蒙古文网站Logo
ᠰᠢᠨᠬᠤᠸᠠ ᠮᠤᠩᠭ᠋ᠤᠯ ᠨᠧᠲ

ᠰᠢᠨᠬᠤᠸᠠ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠰᠦ ᠲᠠᠩ᠄ 《 ᠨᠢᠭᠡ ᠪᠦᠰᠡ ᠨᠢᠭᠡ ᠵᠠᠮ》 ᠳᠠᠭᠠᠤ ᠬᠠᠮᠲᠤᠪᠡᠷ ᠤᠷᠤᠭᠰᠢᠯᠠᠵᠤ ᠬᠡᠪᠯᠡᠯ ᠮᠡᠳᠡᠭᠡᠯᠡᠯ ᠤᠨ ᠬᠠᠮᠲᠤ ᠶᠢᠨ ᠠᠵᠢᠯᠯᠠᠭᠠᠨ ᠤ ᠰᠢᠨ᠎ᠠ ᠬᠠᠭᠤᠳᠠᠰᠤ ᠶᠢ ᠪᠢᠴᠢᠭᠯᠡᠶ᠎ᠠ

2017-09-11 16:57

    ᠰᠢᠨᠬᠤᠸᠠ ᠬᠤᠷᠢᠶ᠎ᠠ   ᠭ᠍ᠷᠸᠭ᠌ ᠤᠨ ᠽᠸᠰᠠᠯᠤᠨᠢᠺᠢ ᠶᠢᠨ 9 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ  ᠰᠢᠨᠬᠤᠸᠠ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠰᠦ ᠲᠠᠩ 10 ᠤ ᠡᠳᠦᠷ ᠽᠸᠰᠠᠯᠤᠨᠢᠺᠢ ᠳᠤ ᠪᠤᠯᠤᠭᠰᠠᠨ《ᠨᠢᠭᠡ ᠪᠦᠰᠡ ᠨᠢᠭᠡ ᠵᠠᠮ》 ᠮᠡᠳᠡᠭᠡᠯᠡᠯ ᠤᠨ ᠬᠤᠷᠢᠶᠠᠨ ᠤ ᠬᠤᠷᠢᠶᠠᠨ ᠳᠠᠷᠤᠭ᠎ᠠ ᠶᠢᠨ ᠹᠤᠷᠦ᠋ᠮ ᠳᠤ ᠤᠷᠤᠯᠴᠠᠬᠤ ᠳᠤ ᠪᠡᠨ《ᠨᠢᠭᠡ ᠪᠦᠰᠡ ᠨᠢᠭᠡ ᠵᠠᠮ》ᠨᠢ ᠳᠤᠮᠳᠠᠳᠤ ᠤᠯᠤᠰ ᠢ ᠱᠤᠭᠤᠮ ᠳᠠᠭᠠᠤ ᠶᠢᠨ ᠤᠯᠤᠰ ᠤᠳ ᠲᠠᠢ ᠤᠯᠠᠨ ᠲᠠᠯᠠᠲᠤ ᠬᠠᠮᠲᠤ ᠶᠢᠨ ᠠᠵᠢᠯᠯᠠᠭ᠎ᠠ ᠲᠠᠢ ᠪᠤᠯᠭᠠᠬᠤ ᠶᠢᠨ ᠬᠠᠮᠲᠤ ᠱᠤᠭᠤᠮ ᠳᠠᠭᠠᠤ ᠶᠢᠨ ᠤᠯᠤᠰ ᠤᠳ ᠤᠨ ᠬᠡᠪᠯᠡᠯ ᠮᠡᠳᠡᠭᠡᠯᠡᠯ ᠤᠨ ᠬᠠᠮᠲᠤ ᠶᠢᠨ ᠠᠵᠢᠯᠯᠠᠭᠠᠨ ᠳᠤ ᠴᠤ ᠠᠵᠠ ᠲᠤᠬᠢᠶᠠᠯ ᠬᠠᠩᠭ᠋ᠠᠪᠠ᠂ ᠰᠢᠨᠬᠤᠸᠠ ᠬᠤᠷᠢᠶ᠎ᠠ ᠡᠯ᠎ᠠ ᠤᠯᠤᠰ ᠤᠨ ᠮᠡᠳᠡᠭᠡᠯᠡᠯ ᠤᠨ ᠬᠤᠷᠢᠶ᠎᠎ᠠ ᠲᠠᠢ ᠬᠠᠮᠲᠤᠪᠠᠷ ᠤᠷᠤᠭᠰᠢᠯᠠᠵᠤ᠂ ᠬᠡᠪᠯᠡᠯ ᠮᠡᠳᠡᠭᠡᠯᠡᠯ ᠤᠨ ᠬᠠᠮᠲᠤ ᠶᠢᠨ ᠠᠵᠢᠯᠯᠠᠭᠠᠨ ᠤ ᠰᠢᠨ᠎ᠠ ᠬᠠᠭᠤᠳᠠᠰᠤ ᠶᠢ ᠪᠢᠴᠢᠭᠯᠡᠨ᠎ᠠ ᠬᠡᠮᠡᠨ ᠢᠯᠡᠷᠬᠡᠶᠢᠯᠡᠪᠡ᠃

    ᠵᠠᠩ ᠰᠦ ᠲᠠᠩ᠂ 85 ᠵᠢᠯ ᠤᠨ ᠬᠦᠭ᠍ᠵᠢᠯᠲᠠ ᠪᠡᠷ ᠳᠠᠮᠵᠢᠨ᠂ ᠰᠢᠨᠬᠤᠸᠠ ᠬᠤᠷᠢᠶ᠎ᠠ ᠨᠢᠭᠡᠨᠲᠡ ᠪᠦᠬᠦ ᠳᠡᠯᠡᠬᠡᠢ ᠶᠢ ᠪᠦᠷᠬᠦᠭ᠍ᠰᠡᠨ ᠰᠤᠨᠢᠨ ᠮᠡᠳᠡᠭᠡᠨ ᠤ ᠰᠤᠷᠠᠭ ᠵᠠᠩᠭᠢᠵᠢᠯᠲᠠ ᠶᠢᠨ ᠨᠸᠲ ᠢ ᠪᠦᠲᠦᠭᠡᠨ ᠪᠠᠶᠢᠭᠤᠯᠵᠤ᠂ ᠴᠢᠮᠡᠭᠡᠯᠡᠯ ᠤᠨ ᠬᠤᠷᠢᠶ᠎ᠠ᠂ ᠰᠤᠨᠢᠨ ᠰᠡᠳᠭᠦᠯ᠂ ᠲᠸᠯᠸᠢᠰ᠂ ᠢᠨᠲ᠋ᠸᠷᠨ᠋ᠸᠲ᠂ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠰᠢᠨ᠎ᠠ ᠵᠠᠭᠤᠴᠢᠯᠠᠭᠤᠷ ᠪᠤᠯᠤᠨ ᠤᠯᠠᠨ ᠵᠠᠭᠤᠴᠢᠯᠠᠭᠤᠷ ᠤᠨ ᠳ᠋ᠠᠶᠢᠲ᠋ᠠ ᠶᠢᠨ ᠰᠠᠩ ᠵᠡᠷᠭᠡ ᠶᠢ ᠪᠠᠭᠲᠠᠭᠠᠭᠰᠠᠨ ᠠᠵᠢᠯ ᠮᠡᠷᠭᠡᠵᠢᠯ ᠪᠤᠯᠤᠨ ᠦᠢᠯᠡᠴᠢᠯᠡᠭᠡ ᠶᠢᠨ ᠶᠡᠷᠦᠩᠬᠡᠢ ᠵᠠᠭᠤᠴᠢᠯᠠᠭᠤᠷ ᠤᠨ ᠪᠠᠶᠢᠭᠤᠯᠤᠮᠵᠢ ᠪᠤᠯᠵᠠᠢ᠃《ᠨᠢᠭᠡ ᠪᠦᠰᠡ ᠨᠢᠭᠡ ᠵᠠᠮ》 ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠ ᠱᠤᠭᠤᠮ ᠳᠠᠭᠠᠤ ᠶᠢᠨ ᠤᠯᠤᠰ ᠤᠳ ᠲᠤ ᠠᠰᠢᠭ ᠬᠦᠷᠲᠡᠭᠡᠬᠦ ᠶᠢᠨ ᠲᠦᠯᠦᠭᠡ ᠰᠢᠨᠬᠤᠸᠠ ᠬᠤᠷᠢᠶ᠎ᠠ 2015 ᠤᠨ ᠤ 7 ᠰᠠᠷ᠎ᠠ ᠳᠤ《ᠰᠢᠨᠬᠤᠸᠠ ᠲᠤᠷᠭᠠᠨ ᠤ ᠵᠠᠮ》 ᠡᠳ᠋ ᠤᠨ ᠵᠠᠰᠠᠭ ᠤᠨ ᠰᠤᠷᠠᠭ ᠵᠠᠩᠭᠢ ᠶᠢᠨ ᠪᠦᠲᠦᠭᠡᠭ᠍ᠲᠡᠬᠦᠨ ᠢ ᠭᠠᠷᠭᠠᠵᠤ《ᠨᠢᠭᠡ ᠪᠦᠰᠡ ᠨᠢᠭᠡ ᠵᠠᠮ》 ᠤ᠋ᠨ ᠱᠤᠭᠤᠮ ᠳᠠᠭᠠᠤ ᠶᠢᠨ ᠤᠯᠤᠰ ᠤᠳ ᠤᠨ ᠵᠠᠰᠠᠭ ᠤᠨ ᠤᠷᠳᠤᠨ ᠪᠤᠯᠤᠨ ᠠᠵᠤ ᠠᠬᠤᠶᠢᠯᠠᠯ ᠳᠤ ᠲᠠᠸᠠᠷ ᠤᠨ ᠠᠷᠠᠯᠵᠢᠶ᠎ᠠ ᠪᠤᠯᠤᠨ ᠬᠦᠷᠦᠩᠭᠡ ᠤᠷᠤᠭᠤᠯᠤᠯᠲᠠ ᠶᠢᠨ ᠦᠢᠯᠡᠴᠢᠯᠡᠭᠡᠨ ᠤ ᠲᠠᠪᠴᠠᠩ ᠬᠠᠩᠭ᠋ᠠᠭᠰᠠᠭᠠᠷ ᠪᠤᠢ᠃ ᠡᠨᠡᠬᠦ ᠪᠦᠲᠦᠭᠡᠭ᠍ᠲᠡᠬᠦᠨ ᠲᠤᠷᠭᠠᠨ ᠤ ᠵᠠᠮ ᠤᠨ ᠱᠤᠭᠤᠮ ᠳᠠᠭᠠᠤ ᠶᠢᠨ ᠤᠯᠤᠰ ᠤᠳ ᠤᠨ ᠦᠨᠳᠦᠷ ᠦᠨᠡᠯᠡᠭᠡ ᠶᠢ ᠤᠯᠵᠤ᠂ ᠤᠳᠤᠬᠠᠨ ᠳᠤ 20 ᠭᠠᠷᠤᠢ ᠤᠯᠤᠰ ᠪᠤᠯᠤᠨ ᠪᠦᠰᠡ ᠨᠤᠲᠤᠭ ᠤᠨ ᠬᠡᠷᠡᠭᠯᠡᠭᠴᠢᠳ ᠲᠤᠰ ᠪᠦᠲᠦᠭᠡᠭ᠍ᠲᠡᠬᠦᠨ ᠢ ᠬᠡᠷᠡᠭᠯᠡᠵᠤ ᠪᠤᠢ ᠭᠡᠯ᠎ᠠ᠃ ᠲᠡᠷᠡ ᠪᠠᠰᠠ᠂ ᠬᠦᠮᠦᠰ ᠤᠨ ᠰᠤᠯᠢᠯᠴᠠᠭ᠎ᠠ ᠶᠢ ᠭᠦᠨᠵᠡᠭᠡᠶᠢᠷᠡᠭᠦᠯᠵᠤ᠂ ᠲᠤᠷᠭᠠᠨ ᠤ ᠵᠠᠮ ᠤᠨ ᠦᠯᠢᠭᠡᠷ ᠢ ᠰᠠᠶᠢᠨ ᠶᠠᠷᠢᠬᠤ᠂ ᠬᠠᠮᠲᠤ ᠶᠢᠨ ᠦᠷᠲᠡᠭ ᠢ ᠪᠤᠢ ᠪᠤᠯᠭᠠᠵᠤ᠂ ᠬᠠᠮᠲᠤᠪᠡᠷ ᠡᠳ᠋ᠯᠡᠬᠦ ᠲᠠᠪᠴᠠᠩ ᠢ ᠪᠤᠢ ᠪᠤᠯᠭᠠᠬᠤ᠂ ᠬᠡᠪᠯᠡᠯ ᠮᠡᠳᠡᠭᠡᠯᠡᠯ ᠤᠨ ᠬᠦᠭ᠍ᠵᠢᠯᠲᠠ ᠶᠢ ᠳᠠᠭᠠᠵᠤ᠂ ᠬᠠᠮᠲᠤ ᠶᠢᠨ ᠠᠵᠢᠯᠯᠠᠭᠠᠨ ᠤ ᠬᠦᠷᠢᠶ᠎ᠠ ᠴᠠᠷᠠᠭ᠎ᠠ ᠶᠢ ᠦᠷᠭᠡᠳᠭᠡᠬᠦ ᠵᠡᠷᠭᠡ ᠭᠤᠷᠪᠠᠨ ᠲᠠᠯ᠎ᠠ ᠶᠢᠨ ᠰᠠᠨᠠᠭᠤᠯᠭ᠎ᠠ ᠭᠠᠷᠭᠠᠭᠰᠠᠨ ᠪᠠᠶᠢᠨ᠎ᠠ᠃

    ᠠᠲ᠋ᠸᠠ ᠶᠢᠨ ᠴᠢᠮᠡᠭᠡᠯᠡᠯ ᠤᠨ ᠬᠤᠷᠢᠶ᠎ᠠ ᠡᠴᠡ ᠰᠠᠨᠠᠭᠠᠴᠢᠯᠠᠭᠰᠠᠨ ᠲᠤᠰ ᠤᠳᠠᠭᠠᠨ ᠤ ᠹᠤᠷᠦ᠋ᠮ《ᠨᠢᠭᠡ ᠪᠦᠰᠡ ᠨᠢᠭᠡ ᠵᠠᠮ》 ᠢᠶᠡᠷ ᠭᠤᠤᠯ ᠰᠡᠳᠦᠪ ᠢᠶᠡᠨ ᠪᠤᠯᠭᠠᠵᠤ᠂ ᠭ᠍ᠷᠸᠭ᠌᠂ ᠤᠷᠤᠰ᠂ ᠢᠰᠫᠠᠨᠢ᠂ ᠢᠲ᠋ᠠᠯᠢ᠂ ᠫᠤᠯᠠᠨᠳ᠋᠂ ᠰᠸᠷᠪᠢᠶ᠎ᠠ᠂ ᠴᠸᠬᠤ᠋᠂ ᠪᠤᠯᠭᠠᠷᠢᠶ᠎ᠠ᠂ ᠠᠷᠮᠸᠨᠢᠶ᠎ᠠ ᠵᠡᠷᠭᠡ ᠤᠯᠤᠰ ᠤᠨ 25 ᠴᠢᠮᠡᠭᠡᠯᠡᠯ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠤᠷᠤᠯᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121644828