蒙古文网站Logo
ᠰᠢᠨᠬᠤᠸᠠ ᠮᠤᠩᠭ᠋ᠤᠯ ᠨᠧᠲ

ᠮᠠᠨ ᠤ ᠴᠡᠷᠢᠭ᠌ ᠡᠨᠡ ᠵᠢᠯ ᠡᠴᠡ ᠡᠬᠢᠯᠡᠨ ᠬᠤᠯᠪᠤᠭᠠᠯᠠᠭᠰᠠᠨ ᠪᠠᠶᠢᠷᠢᠨ ᠤ ᠡᠷᠬᠡ ᠶᠢᠨ ᠰᠤᠷᠭᠠᠯᠳᠠ ᠬᠢᠨ᠎ᠡ

2017-09-07 11:29

    ᠰᠤᠷᠪᠤᠯᠵᠢᠯᠠᠭᠴᠢ ᠰᠠᠶ᠊ᠢᠬᠠᠨ ᠴᠡᠷᠢᠭ᠌ ᠤᠨ ᠶᠠᠪᠤᠳᠠᠯ ᠤᠨ ᠬᠤᠷᠢᠶ᠎ᠠ ᠵᠡᠷᠬᠡ ᠬᠠᠮᠢᠶ᠎ᠠ ᠪᠦᠬᠦᠢ ᠪᠠᠶᠢᠭᠤᠯᠤᠯᠭ᠎ᠠ ᠡᠴᠡ ᠤᠶᠢᠯᠠᠭᠠᠭᠰᠠᠨ ᠢᠶᠡᠷ᠂ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠬᠤᠯᠪᠤᠭᠠᠯᠠᠭᠰᠠᠨ ᠳᠠᠶᠢᠨ ᠢ ᠺᠤᠮᠠᠨᠳᠠᠯᠠᠬᠤ ᠴᠢᠳᠠᠪᠤᠷᠢᠳᠠᠨ ᠰᠤᠩᠭᠤᠨ ᠳᠡᠪᠰᠢᠬᠦᠯᠵᠤ ᠮᠡᠷᠬᠡᠵᠢᠯ ᠢ ᠨᠢ ᠳᠡᠬᠡᠭᠰᠢᠯᠡᠬᠦᠯᠬᠦ ᠶᠢᠨ ᠳᠦᠯᠦᠬᠡ᠂ ᠡᠨᠡ ᠵᠢᠯ ᠡᠴᠡ ᠡᠬᠢᠯᠡᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠬᠡ ᠰᠤᠷᠭᠠᠭᠤᠯᠢ ᠳᠤ ᠳᠦᠰᠢᠭᠯᠡᠨ ᠬᠤᠯᠪᠤᠭᠠᠯᠠᠭᠰᠠᠨ ᠪᠠᠶᠢᠷᠢᠨ ᠤ ᠡᠷᠬᠡ ᠶᠢᠨ ᠰᠤᠷᠭᠠᠯᠳᠠ ᠬᠢᠬᠦ ᠪᠡᠷ ᠪᠤᠯᠤᠯ᠎ᠠ᠃ ᠡᠨᠡ ᠵᠢᠯ ᠤᠨ 10 ᠰᠠᠷ᠎ᠠ ᠡᠴᠡ ᠢᠷᠡᠬᠦ ᠵᠢᠯ ᠤᠨ 7 ᠰᠠᠷ᠎ᠠ ᠪᠤᠯᠳᠠᠯ᠎ᠠ ᠶᠠᠪᠤᠭᠳᠠᠬᠤ ᠡᠨᠡᠬᠦ ᠡᠬᠢᠨ ᠤ ᠡᠬᠡᠯᠵᠢ ᠶᠢᠨ ᠰᠤᠷᠭᠠᠯᠳᠠ ᠳᠤ ᠪᠦᠬᠦ ᠴᠡᠷᠢᠭ᠌ ᠡᠴᠡ 200 ᠴᠡᠷᠢᠭ᠌ ᠤᠨ ᠨᠤᠶᠠᠨ ᠤᠷᠤᠯᠴᠠᠬᠤ ᠪᠤᠯᠤᠨ᠎ᠠ᠃

    ᠴᠡᠷᠢᠭ᠌ ᠤᠨ ᠶᠠᠪᠤᠳᠠᠯ ᠤᠨ ᠬᠤᠷᠢᠶᠠᠨ ᠤ ᠬᠠᠮᠢᠶᠠᠳᠠᠢ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠡᠷ᠂ ᠱᠠᠳᠤᠯᠠᠭᠰᠠᠨ ᠵᠠᠭᠪᠤᠷ ᠤᠨ ᠰᠤᠷᠭᠠᠭᠤᠯᠢ ᠶᠢᠨ ᠬᠦᠷᠢᠶᠡᠨ ᠳᠡᠬᠢ ᠬᠤᠯᠪᠤᠭᠠᠯᠠᠭᠰᠠᠨ ᠳᠠᠶᠢᠨ ᠤ ᠳᠤᠰᠬᠠᠢ ᠰᠤᠷᠭᠠᠯᠳᠠ ᠨᠢ ᠬᠤᠯᠪᠤᠭᠠᠯᠠᠭᠰᠠᠨ ᠳᠠᠶᠢᠨ ᠢ ᠺᠤᠮᠠᠨᠳᠠᠯᠠᠬᠤ ᠴᠢᠳᠠᠪᠤᠷᠢᠳᠠᠨ ᠢ ᠬᠦᠮᠦᠵᠢᠬᠦᠯᠬᠦ ᠴᠢᠬᠤᠯᠠ ᠠᠷᠭ᠎ᠠ ᠵᠠᠮ ᠪᠤᠯᠤᠨ᠎ᠠ᠂ ᠬᠤᠯᠪᠤᠭᠠᠯᠠᠭᠰᠠᠨ ᠪᠠᠶᠢᠷᠢᠨ ᠤ ᠡᠷᠬᠡ ᠶᠢᠨ ᠰᠤᠷᠭᠠᠯᠳᠠ ᠨᠢ ᠰᠢᠰᠲ᠋ᠧᠮᠵᠢᠭᠰᠡᠨ ᠳᠤᠰᠠᠬᠠᠢ ᠮᠡᠷᠬᠡᠵᠢᠯ ᠤᠨ ᠰᠤᠷᠭᠠᠯᠳᠠ ᠶᠢᠨ ᠡᠬᠢᠨ ᠤ ᠠᠯᠬᠤᠮ᠂ ᠨᠢᠬᠡ ᠪᠦᠯᠦᠭ ᠵᠠᠯᠠᠭᠤ ᠰᠢᠯᠢᠳᠡᠭ ᠴᠢᠳᠠᠪᠤᠷᠢᠳᠠᠨ ᠢ ᠬᠦᠮᠦᠵᠢᠬᠦᠯᠵᠤ ᠪᠡᠯᠡᠳᠬᠡᠨ ᠮᠠᠨ ᠤ ᠴᠡᠷᠢᠭ᠌ ᠤᠨ ᠬᠤᠯᠪᠤᠭᠠᠯᠠᠭᠰᠠᠨ ᠳᠠᠶᠢᠨ ᠢ ᠺᠤᠮᠠᠨᠳᠠᠯᠠᠬᠤ ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠳᠤ ᠰᠠᠭᠤᠷᠢ ᠳᠠᠯᠪᠢᠬᠤ ᠪᠤᠯᠤᠨ᠎ᠠ᠃

    ᠰᠤᠷᠭᠠᠯᠳᠠ ᠨᠢ ᠬᠤᠯᠪᠤᠭᠠᠯᠠᠭᠰᠠᠨ ᠳᠠᠶᠢᠨ ᠢ ᠺᠤᠮᠠᠨᠳᠠᠯᠠᠬᠤ ᠪᠠᠶᠢᠭᠤᠯᠤᠮᠵᠢ ᠶᠢᠨ ᠱᠲ᠋ᠠᠪ ᠤᠨ ᠪᠠᠶᠢᠷᠢᠨ ᠤ ᠴᠢᠳᠠᠪᠬᠢ ᠶᠢᠨ ᠤᠷ᠎ᠠ ᠴᠢᠨᠠᠷ ᠤᠨ ᠱᠠᠭᠠᠷᠳᠠᠯᠭ᠎ᠠ ᠳᠤ ᠦᠨᠳᠦᠰᠦᠯᠡᠨ ᠬᠤᠯᠪᠤᠭᠠᠯᠠᠭᠰᠠᠨ ᠱᠲ᠋ᠠᠪ ᠤᠨ ᠠᠵᠢᠯ ᠳᠦᠷᠦᠯ ᠤᠨ ᠴᠢᠳᠠᠪᠤᠷᠢ ᠶᠢ ᠪᠤᠯᠪᠠᠰᠤᠷᠠᠭᠤᠯᠵᠤ᠂ ᠪᠠᠭ ᠬᠤᠪᠢᠶᠠᠨ ᠬᠤᠯᠪᠤᠭᠠᠯᠠᠭᠰᠠᠨ ᠰᠤᠷᠭᠠᠯᠳᠠ ᠬᠢᠵᠤ ᠠᠵᠢᠯ ᠤᠨ ᠪᠠᠶᠢᠷᠢᠨ ᠳᠤ ᠦᠢᠯᠡᠳᠦᠯᠬᠡᠵᠢᠬᠦᠯᠬᠦ ᠮᠠᠶ᠊ᠢᠭ ᠢᠶᠡᠷ ᠶᠠᠪᠤᠭᠳᠠᠬᠤ ᠪᠤᠯᠤᠨ᠎ᠠ᠃ ᠳᠦᠯᠦᠪᠯᠡᠵᠤ ᠪᠠᠶᠢᠭ᠎ᠠ ᠪᠡᠷ᠂ ᠰᠤᠷᠭᠠᠯᠳᠠ ᠶᠢ ᠵᠢᠯ ᠪᠦᠷᠢ 1-2 ᠤᠳᠠᠭ᠎ᠠ᠂ 10 ᠰᠠᠷ᠎ᠠ ᠶᠢᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121622623