ᠯᠢ ᠺᠧ ᠴᠢᠶᠠᠩ ᠨᠧᠫᠠᠯ ᠤᠨ ᠵᠤᠴᠢᠨ ᠲᠠᠢ ᠠᠭᠤᠯᠵᠠᠪᠠ 2017-09-08 09:56

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ) ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 7 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠨᠧᠫᠠᠯ ᠤᠨ ᠳᠡᠳ᠋ ᠶᠡᠷᠦᠩᠬᠡᠢ ᠰᠠᠶᠢᠳ ᠪᠤᠶᠤ ᠭᠠᠳᠠᠭᠠᠳᠤ ᠬᠡᠷᠡᠭ ᠤᠨ ᠰᠠᠶᠢᠳ ᠮᠠᠬᠠᠷᠠ ᠲᠠᠢ ᠠᠭᠤᠯᠵᠠᠪᠠ᠃

    ᠯᠢ ᠺᠧ ᠴᠢᠶᠠᠩ᠂ ᠳᠤᠮᠳᠠᠳᠤ ᠨᠧᠫᠠᠯ ᠨᠢ ᠠᠭᠤᠯᠠ ᠤᠰᠤ ᠪᠡᠷ ᠢᠶᠡᠨ ᠬᠤᠯᠪᠤᠯᠳᠤᠭᠰᠠᠨ ᠨᠠᠶᠢᠷᠰᠠᠭ ᠬᠦᠷᠰᠢ᠂ ᠤᠷᠳᠤ ᠤᠳᠠᠭᠠᠨ ᠨᠦᠬᠦᠷᠯᠡᠯ ᠤᠨ ᠳᠡᠤᠬᠡ ᠲᠠᠢ᠃ ᠨᠧᠫᠠᠯ ᠤᠨ ᠡᠯ᠎ᠡ ᠡᠳᠡᠬᠡᠳ ᠦᠷᠬᠦᠯᠵᠢᠯᠡᠨ ᠡᠶ᠎ᠡ ᠨᠢᠬᠡᠳᠦᠯ ᠢᠶᠡᠨ ᠪᠠᠳᠤᠳᠬᠠᠵᠤ ᠤᠯᠤᠰ ᠳᠦᠷᠦ ᠶᠢᠨ ᠬᠦᠳᠦᠯᠪᠦᠷᠢ ᠪᠡᠨ ᠤᠷᠤᠭᠰᠢᠳᠠᠢ ᠠᠬᠢᠭᠤᠯᠤᠨ ᠦᠨᠢᠳᠡ ᠶᠢᠨ ᠳᠤᠭᠳᠠᠭᠤᠨ᠂ ᠦᠷᠨᠢᠩᠬᠦᠢ ᠬᠦᠭᠵᠢᠯᠳᠡ ᠶᠢᠨ ᠰᠢᠨ᠎ᠡ ᠱᠠᠳᠤᠨ ᠳᠤ ᠡᠷᠳᠡ ᠨᠢᠬᠡ ᠡᠳᠦᠷ ᠬᠦᠷᠬᠦ ᠶᠢ ᠳᠤᠮᠳᠠᠳᠤ ᠶᠢᠨ ᠳᠠᠯ᠎ᠠ ᠬᠦᠰᠡᠵᠤ ᠪᠤᠢ᠃ ᠳᠤᠮᠳᠠᠳᠤ ᠶᠢᠨ ᠳᠠᠯ᠎ᠠ ᠳᠤᠷᠠᠲᠠᠶ᠎ᠠ ᠨᠧᠫᠠᠯ ᠤᠨ ᠬᠠᠮᠳᠤ ᠳᠡᠬᠡᠳᠦ ᠳᠦᠪᠰᠢᠨ ᠤ ᠬᠠᠷᠢᠯᠴᠠᠭᠠᠨ ᠤ ᠪᠠᠶᠢᠳᠠᠯ ᠢᠶᠡᠨ ᠪᠠᠳᠤᠯᠠᠵᠤ᠂ ᠬᠤᠶᠠᠷ ᠤᠯᠤᠰ ᠤᠨ ᠨᠦᠬᠦᠷᠯᠡᠯ ᠪᠠ ᠬᠠᠮᠳᠤ ᠶᠢᠨ ᠠᠵᠢᠯᠯᠠᠭ᠎ᠠ ᠶᠢ ᠦᠷᠬᠦᠯᠵᠢᠯᠡᠨ ᠳᠠᠯ᠎ᠠ ᠨᠤᠭᠤᠳ ᠤᠨ ᠡᠵᠡᠨ ᠮᠡᠳᠡᠬᠦ ᠬᠢᠬᠡᠳ ᠬᠠᠮᠳᠤᠪᠠᠷ ᠬᠦᠭᠵᠢᠬᠦ ᠳᠤ ᠳᠤᠰᠠᠳᠠᠢ᠂ ᠬᠤᠶᠠᠷ ᠤᠯᠤᠰ ᠤᠨ ᠢᠷᠬᠡᠳ ᠲᠤ ᠠᠵᠠ ᠪᠤᠶᠠᠨ ᠡᠳ᠋ᠯᠡᠬᠦᠯᠬᠦ ᠳᠤ ᠳᠤᠰᠠᠳᠠᠢ᠂ ᠪᠦᠰᠡ ᠨᠤᠳᠤᠭ ᠤᠨ ᠳᠤᠭᠳᠠᠭᠤᠨ ᠬᠢᠬᠡᠳ ᠦᠷᠨᠢᠩᠬᠦᠢ ᠬᠦᠭᠵᠢᠯᠳᠡ ᠳᠤ ᠳᠤᠰᠠᠳᠠᠢ ᠵᠠᠮ ᠢᠶᠡᠷ ᠤᠷᠤᠭᠰᠢᠯᠠᠭᠤᠯᠤᠨ᠎ᠠ ᠬᠡᠵᠤ ᠢᠯᠡᠷᠬᠡᠶᠢᠯᠡᠵᠡᠢ᠃

    ᠯᠢ ᠺᠧ ᠴᠢᠶᠠᠩ᠂ ᠳᠤᠮᠳᠠᠳᠤ ᠶᠢᠨ ᠳᠠᠯ᠎ᠠ ᠳᠤᠷᠠᠳᠠᠶ᠎ᠠ 《ᠨᠢᠬᠡ ᠪᠦᠰᠡ ᠨᠢᠬᠡ ᠵᠠᠮ》 ᠢ ᠬᠠᠮᠳᠤᠪᠠᠷ ᠪᠠᠶᠢᠭᠤᠯᠬᠤ ᠪᠡᠷ ᠠᠵᠠ ᠳᠤᠬᠢᠶᠠᠯ ᠪᠤᠯᠭᠠᠵᠤ᠂ ᠨᠧᠫᠠᠯ ᠤᠨ ᠳᠠᠯ᠎ᠠ ᠲᠠᠢ ᠬᠠᠮᠳᠤᠪᠠᠷ ᠤᠶᠢᠯᠠᠭᠠᠯᠴᠠᠭ᠎ᠠ ᠵᠤᠯᠭᠠᠯᠴᠠᠭ᠎ᠠ ᠪᠡᠨ ᠴᠢᠩᠭᠠᠳᠬᠠᠵᠤ᠂ ᠬᠤᠳᠠᠯᠳᠤᠭᠠᠨ ᠤ ᠬᠦᠷᠦᠩᠬᠡ ᠤᠷᠤᠭᠤᠯᠤᠯᠳᠠ ᠪᠡᠨ ᠳᠡᠯᠡᠨ᠂ ᠳᠤᠮᠳᠠᠳᠤ ᠨᠧᠫᠠᠯ ᠤᠨ ᠴᠢᠯᠤᠬᠡᠳᠤ ᠬᠤᠳᠠᠯᠳᠤᠭᠠᠨ ᠤ ᠬᠡᠯᠡᠯᠴᠡᠬᠡᠷ ᠤᠨ ᠬᠤᠯᠪᠤᠭᠠᠯᠠᠭᠰᠠᠨ ᠪᠤᠯᠤᠮᠵᠢ ᠶᠢᠨ ᠰᠤᠳᠤᠯᠭ᠎ᠠ ᠪᠠ ᠬᠢᠯᠢ ᠳᠠᠮᠨᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠪᠦᠰᠡ ᠶᠢᠨ ᠪᠠᠶᠢᠭᠤᠯᠤᠯᠳᠠ ᠶᠢ ᠠᠬᠢᠭᠤᠯᠵᠤ ᠡᠷᠴᠢᠮ ᠬᠦᠴᠦ᠂ ᠳᠡᠳ᠋ ᠪᠦᠳᠦᠴᠡ ᠶᠢᠨ ᠪᠠᠶᠢᠭᠤᠯᠤᠯᠳᠠ ᠵᠡᠷᠬᠡ ᠰᠠᠯᠪᠤᠷᠢ ᠳ᠋ᠤ ᠬᠠᠮᠳᠤ ᠶᠢᠨ ᠠᠵᠢᠯᠯᠠᠭ᠎ᠠ ᠵᠤᠬᠢᠶᠠᠨ ᠪᠠᠶᠢᠭᠤᠯᠵᠤ᠂ ᠭᠠᠮᠰᠢᠭ ᠤᠨ ᠳᠠᠷᠠᠭᠠᠬᠢ ᠪᠦᠳᠦᠬᠡᠨ ᠪᠠᠶᠢᠭᠤᠯᠤᠯᠳᠠ᠂ ᠠᠶᠠᠯᠠᠯ ᠵᠢᠭᠤᠯᠴᠢᠯᠠᠯ ᠵᠡᠷᠬᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠪᠡᠨ ᠡᠷᠴᠢᠮᠵᠢᠬᠦᠯᠦᠨ᠎ᠡ᠃ ᠳᠤᠮᠳᠠᠳᠤ ᠶᠢᠨ ᠳᠠᠯ᠎ᠠ ᠳᠤᠷᠠᠲᠠᠶ᠎ᠠ ᠨᠧᠫᠠᠯ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠳᠤ ᠴᠢᠳᠠᠬᠤ ᠶᠢᠨ ᠬᠢᠷᠢ ᠪᠡᠷ ᠳᠡᠮᠵᠢᠯᠬᠡ ᠦᠵᠡᠬᠦᠯᠦᠨ᠎ᠡ ᠬᠡᠵᠤ ᠳᠤᠷᠠᠳᠴᠠᠢ᠃

    ᠮᠠᠬᠠᠷᠠ᠂ ᠨᠧᠫᠠᠯ ᠳᠤᠮᠳᠠᠳᠤ ᠶᠢᠨ ᠬᠠᠷᠢᠯᠴᠠᠭ᠎ᠠ ᠨᠢ ᠡᠶ᠎ᠠ ᠨᠠᠶᠢᠷᠠᠮᠳᠠᠯ ᠲᠠᠢ ᠤᠷᠤᠰᠢᠨ ᠳᠤᠭᠳᠠᠨᠢᠬᠤ ᠳᠠᠪᠤᠨ ᠵᠠᠷᠴᠢᠮ ᠢ ᠵᠢᠷᠤᠮᠯᠠᠭᠰᠠᠨ ᠦᠯᠢᠬᠡᠷ ᠵᠢᠱᠢᠶ᠎ᠠ ᠪᠤᠯᠬᠤ ᠶᠤᠮ᠃ ᠨᠧᠫᠠᠯ ᠤᠨ ᠳᠠᠯ᠎ᠠ ᠳᠤᠷᠠᠲᠠᠶ᠎ᠠ ᠦᠷᠬᠦᠯᠵᠢᠯᠡᠨ ᠨᠢᠬᠡ ᠳᠤᠮᠳᠠᠳᠤ ᠤᠯᠤᠰ ᠬᠡᠮᠡᠬᠦ ᠵᠠᠷᠴᠢᠮ ᠢ ᠪᠠᠳᠤᠳᠠᠢ ᠳᠡᠮᠵᠢᠵᠤ᠂ ᠳᠤᠮᠳᠠᠳᠤ ᠶᠢᠨ ᠳᠠᠯ᠎ᠠ ᠲᠠᠢ ᠳᠡᠬᠡᠳᠦ ᠳᠦᠪᠰᠢᠨ ᠤ ᠬᠠᠷᠢᠯᠴᠠᠭ᠎ᠠ ᠶᠢ ᠪᠠᠳᠤᠯᠠᠨ ᠪᠤᠳᠠᠳᠠᠢ ᠬᠠᠮᠳᠤ ᠶᠢᠨ ᠠᠵᠢᠯᠯᠠᠭ᠎ᠠ ᠪᠡᠨ ᠡᠷᠴᠢᠮᠵᠢᠬᠦᠯᠵᠤ᠂ ᠬᠠᠮᠳᠤᠪᠡᠷ ᠠᠰᠢᠭ ᠬᠦᠷᠳᠡᠵᠤ ᠬᠠᠮᠳᠤ ᠶᠢᠨ ᠢᠯᠠᠯᠳᠠ ᠶᠢ ᠪᠡᠶᠡᠯᠡᠬᠦᠯᠦᠨ᠂ ᠳᠤᠮᠳᠠᠳᠤ ᠤᠯᠤᠰ ᠲᠠᠢ ᠭᠠᠷ ᠬᠤᠯᠪᠤᠯᠴᠠᠨ ᠨᠧᠫᠠᠯ ᠳᠤᠮᠳᠠᠳᠤ ᠶᠢᠨ ᠨᠠᠶᠢᠷᠰᠠᠭ ᠬᠠᠮᠳᠤ ᠶᠢᠨ ᠠᠵᠢᠯᠯᠠᠭᠠᠨ ᠤ ᠬᠠᠷᠢᠯᠴᠠᠭ᠎ᠠ ᠶᠢ ᠳᠠᠰᠤᠷᠠᠯᠳᠠ ᠦᠬᠡᠢ ᠠᠬᠢᠭᠤᠯᠬᠤ ᠶᠢ ᠬᠦᠰᠡᠨ᠎ᠡ ᠬᠡᠵᠤ ᠢᠯᠡᠷᠬᠡᠶᠢᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120701121627698