦᠰᠦᠳᠡᠨ ᠨᠤᠬᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠣ᠂ ᠦᠨᠳᠦᠰᠦᠳᠡᠨ ᠨᠤᠬᠦᠳ ᠤᠨ ᠶᠡᠬᠡ ᠪᠦᠯᠬᠦᠮᠳᠡᠯ ᠢ ᠪᠡᠬᠢᠵᠢᠬᠦᠯᠬᠦ ᠬᠡᠷᠡᠭᠳᠡᠢ; ᠠᠮᠢ ᠠᠬᠤᠢ ᠵᠢᠨ ᠪᠤᠯᠪᠠᠰᠤᠨ ᠤ ᠪᠠᠢᠢᠭᠤᠯᠤᠯᠳᠠ ᠵᠢ ᠬᠦᠴᠦᠯᠡᠨ ᠴᠢᠩᠭ᠋ᠠᠳᠬᠠᠵᠤ᠂ ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ ᠵᠢᠨ ᠠᠮᠤᠷ ᠲᠦᠪᠰᠢᠨ ᠤ ᠬᠠᠯᠬᠠᠪᠴᠢ ᠵᠢ ᠪᠠᠳᠣ ᠴᠤᠬᠴᠠᠯᠠᠵᠤ᠂ ᠡᠯ᠎ᠠ ᠵᠦᠢᠯ ᠤᠨ ᠦᠢᠯᠡᠰ ᠤᠨ ᠬᠦᠭ᠍ᠵᠢᠯᠳᠡ ᠵᠢᠨ ᠰᠢᠨ᠎ᠠ ᠠᠮᠵᠢᠯᠳᠠ ᠪᠡᠷ ᠢᠶᠡᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠳᠠ ᠳᠠᠢ ᠬᠤᠷᠠᠯᠳᠤᠬᠤ ᠵᠢ ᠤᠬᠳᠤᠬᠤ ᠬᠡᠷᠡᠭᠳᠡᠢ ᠬᠡᠵᠦ ᠴᠢᠬᠤᠯᠠᠴᠢᠯᠠᠪᠠ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ ᠠ ᠵᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠵᠢᠨ ᠬᠤᠷᠢᠶ᠎ᠠ ᠶᠢᠨ ᠱᠦᠵᠢ ᠯᠢ ᠵᠢᠶᠠ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠢᠢᠩᠭ᠋ᠤ ᠵᠢᠨ ᠬᠡᠰᠢᠬᠦᠨ᠂ ᠲᠦᠩᠯᠢᠶᠤᠤ ᠬᠤᠳᠠ ᠵᠢᠨ ᠨᠠᠮ ᠤᠨ ᠬᠤᠷᠢᠶ᠎ᠠ ᠵᠢᠨ ᠱᠦᠵᠢ ᠯᠢ ᠵᠢᠶᠸ ᠰᠢᠶᠠᠩ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠵᠢᠨ ᠬᠤᠷᠢᠶ᠎ᠠ ᠵᠢᠨ ᠨᠠᠮ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ᠂ ᠪᠠᠢᠢᠩᠭ᠋ᠤ ᠵᠢᠨ ᠲᠡᠳ᠋ ᠡᠷᠬᠢᠯᠡᠭᠴᠢ ᠬᠤᠷᠴᠠ ᠪᠠᠷ᠎ᠠ ᠪᠤᠯᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473396