蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ 82 ᠳ᠋ᠤᠭᠠᠷ ᠬᠤᠭᠤᠴᠠᠭᠠᠨ ᠤ ᠰᠠᠯᠤᠨᠢᠺᠠ ᠶᠢᠨ ᠤᠯᠠᠨ ᠤᠯᠤᠰ ᠤᠨ ᠦᠵᠡᠰᠭᠦᠯᠡᠩ ᠳᠤ ᠪᠠᠶᠠᠷ ᠤᠨ ᠵᠠᠬᠢᠶ᠎ᠠ ᠢᠯᠡᠭᠡᠪᠡ

2017-09-11 14:49

    ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠬᠠᠢ ᠶᠢᠨ ᠭᠠᠵᠠᠷ ᠤᠨ ᠴᠠᠭ ᠢᠶᠠᠷ 9 ᠰᠠᠷ᠎ᠠ ᠶᠢᠨ 9 ᠤ ᠡᠳᠦᠷ 82 ᠳ᠋ᠤᠭᠠᠷ ᠬᠤᠭᠤᠴᠠᠭᠠᠨ ᠤ ᠰᠠᠯᠤᠨᠢᠺᠠ ᠶᠢᠨ ᠤᠯᠠᠨ ᠤᠯᠤᠰ ᠤᠨ ᠦᠵᠡᠰᠭᠦᠯᠡᠩ ᠵᠢᠴᠢ ᠳᠤᠮᠳᠠᠳᠤ ᠤᠯᠤᠰ ᠤᠨ ᠭᠤᠤᠯ ᠵᠤᠴᠢᠨ ᠤᠯᠤᠰ ᠤᠨ ᠠᠵᠢᠯᠯᠠᠭ᠎ᠠ ᠳᠤ ᠪᠠᠶᠠᠷ ᠤᠨ ᠵᠠᠬᠢᠶ᠎ᠠ ᠢᠯᠡᠭᠡᠵᠠᠢ᠃ ᠭᠷᠧᠭ᠌ ᠤᠨ ᠶᠡᠷᠦᠩᠬᠡᠢ ᠰᠠᠶᠢᠳ ᠴᠢᠫᠦ᠋ᠯᠠᠰ ᠦᠵᠡᠰᠭᠦᠯᠡᠩ ᠤᠨ ᠡᠬᠢᠯᠡᠯᠲᠡ ᠶᠢᠨ ᠶᠤᠰᠤᠯᠠᠯ ᠳᠤ ᠤᠷᠤᠯᠴᠠᠬᠤ ᠶᠢᠨ ᠬᠠᠮᠲᠦ ᠳᠤᠮᠳᠠᠳᠤ ᠤᠯᠤᠰ ᠤᠨ ᠤᠷᠳᠤᠨ ᠢᠶᠠᠷ ᠲᠤᠭᠤᠷᠢᠨ ᠦᠵᠡᠪᠡ᠃

    ᠯᠢ ᠺᠧ ᠴᠢᠶᠠᠩ ᠪᠠᠶᠠᠷ ᠤᠨ ᠵᠠᠬᠢᠶᠠᠨ ᠳᠠᠭᠠᠨ᠂ 1998 ᠤᠨ ᠳᠤ ᠳᠤᠮᠳᠠᠳᠤ ᠤᠯᠤᠰ ᠰᠠᠯᠤᠨᠢᠺᠠ ᠶᠢᠨ ᠤᠯᠠᠨ ᠤᠯᠤᠰ ᠤᠨ ᠦᠵᠡᠰᠭᠦᠯᠡᠩ ᠤᠨ ᠲᠡᠤᠬᠡᠨ ᠳᠡᠭᠡᠷᠡᠬᠢ ᠠᠩᠬᠠᠳᠠᠭᠴᠢ ᠭᠤᠤᠯ ᠵᠤᠴᠢᠨ ᠤᠯᠤᠰ ᠢᠶᠠᠷ ᠤᠷᠢᠭᠳᠠᠨ ᠤᠷᠤᠯᠴᠠᠵᠤ᠂ ᠳᠤᠮᠳᠠᠳᠤ ᠡᠸᠦ᠋ᠷᠦᠫᠠ ᠶᠢᠨ ᠡᠳ᠋ ᠤᠨ ᠵᠠᠰᠠᠭ ᠬᠤᠳᠠᠯᠳᠤᠭᠠᠨ ᠤ ᠬᠠᠷᠢᠯᠴᠠᠭᠠᠨ ᠤ ᠰᠢᠨ᠎ᠠ ᠬᠦᠬᠦᠷᠭᠡ ᠬᠤᠯᠪᠤᠭᠠᠰᠤ ᠶᠢ ᠪᠠᠶᠢᠭᠤᠯᠵᠠᠢ᠃ ᠡᠨᠡ ᠨᠢ ᠦᠵᠡᠰᠭᠦᠯᠡᠩ ᠤᠨ ᠲᠤᠰ ᠪᠡᠶ᠎ᠠ ᠶᠢᠨ ᠬᠦᠭᠵᠢᠯᠲᠠ ᠳᠤ ᠲᠡᠤᠬᠡᠳᠤ ᠠᠴᠢ ᠬᠤᠯᠪᠤᠭᠳᠠᠯ ᠲᠠᠢ ᠪᠠᠷ ᠪᠠᠷᠠᠬᠤ ᠦᠭᠡᠢ ᠳᠤᠮᠳᠠᠳᠤ ᠡᠸᠦ᠋ᠷᠦᠫᠠ ᠶᠢᠨ ᠬᠠᠷᠢᠯᠴᠠᠭ᠎ᠠ ᠪᠤᠯᠤᠨ ᠳᠤᠮᠳᠠᠳᠤ ᠤᠯᠤᠰ ᠬᠢᠭᠡᠳ ᠭᠷᠧᠭ᠌ ᠤᠨ ᠬᠠᠷᠢᠯᠴᠠᠭᠠᠨ ᠤ ᠶᠡᠭᠡ ᠬᠦᠭᠵᠢᠯᠲᠠ ᠶᠢᠨ ᠰᠢᠨ᠎ᠠ ᠱᠠᠳᠤ ᠦᠶ᠎ᠠ ᠶᠢ ᠨᠡᠬᠡᠬᠡᠪᠡ᠃ 19 ᠵᠢᠯ ᠤᠨ ᠲᠤᠷᠰᠢ᠂ ᠳᠤᠮᠳᠠᠳᠤ ᠭᠷᠧᠭ᠌ ᠭᠠᠷ ᠬᠤᠯᠪᠤᠯᠴᠠᠨ ᠬᠠᠮᠲᠤᠷᠠᠯᠴᠠᠵᠤ᠂ ᠤᠯᠤᠰ ᠲᠦᠷᠦ ᠶᠢᠨ ᠢᠲᠡᠭᠡᠯᠴᠡᠯ ᠲᠠᠰᠤᠷᠠᠯᠲᠡ ᠦᠭᠡᠢ ᠭᠦᠨᠵᠡᠭᠡᠶᠢᠷᠡᠵᠤ᠂ ᠡᠯ᠎ᠠ ᠰᠠᠯᠪᠤᠷᠢ ᠶᠢᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠡᠬᠡᠪᠡᠷ ᠠᠬᠢᠵᠤ᠂ ᠫᠢᠷᠸᠢᠢᠶᠧᠹᠰ ᠭᠠᠷᠠᠮ ᠤᠨ ᠲᠦᠷᠦᠯ ᠵᠦᠢᠯ ᠡᠯᠪᠡᠭ ᠦᠷ᠎ᠠ ᠪᠦᠲᠦᠮᠵᠢ ᠤᠯᠵᠠᠢ᠃ ᠳᠤᠮᠳᠠᠳᠤ ᠤᠯᠤᠰ 82 ᠳ᠋ᠤᠭᠠᠷ ᠬᠤᠭᠤᠴᠠᠭᠠᠨ ᠤ ᠰᠠᠯᠤᠨᠢᠺᠠ ᠶᠢᠨ ᠤᠯᠠᠨ ᠤᠯᠤᠰ ᠤᠨ ᠦᠵᠡᠰᠭᠦᠯᠡᠩ ᠤᠨ ᠭᠤᠤᠯ ᠵᠤᠴᠢᠨ ᠤᠯᠤᠰ ᠪᠤᠯᠤᠭᠰᠠᠨ ᠨᠢ ᠬᠤᠶᠠᠷ ᠤᠯᠤᠰ ᠤᠨ ᠬᠠᠷᠢᠯᠴᠠᠭ᠎ᠠ ᠨᠡᠩ ᠦᠨᠳᠦᠷ ᠭᠠᠷᠤᠭ᠎ᠠ ᠳᠡᠭᠡᠷ᠎ᠠ ᠵᠤᠭᠰᠤᠵᠤ᠂ ᠬᠦᠭᠵᠢᠯᠲᠠ ᠶᠢᠨ ᠢᠷᠡᠭᠡᠳᠦᠢ ᠲᠦᠢᠯ ᠤᠨ ᠰᠠᠷᠠᠭᠤᠯ ᠠᠭᠤᠳᠠᠮ ᠪᠠᠶᠢᠬᠤ ᠶᠢ ᠬᠠᠷᠠᠭᠤᠯᠵᠤ ᠪᠠᠶᠢᠨ᠎ᠠ ᠭᠡᠵᠤ ᠢᠯᠡᠳᠭᠡᠪᠡ᠃

    ᠯᠢ ᠺᠧ ᠴᠢᠶᠠᠩ᠂ ᠳᠤᠮᠳᠠᠳᠤ ᠤᠯᠤᠰ ᠤᠨ ᠵᠠᠰᠠᠬ ᠤᠨ ᠤᠷᠳᠤᠨ ᠲᠤᠷᠠᠳᠠᠶ᠎ᠠ ᠭᠷᠧᠭ᠌ ᠵᠢᠴᠢ ᠡᠯ᠎ᠠ ᠤᠯᠤᠰ ᠲᠠᠢ ᠬᠠᠮᠳᠤᠪᠡᠷ《ᠨᠢᠬᠡ ᠪᠦᠰᠠ ᠨᠢᠬᠡ ᠵᠠᠮ》 ᠤᠨ ᠰᠠᠨᠠᠭᠠᠴᠢᠯᠠᠭ᠎ᠠ ᠶᠢ ᠡᠯ᠎ᠠ ᠤᠯᠤᠰ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠲᠠᠢ ᠨᠡᠩ ᠰᠠᠶᠢᠨ ᠵᠤᠯᠭᠠᠭᠤᠯᠵᠦ᠂ ᠨᠡᠩ ᠦᠷᠬᠡᠨ ᠲᠡᠯᠬᠡᠷ ᠬᠠᠮᠳᠤ ᠶᠢᠨ ᠠᠰᠢᠬ ᠲᠤᠰᠠ ᠶᠢ ᠡᠬᠦᠳᠴᠤ᠂ ᠨᠡᠩ ᠬᠦᠨ ᠲᠠᠪᠬᠤᠷᠭ᠎ᠠ ᠶᠢᠨ ᠬᠠᠷᠢᠯᠴᠠᠨ ᠠᠰᠢᠬᠳᠠᠢ ᠬᠠᠮᠳᠤ ᠶᠢᠨ ᠠᠵᠢᠯᠯᠠᠭ᠎ᠠ ᠵᠤᠬᠢᠶᠠᠨ ᠪᠠᠶᠢᠭᠤᠯᠵᠤ᠂ ᠲᠤᠰ ᠤᠯᠤᠰ ᠤᠨ ᠢᠶᠠᠨ ᠢᠷᠬᠡᠳ ᠲᠤ ᠨᠡᠩ ᠰᠠᠶᠢᠨ ᠪᠤᠶᠠᠨ ᠤᠢᠢᠯᠡᠳᠬᠦ ᠶᠢᠨ ᠬᠠᠮᠳᠤ᠂ ᠳᠡᠯᠡᠬᠡᠢ ᠶᠢᠨ ᠡᠳ᠋ ᠤᠨ ᠵᠠᠰᠠᠭ ᠤᠨ ᠤᠯᠠᠮ ᠰᠡᠷᠭᠦᠨ ᠰᠠᠶᠢᠵᠢᠷᠠᠬᠤ ᠶᠢ ᠠᠬᠢᠭᠤᠯᠵᠤ ᠬᠦᠴᠦᠷᠭᠡᠭ᠂ ᠦᠷᠬᠦᠯᠵᠢᠯᠡᠬᠦ᠂ ᠲᠠᠩᠴᠡᠬᠦᠷᠢᠳᠠᠢ᠂ ᠪᠠᠭᠳᠠᠭᠠᠮᠵᠢᠳᠠᠢ ᠨᠡᠮᠡᠭᠳᠡᠯ ᠢ ᠪᠡᠶᠡᠯᠡᠬᠦᠯᠬᠦ ᠪᠠᠷ ᠴᠢᠷᠮᠠᠶᠢᠨ᠎ᠠ ᠬᠡᠵᠤ ᠵᠢᠭᠠᠵᠤ ᠭᠠᠷᠭᠠᠪᠠ᠃

    ᠴᠢᠫᠦ᠋ᠯᠠᠰ᠂ ᠳᠤᠮᠳᠠᠳᠤ ᠤᠯᠤᠰ ᠦᠨᠢ ᠤᠳᠠᠭᠠᠨ ᠬᠡᠷᠡᠯ ᠰᠠᠴᠤᠷᠠᠩᠭᠤᠢ ᠪᠤᠯᠪᠠᠰᠤᠨ ᠲᠡᠤᠬᠡ ᠲᠠᠢ ᠶᠤᠮ᠂ ᠤᠳᠤ ᠶᠢᠨ ᠲᠡᠯᠡᠬᠡᠢ ᠶᠢᠷᠲᠢᠨᠴᠦ ᠳᠤ ᠬᠦᠳᠤᠯᠤᠨ ᠵᠢᠯᠤᠭᠤᠳᠬᠤ ᠤᠢᠢᠯᠡᠳᠤᠯ ᠦᠵᠡᠬᠦᠯᠵᠤ ᠪᠤᠢ᠂ ᠲᠡᠷᠢᠬᠦᠯᠡᠭᠴᠢ ᠰᠢ ᠶᠢᠨ ᠫᠢᠩ ᠤᠨ ᠲᠤᠷᠠᠳᠤᠬᠰᠠᠨ《ᠨᠢᠬᠡ ᠪᠦᠰᠠ ᠨᠢᠬᠡ ᠵᠠᠮ》 ᠤᠨ ᠰᠠᠨᠠᠭᠠᠴᠢᠯᠠᠭ᠎ᠠ ᠨᠢ ᠪᠦᠬᠦ ᠪᠦᠮᠪᠦᠷᠴᠡᠭ ᠤᠨ ᠬᠦᠭᠵᠢᠯᠳᠠ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠤᠢᠢᠷ᠎ᠠ ᠶᠢᠨ ᠵᠢᠯ ᠠᠴᠠ᠂ ᠳᠤᠮᠳᠠᠳᠤ ᠭᠷᠧᠭ᠌ ᠤᠨ ᠬᠠᠷᠢᠯᠴᠠᠭ᠎ᠠ ᠤᠯᠤᠰ ᠲᠦᠷᠤ᠂ ᠡᠳ᠋ ᠤᠨ ᠵᠠᠰᠠᠭ᠂ ᠰᠤᠶᠤᠯ ᠵᠡᠷᠬᠡ ᠡᠯ᠎ᠠ ᠲᠠᠯ᠎ᠠ ᠪᠠᠷ ᠲᠦᠷᠬᠡᠨ ᠬᠦᠭᠵᠢᠵᠤ᠂ ᠳᠤᠮᠳᠠᠳᠤ ᠤᠯᠤᠰ ᠲᠤᠰ ᠬᠤᠭᠤᠴᠠᠭᠠᠨ ᠤ ᠰᠠᠯᠤᠨᠢᠺᠠ ᠶᠢᠨ ᠤᠯᠠᠨ ᠤᠯᠤᠰ ᠤᠨ ᠦᠵᠡᠰᠬᠦᠯᠠᠩ ᠤᠨ ᠭᠤᠤᠯ ᠵᠤᠴᠢᠨ ᠤᠯᠤᠰ ᠪᠤᠯᠤᠬᠰᠠᠨ ᠨᠢ ᠬᠤᠶᠠᠷ ᠤᠯᠤᠰ ᠤᠨ ᠬᠠᠷᠢᠯᠴᠠᠭ᠎ᠠ ᠤᠷᠢᠳᠤ ᠡᠮᠤᠨ᠎ᠠ ᠪᠠᠶᠢᠭ᠎ᠠ ᠦᠭᠡᠢ ᠦᠨᠳᠤᠷ ᠳᠦᠪᠰᠢᠨ ᠳᠤ ᠬᠦᠷᠦᠭᠰᠡᠨ ᠢ ᠬᠠᠷᠠᠭᠤᠯᠵᠤ ᠪᠠᠶᠢᠨ᠎ᠠ᠂ ᠡᠨᠡ ᠨᠢ ᠯᠠᠪᠳᠠᠶ᠎ᠠ ᠬᠤᠶᠠᠷ ᠤᠯᠤᠰ ᠤᠨ ᠬᠠᠷᠢᠯᠴᠠᠨ ᠠᠰᠢᠬᠳᠠᠢ ᠬᠠᠮᠳᠤ ᠶᠢᠨ ᠠᠵᠢᠯᠯᠠᠭ᠎ᠠ ᠨᠡᠩ ᠪᠠᠶᠠᠯᠢᠬ ᠦᠷ᠎ᠠ ᠪᠦᠳᠤᠬᠡᠯ ᠤᠯᠬᠤ ᠶᠢ ᠬᠦᠴᠤᠳᠠᠢ ᠠᠬᠢᠭᠤᠯᠬᠤ ᠪᠤᠯᠤᠨ᠎ᠠ ᠬᠡᠵᠤ ᠢᠯᠡᠳᠬᠡᠪᠡ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121641323