蒙古文网站Logo
ᠰᠢᠨᠬᠤᠸᠠ ᠮᠤᠩᠭ᠋ᠤᠯ ᠨᠧᠲ

ᠲᠦᠪ ᠤᠨ ᠲᠦᠯᠦᠭᠡᠯᠡᠬᠦ ᠪᠠᠭ ᠦᠪᠦᠷ ᠮᠣᠩᠭᠣᠯ ᠡᠴᠡ ᠪᠡᠭᠡᠵᠢᠩ ᠳᠤ ᠪᠡᠨ ᠪᠤᠴᠠᠪᠠ

2017-08-12 18:01

    ᠰᠢᠨᠬᠤᠸᠠ ᠬᠤᠷᠢᠶ᠎ᠠ   ᠪᠡᠭᠡᠵᠢᠩ ᠤᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠿᠦᠩ ᠴᠢ ᠬᠠᠨ᠂ ᠶᠠᠩ ᠸᠸᠢ ᠬᠠᠨ) ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠵᠢᠨ ᠲᠤᠪᠴᠢᠶ᠎ᠠ ᠶᠢᠨ ᠪᠠᠢᠢᠡᠭᠭᠤ ᠵᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠵᠢᠨ ᠵᠦᠪᠯᠡᠯᠭᠡᠨ ᠤ ᠲᠡᠷᠢᠭᠦᠯᠡᠭᠴᠢ ᠢᠤᠢ ᠵᠸᠡᠭ ᠱ᠋ᠸᠡᠭ ᠢᠶᠡᠷ ᠪᠠᠭ ᠤᠨ ᠳᠠᠷᠤᠭ᠎ᠠ ᠪᠤᠯᠭᠠᠭᠰᠠᠨ ᠲᠦᠪ ᠤᠨ ᠲᠦᠯᠦᠭᠡᠯᠡᠬᠦ ᠪᠠᠭ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠤᠷᠤᠯᠴᠠᠵᠤ᠂ ᠦᠪᠦᠷ ᠮᠣᠩᠭᠣᠯ ᠤᠨ ᠡᠯ᠎ᠠ ᠦᠨᠳᠦᠰᠦᠲᠡᠨ ᠤ ᠺᠠᠳ᠋ᠷ ᠤᠯᠠᠨ ᠲᠦᠮᠡᠨ ᠢ ᠲᠤᠬᠤᠨᠢᠭᠤᠯᠵᠤ᠂ ᠲᠤᠬᠠᠢ ᠶᠢᠨ ᠭᠠᠵᠠᠷ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠤ ᠳᠠᠷᠠᠭ᠎ᠠ 11 ᠤ ᠤᠷᠤᠢ ᠲᠤᠰ ᠲᠤᠰ ᠦᠪᠦᠷ ᠮᠣᠩᠭᠣᠯ ᠤᠨ ᠤᠯᠠᠨ ᠭᠠᠵᠠᠷ ᠡᠴᠡ ᠮᠤᠷᠳᠠᠵᠤ ᠪᠡᠭᠡᠵᠢᠩ ᠳᠤ ᠪᠡᠨ ᠪᠤᠴᠠᠯ᠎ᠠ᠃

    ᠲᠦᠪ ᠤᠨ ᠲᠦᠯᠦᠭᠡᠯᠡᠬᠦ ᠪᠠᠭ 8 ᠰᠠᠷ᠎ᠠ ᠶᠢᠨ 7 ᠤ ᠡᠳᠦᠷ ᠪᠡᠭᠡᠵᠢᠩ ᠡᠴᠡ ᠬᠦᠬᠡᠬᠤᠲᠠ ᠳᠤ ᠢᠷᠡᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠤᠷᠤᠯᠴᠠᠵᠠᠢ᠃ ᠬᠡᠳᠦᠨ ᠡᠳᠦᠷ ᠤᠨ ᠲᠤᠷᠰᠢ᠂ ᠲᠦᠪ ᠤᠨ ᠲᠦᠯᠦᠭᠡᠯᠡᠬᠦ ᠪᠠᠭ ᠰᠢ ᠵᠢᠨ ᠫᠢᠡᠭ ᠨᠦᠭᠦᠷ ᠵᠢᠡᠷ ᠭᠤᠤᠯ ᠪᠤᠯᠭᠠᠬᠰᠨᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠦᠪᠦᠷ ᠮᠣᠩᠭᠣᠯ ᠤᠨ ᠠᠷᠠᠳ ᠲᠦᠮᠡᠨ ᠳᠤ ᠬᠦᠷᠭᠡᠵᠤ᠂ ᠲᠤᠬᠠᠢ ᠶᠢᠨ ᠭᠠᠵᠠᠷ ᠤᠨ ᠬᠠᠯᠠᠭᠤᠨ ᠤᠭᠳᠤᠯᠭ᠎ᠠ ᠶᠢ ᠤᠯᠤᠭᠰᠠᠨ ᠪᠠᠶᠢᠨ᠎ᠠ᠃

    11 ᠤ ᠡᠳᠦᠷ᠂ ᠢᠦᠢ ᠵᠧᠩ ᠱᠧᠩ ᠤᠨ ᠳᠠᠭᠠᠭᠤᠯᠤᠭᠰᠠᠨ ᠲᠦᠪ ᠤᠨ ᠲᠦᠯᠦᠭᠡᠯᠡᠬᠦ ᠪᠠᠭ ᠤᠨ ᠨᠢᠭᠡᠳᠦᠭᠡᠷ ᠰᠠᠯᠪᠤᠷᠢ ᠪᠠᠭ ᠬᠢᠩᠭ᠋ᠠᠨ ᠠᠶᠢᠮᠠᠭ ᠡᠴᠡ ᠪᠡᠭᠡᠵᠢᠩ ᠳᠤ ᠪᠡᠨ ᠪᠤᠴᠠᠬᠤ ᠦᠶ᠎ᠠ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠯ᠎ᠠ ᠦᠨᠳᠦᠰᠦᠲᠡᠨ ᠡᠯ᠎ᠠ ᠡᠲᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠤᠯᠠᠭᠠᠨᠬᠤᠲᠠ ᠨᠢᠰᠬᠦ ᠤᠩᠭ᠋ᠤᠴᠠᠨ ᠤ ᠪᠠᠭᠤᠳᠠᠯ ᠳᠤ ᠬᠦᠷᠴᠤ ᠮᠤᠷᠳᠠᠭᠤᠯᠪᠠ᠃ ᠲᠦᠪ ᠤᠨ ᠲᠦᠯᠦᠭᠡᠯᠡᠬᠦ ᠪᠠᠭ ᠤᠨ ᠪᠤᠰᠤᠳ ᠭᠤᠷᠪᠠᠨ ᠰᠠᠯᠪᠤᠷᠢ ᠪᠠᠭ ᠴᠤ ᠲᠤᠰ ᠡᠳᠦᠷ ᠤᠯᠠᠭᠠᠨᠴᠠᠪ᠂ ᠰᠢᠯᠢᠩᠬᠤᠲᠠ᠂ ᠲᠦᠩᠯᠢᠶᠤᠤ ᠡᠴᠡ ᠨᠢᠰᠬᠦ ᠤᠩᠭ᠋᠋ᠤᠴᠠ ᠪᠡᠷ ᠪᠡᠭᠡᠵᠢᠩ ᠳᠤ ᠪᠡᠨ ᠪᠤᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473483