蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠤᠨ《ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ》 ᠰᠢᠳᠠᠷ᠎ᠠ ᠶᠢᠨ ᠬᠦᠯᠬᠡ

2017-09-12 15:53

    2020 ᠤᠨ ᠪᠤᠯᠬᠤ ᠳᠤ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠤᠨ᠎ᠠ ᠬᠡᠳᠡᠭ ᠨᠢ ᠨᠠᠮ ᠤᠨ 《ᠬᠤᠶᠠᠷ ᠵᠠᠭᠤᠨ ᠵᠢᠯ》 ᠤᠨ ᠳᠡᠮᠡᠴᠡᠬᠦ ᠬᠠᠷᠠᠯᠳᠠ ᠶᠢᠨ ᠨᠢᠬᠡᠳᠦᠬᠡᠷ ᠬᠠᠷᠠᠯᠳᠠ ᠪᠤᠯᠬᠤ ᠶᠤᠮ᠃

    2015 ᠤᠨ ᠤ 11 ᠰᠠᠷ᠎ᠠ ᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠵᠢᠨ ᠫᠢᠩ 《ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ》ᠳᠦᠯᠦᠪᠯᠡᠬᠡ ᠶᠢ ᠳᠤᠷᠠᠳᠤᠵᠠᠢ᠃

    ᠬᠠᠷᠠᠯᠳᠠ ᠳᠤ᠂ ᠬᠦᠳᠡᠬᠡ ᠤᠷᠤᠨ ᠨᠤᠳᠤᠭ ᠤᠨ ᠶᠠᠳᠠᠭᠤ ᠬᠦᠴᠢᠷᠳᠡᠯᠳᠡᠢ ᠢᠷᠬᠡᠳ ᠢ ᠢᠳᠡᠬᠦ ᠡᠮᠦᠰᠬᠦ ᠳᠤᠳᠠᠭᠤᠯᠬᠤ ᠦᠬᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠡᠵᠤ᠂ ᠦᠨᠳᠦᠰᠦᠨ ᠡᠮ ᠡᠮᠨᠡᠯᠬᠡ ᠶᠢᠨ ᠳᠠᠭᠠᠳᠬᠠᠯ ᠪᠤᠯᠤᠨ ᠤᠷᠤᠨ ᠰᠠᠭᠤᠴᠠ ᠶᠢᠨ ᠠᠶᠤᠯᠬᠦᠢ ᠶᠢᠨ ᠪᠠᠳᠤᠯᠠᠭ᠎ᠠ ᠬᠠᠩᠭᠠᠨ᠎ᠠ; ᠶᠠᠳᠠᠭᠤ ᠬᠦᠴᠢᠷᠳᠡᠯᠳᠡᠢ ᠪᠦᠰᠡ ᠨᠤᠳᠤᠭ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢᠨ ᠨᠡᠮᠡᠭᠳᠡᠯ ᠢ ᠤᠯᠤᠰ ᠲᠠᠶᠠᠭᠠᠷ ᠤᠨ ᠳᠤᠮᠳᠠᠴᠢ ᠳᠦᠪᠰᠢᠨ ᠡᠴᠡ ᠳᠡᠬᠡᠬᠦᠷ ᠪᠠᠶᠢᠯᠭᠠᠵᠤ᠂ ᠦᠨᠳᠦᠰᠦᠨ ᠨᠡᠶᠢᠳᠡ ᠶᠢᠨ ᠦᠢᠯᠡᠴᠢᠯᠡᠬᠡᠨ ᠤ ᠭᠤᠤᠯ ᠴᠠᠷᠠᠭᠠᠨ ᠳ᠋ᠡᠬᠢ ᠵᠢᠭᠠᠯᠳᠠ ᠳᠤᠭ᠎ᠠ ᠶᠢ ᠮᠦᠨ ᠤᠯᠤᠰ ᠲᠠᠶᠠᠭᠠᠷ ᠤᠨ ᠳᠤᠮᠳᠠᠴᠢ ᠳᠦᠪᠰᠢᠨ ᠡᠴᠡ ᠳᠡᠬᠡᠬᠦᠷ ᠪᠠᠶᠢᠯᠭᠠᠨ᠎ᠠ; ᠮᠠᠨ ᠤ ᠤᠯᠤᠰ ᠤᠨ ᠤᠳᠤᠬᠠᠨ ᠤ ᠪᠠᠷᠢᠮᠵᠢᠶ᠎ᠠ ᠳᠤᠤᠷᠠᠬᠢ ᠬᠦᠳᠡᠬᠡ ᠤᠷᠤᠨ ᠨᠤᠳᠤᠭ ᠤᠨ ᠶᠠᠳᠠᠭᠤ ᠬᠦᠴᠢᠷᠳᠡᠯᠳᠡᠢ ᠢᠷᠬᠡᠳ ᠢ ᠶᠠᠳᠠᠭᠤ ᠡᠴᠡ ᠠᠩᠬᠢᠵᠢᠷᠠᠭᠤᠯᠵᠤ᠂ ᠶᠠᠳᠠᠭᠤ ᠰᠢᠶᠠᠨ ᠪ ᠶᠠᠳᠠᠭᠤ ᠮᠠᠯᠠᠭᠠᠢ ᠶᠢ ᠠᠪᠴᠤ ᠬᠠᠶᠠᠨ᠂ ᠪᠦᠰᠡ ᠨᠤᠳᠤᠭ ᠤᠨ ᠴᠢᠨᠠᠷᠳᠠᠢ ᠪᠦᠬᠦᠯᠢ ᠴᠤᠭᠴᠠ ᠶᠢᠨ ᠶᠠᠳᠠᠭᠤ ᠶᠢ ᠰᠢᠶ᠋ᠳᠪᠦᠷᠢᠯᠡᠨ᠎ᠡ ᠬᠡᠵᠡᠢ᠃

    《ᠢᠷᠡᠬᠦ 5 ᠵᠢᠯ ᠳᠤ ᠪᠢᠳᠡ ᠳᠤᠮᠳᠠᠳᠤ ᠤᠯᠤᠰ ᠤᠨ ᠤᠳᠤᠬᠠᠨ ᠤ ᠪᠠᠷᠢᠮᠵᠢᠶ᠎ᠠ ᠳᠤᠤᠷᠠᠬᠢ 7000 ᠭᠠᠷᠤᠢ ᠳᠦᠮᠡᠨ ᠶᠠᠳᠠᠭᠤ ᠬᠦᠴᠢᠷᠳᠡᠯᠳᠡᠢ ᠢᠷᠬᠡᠳ ᠢ ᠴᠦᠮ ᠶᠠᠳᠠᠭᠤ ᠡᠴᠡ ᠠᠩᠬᠢᠵᠢᠷᠠᠭᠤᠯᠤᠨ᠎ᠠ》 ᠬᠡᠵᠤ ᠰᠢ ᠵᠢᠨ ᠫᠢᠩ 2015 ᠤᠨ ᠤ ᠶᠠᠳᠠᠭᠤ ᠶᠢ ᠴᠦᠬᠡᠷᠡᠬᠦᠯᠬᠦ ᠪᠠ ᠬᠦᠭᠵᠢᠬᠦᠯᠬᠦ ᠳᠡᠬᠡᠳᠦ ᠳᠦᠪᠰᠢᠨ ᠤ ᠹᠤᠷᠦ᠋ᠮ ᠳᠡᠬᠡᠷ᠎ᠡ ᠬᠡᠯᠡᠪᠡ᠃

    《ᠨᠢᠬᠡ ᠵᠦᠢᠯ ᠤᠨ ᠬᠠᠷᠢᠭᠤᠴᠠᠯᠭᠠᠳᠤ ᠤᠬᠠᠮᠰᠠᠷ᠂ ᠶᠠᠭᠠᠷᠠᠪᠴᠢᠯᠠᠬᠤ ᠤᠬᠠᠮᠰᠠᠷ ᠲᠠᠢ ᠪᠠᠶᠢᠬᠤ ᠬᠡᠷᠡᠭᠳᠡᠢ》

    《40 ᠵᠢᠯ ᠤᠨ ᠳᠤᠷᠰᠢ ᠪᠢ ᠤᠷᠢᠳ ᠬᠤᠵᠢᠳ ᠳᠤᠮᠳᠠᠳᠤ ᠤᠯᠤᠰ ᠤᠨ ᠰᠢᠶᠠᠨ᠂ ᠬᠤᠳᠠ᠂ ᠮᠤᠵᠢ᠂ ᠳᠦᠪ ᠲᠤ ᠠᠵᠢᠯᠯᠠᠯ᠎ᠠ᠂ ᠳᠡᠷᠡ ᠳᠤᠮᠳᠠ ᠶᠠᠳᠠᠭᠤ ᠶᠢ ᠳᠡᠳᠬᠦᠬᠦ ᠶᠠᠪᠤᠳᠠᠯ ᠮᠢᠨᠤ ᠠᠵᠢᠯ ᠤᠨ ᠴᠢᠬᠤᠯᠠ ᠠᠭᠤᠯᠭ᠎ᠠ ᠪᠤᠯᠤᠭᠰᠠᠭᠠᠷ ᠢᠷᠡᠵᠤ ᠬᠠᠮᠤᠭ ᠤᠶᠤᠨ ᠴᠢᠳᠠᠯ ᠢᠶᠡᠨ ᠡᠷᠬᠦᠯ᠎ᠡ》 ᠬᠡᠵᠤ ᠰᠢ ᠵᠢᠨ ᠫᠢᠩ ᠶᠠᠷᠢᠵᠤ ᠦᠩᠬᠡᠷᠡᠵᠡᠢ᠃

    2012 ᠤᠨ ᠤ 12 ᠰᠠᠷ᠎ᠠ ᠶᠢᠨ 29 ᠳᠤ᠂ ᠶᠡᠷᠦᠩᠬᠡᠢ ᠱᠦᠵᠢ ᠶᠢᠨ ᠳᠤᠰᠢᠶᠠᠯ ᠳᠤ ᠭᠠᠷᠤᠭᠰᠠᠨ ᠤ ᠰᠠᠷ᠎ᠠ ᠭᠠᠷᠤᠢ ᠶᠢᠨ ᠳᠠᠷᠠᠭ᠎ᠠ ᠰᠢ ᠵᠢᠨ ᠫᠢᠩ ᠡᠾᠧᠪᠧᠢ ᠶᠢᠨ ᠹᠦᠫᠢᠩ ᠳᠤ ᠬᠦᠷᠴᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠠᠵᠢᠯ ᠢ ᠳᠤᠰᠬᠠᠶᠢᠯᠠᠨ ᠰᠢᠯᠭᠠᠵᠠᠢ᠃ ᠡᠬᠦᠨ ᠡᠴᠡ ᠳᠠᠷᠠᠭ᠎ᠠ ᠪᠡᠷ ᠤᠯᠤᠰ ᠲᠠᠶᠠᠭᠠᠷ ᠤᠨ 14 ᠳᠦᠪᠯᠡᠷᠡᠭᠰᠡᠨ ᠶᠠᠳᠠᠭᠤ ᠬᠦᠴᠢᠷᠳᠡᠯᠳᠡᠢ ᠪᠦᠰᠡ ᠳᠤ ᠬᠦᠷᠴᠤ ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠴᠢᠬᠤᠯᠠ ᠪᠤᠳᠤᠯᠭ᠎ᠠ ᠶᠢ ᠦᠨᠳᠦᠰᠦᠨ ᠱᠠᠳᠤᠨ ᠳᠤ ᠬᠦᠨᠵᠡᠬᠡᠶᠢᠷᠡᠬᠦ ᠳᠤᠮᠳᠠ ᠪᠡᠨ ᠢᠳᠡᠭ ᠢᠳᠡᠭ ᠢᠶᠡᠷ ᠪᠦᠷᠢᠯᠳᠦᠬᠦᠯᠵᠤ ᠡᠷᠴᠢᠮᠵᠢᠬᠦᠯᠪᠡ᠃

    《ᠪᠢᠳᠡ ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠤᠨᠴᠠᠭᠠᠶᠢᠯᠠᠨ ᠬᠤᠪᠢᠰᠬᠠᠯ ᠤᠨ ᠬᠠᠭᠤᠴᠢᠨ ᠤᠷᠤᠨ ᠢ ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠳᠤ ᠨᠢᠬᠡ ᠵᠦᠢᠯ ᠤᠨ ᠬᠠᠷᠢᠭᠤᠴᠠᠯᠭᠠᠳᠤ ᠤᠬᠠᠮᠰᠠᠷ᠂ ᠶᠠᠭᠠᠷᠠᠪᠴᠢᠯᠠᠬᠤ ᠤᠬᠠᠮᠰᠠᠷ ᠲᠠᠢ ᠪᠠᠶᠢᠬᠤ ᠬᠡᠷᠡᠭᠳᠡᠢ》 ᠬᠡᠵᠤ ᠰᠢ ᠵᠢᠨ ᠫᠢᠩ ᠬᠡᠯᠡᠵᠡᠢ᠃

    ᠬᠦᠨᠵᠡᠬᠡᠢ ᠰᠢᠨᠵᠢᠯᠡᠨ ᠰᠤᠳᠤᠯᠵᠤ 《ᠤᠨᠢᠨ ᠳᠡᠬᠡᠷ᠎ᠡ ᠨᠢ ᠳᠡᠳᠬᠦᠬᠦ》 ᠳᠦᠯᠦᠪᠯᠡᠬᠡ ᠶᠢ ᠳᠤᠭᠳᠠᠭᠠᠪᠠ

    ᠤᠯᠠᠨ ᠤᠯᠤᠰ ᠤᠨ ᠳᠤᠷᠰᠢᠯᠭ᠎ᠠ ᠳᠤ ᠦᠵᠡᠬᠦᠯᠦᠭᠰᠡᠨ ᠢᠶᠡᠷ᠂ ᠨᠢᠬᠡ ᠤᠯᠤᠰ ᠤᠨ ᠶᠠᠳᠠᠭᠤ ᠬᠦᠴᠢᠷᠳᠡᠯᠳᠡᠢ ᠢᠷᠬᠡᠳ ᠳᠤᠰ ᠤᠯᠤᠰ ᠤᠨ ᠢᠶᠡᠨ ᠪᠦᠬᠦ ᠢᠷᠬᠡᠳ ᠤᠨ 10% ᠡᠴᠡ ᠳᠤᠷᠤᠭᠰᠢ ᠪᠠᠶᠢᠬᠤ ᠦᠶᠡᠰ ᠶᠠᠳᠠᠭᠤ ᠶᠢ ᠴᠦᠬᠡᠷᠡᠬᠦᠯᠬᠦ ᠶᠠᠪᠤᠳᠠᠯ 《ᠬᠠᠮᠤᠭ ᠤᠨ ᠬᠡᠴᠡᠬᠦᠦ ᠪᠠᠶᠢᠳᠠᠯ》 ᠳᠤ ᠤᠷᠤᠳᠠᠭ ᠶᠤᠮ ᠪᠠᠶᠢᠨ᠎ᠠ᠃ 2012 ᠤᠨ ᠳᠤ ᠳᠤᠮᠳᠠᠳᠤ ᠤᠯᠤᠰ ᠤᠨ ᠡᠨᠡᠬᠦ ᠬᠠᠷᠢᠴᠠᠯ 10.2% ᠪᠠᠶᠢᠪᠠ᠃

    2011 ᠤᠨ ᠡᠴᠡ 2014 ᠤᠨ ᠪᠤᠯᠳᠠᠯ᠎ᠠ᠂ ᠳᠤᠮᠳᠠᠳᠤ ᠤᠯᠤᠰ ᠤᠨ ᠵᠢᠯ ᠪᠦᠷᠢ ᠳᠤ ᠶᠠᠳᠠᠭᠤ ᠡᠴᠡ ᠠᠩᠬᠢᠵᠢᠷᠠᠭᠰᠠᠨ ᠬᠦᠳᠡᠬᠡ ᠤᠷᠤᠨ ᠨᠤᠳᠤᠭ ᠤᠨ ᠢᠷᠬᠡᠨ ᠳᠤᠰ ᠳᠤᠰ 4329 ᠳᠦᠮᠡ᠂ 2339 ᠳᠦᠮᠡ᠂ 1650 ᠳᠦᠮᠡ᠂ 1232 ᠳᠦᠮᠡ ᠪᠠᠶᠢᠪᠠ᠃

    2013 ᠤᠨ ᠤ 11 ᠰᠠᠷ᠎ᠠ ᠳᠤ᠂ ᠰᠢ ᠵᠢᠨ ᠫᠢᠩ ᠬᠤᠨᠠᠨ ᠳᠤ ᠠᠵᠢᠯ ᠰᠢᠯᠭᠠᠬᠤ ᠳ᠋ᠠᠭᠠᠨ ᠨᠢᠰᠬᠦ ᠤᠩᠭᠤᠴᠠᠨ ᠭᠠᠵᠠᠷᠳᠠᠮᠠᠭᠴᠠ ᠬᠤᠨᠠᠨ ᠤ ᠪᠠᠷᠠᠭᠤᠨ ᠬᠡᠰᠡᠭ ᠲᠡᠬᠢ ᠬᠠᠮᠤᠭ ᠤᠨ ᠶᠠᠳᠠᠭᠤ ᠳᠤᠰᠬᠤᠨ ᠪᠤᠯᠬᠤ ᠱᠢ ᠪᠠ ᠳ᠋ᠦᠩ ᠳᠤᠰᠬᠤᠨ ᠳᠤ ᠰᠢᠭᠤᠳ ᠬᠦᠷᠦᠭᠰᠡᠨ ᠶᠤᠮ᠃ ᠶᠠᠭ ᠡᠨᠳᠡ ᠳᠡᠷᠡᠪᠡᠷ 《ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ》 ᠳᠦᠯᠦᠪᠯᠡᠬᠡ ᠶᠢ ᠳᠤᠷᠠᠳᠤᠵᠠᠢ᠃ ᠡᠨᠡᠬᠦ ᠳᠦᠯᠦᠪᠯᠡᠬᠡ ᠶᠠᠳᠠᠭᠤ ᠬᠦᠴᠢᠷᠳᠡᠯᠳᠡᠢ ᠠᠭᠤᠯᠠᠨ ᠳᠤᠰᠬᠤᠨ ᠨᠤᠭᠤᠳ ᠢᠶᠡᠷ ᠬᠡᠷᠡᠭᠵᠢᠬᠦᠯᠦᠭᠳᠡᠭᠰᠡᠨ ᠤ ᠳᠠᠷᠠᠭ᠎ᠠ᠂ 2017 ᠤᠨ ᠤ ᠪᠦᠷᠢᠳᠬᠡᠯ ᠢᠶᠡᠷ ᠤᠯᠤᠰ ᠲᠠᠶᠠᠭᠠᠷ ᠤᠨ 7000 ᠭᠠᠷᠤᠢ ᠳᠦᠮᠡᠨ ᠶᠠᠳᠠᠭᠤ ᠬᠦᠴᠢᠷᠳᠡᠯᠳᠡᠢ ᠢᠷᠬᠡᠳ ᠡᠴᠡ ᠨᠢᠬᠡᠨᠳᠡ 2700 ᠳᠦᠮᠡ ᠨᠢ ᠶᠠᠳᠠᠭᠤ ᠡᠴᠡ ᠪᠡᠨ ᠠᠩᠬᠢᠵᠢᠷᠠᠭᠰᠠᠨ ᠪᠠᠶᠢᠨ᠎ᠠ᠃

    ᠳᠡᠷᠡᠪᠡᠷ ᠶᠠᠳᠠᠭᠤ ᠡᠴᠡ ᠠᠩᠬᠢᠵᠢᠷᠠᠭᠤᠯᠬᠤ ᠵᠠᠮ ᠱᠤᠭᠤᠮ ᠢ ᠳᠤᠳᠤᠷᠬᠠᠢ ᠳᠤᠭᠳᠠᠭᠠᠪᠠ᠄ 2020 ᠤᠨ ᠬᠡᠬᠦ ᠳᠤ᠂ ᠠᠵᠤ ᠦᠢᠯᠡᠰ ᠢᠶᠡᠷ ᠳᠡᠳᠬᠦᠬᠦ ᠪᠤᠳᠤᠯᠭ᠎ᠠ ᠪᠡᠷ 3000 ᠳᠦᠮᠡᠨ ᠬᠦᠮᠦᠨ᠂ ᠰᠢᠯᠵᠢᠬᠦᠯᠵᠤ ᠠᠵᠢᠯ ᠦᠢᠯᠡᠰ ᠡᠷᠬᠢᠯᠡᠬᠦᠯᠦᠨ ᠳᠡᠳᠬᠦᠬᠦ ᠪᠤᠳᠤᠯᠭ᠎ᠠ ᠪᠡᠷ 1000 ᠳᠦᠮᠡᠨ ᠬᠦᠮᠦᠨ᠂ ᠨᠡᠬᠦᠯᠬᠡᠨ ᠳᠡᠳᠬᠦᠬᠦ ᠪᠤᠳᠤᠯᠭ᠎ᠠ ᠪᠡᠷ 1000 ᠳᠦᠮᠡᠨ ᠬᠦᠮᠦᠨ ᠢ ᠶᠠᠳᠠᠭᠤ ᠡᠴᠡ ᠠᠩᠬᠢᠵᠢᠷᠠᠭᠤᠯᠵᠤ᠂ ᠪᠠᠰᠠ 2000 ᠭᠠᠷᠤᠢ ᠳᠦᠮᠡᠨ ᠬᠦᠳᠡᠯᠮᠦᠷᠢᠯᠡᠬᠦ ᠴᠢᠳᠠᠪᠦᠷᠢ ᠪᠡᠨ ᠪᠦᠷᠢᠨ ᠪᠤᠶᠤ ᠬᠡᠰᠡᠭ ᠠᠯᠳᠠᠭᠰᠠᠨ ᠬᠦᠮᠦᠰ ᠢ ᠳᠤᠤᠷ᠎ᠠ ᠪᠠᠳᠤᠯᠠᠭᠠᠳᠤ ᠡᠷᠦᠬᠡ ᠶᠢᠨ ᠳᠤᠭᠠᠨ ᠳᠤ ᠪᠠᠭᠳᠠᠭᠠᠵᠤ ᠨᠡᠶᠢᠬᠡᠮ ᠤᠨ ᠳᠠᠭᠠᠳᠬᠠᠯ ᠤᠨ ᠪᠤᠳᠤᠯᠭ᠎ᠠ ᠶᠢ ᠳᠤᠤᠱᠳᠠᠢ ᠬᠡᠷᠡᠭᠵᠢᠬᠦᠯᠦᠨ᠎ᠡ᠃

    《ᠵᠤᠷᠰᠢᠯ ᠡᠴᠡ ᠳᠠᠪᠠᠭᠰᠠᠨ ᠠᠷᠭ᠎ᠠ ᠠᠪᠴᠠᠯ》 ᠢᠶᠡᠷ 《ᠪᠡᠬᠢᠯᠡᠯᠳᠡ ᠰᠢᠪᠳᠤᠯᠬᠤ ᠳᠠᠶᠢᠨ》 ᠬᠢᠨ᠎ᠡ

    《ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠳᠤ ᠡᠷᠬᠡᠪᠰᠢ ᠠᠰᠠᠭᠤᠳᠠᠯ ᠤᠨ ᠴᠢᠭᠯᠡᠯ ᠬᠠᠨᠳᠤᠯᠭ᠎ᠠ ᠶᠢ ᠪᠠᠷᠢᠮᠳᠠᠯᠠᠬᠤ ᠬᠡᠷᠡᠭᠳᠡᠢ᠂ ᠦᠬᠡᠷᠡᠴᠢᠯᠡᠯᠳᠡ ᠪᠡᠷ ᠬᠦᠳᠡᠯᠬᠡᠬᠦ ᠬᠦᠴᠦᠨ ᠪᠤᠯᠭᠠᠵᠤ᠂ ᠰᠢᠨᠵᠢᠯᠡᠬᠦ ᠤᠬᠠᠭᠠᠨ ᠤ ᠳᠤᠭᠳᠠᠯᠴᠠᠭ᠎ᠠ ᠪᠠᠶᠢᠭᠤᠯᠬᠤ ᠪᠡᠷ ᠭᠠᠷᠴᠠ ᠪᠤᠯᠭᠠᠨ ᠡᠯ᠎ᠡ ᠳᠠᠯ᠎ᠠ ᠶᠢᠨ ᠢᠳᠡᠪᠬᠢᠳᠡᠢ ᠡᠯᠧᠮᠧᠨ᠋ᠲ ᠢ ᠪᠦᠷᠢᠨ ᠳᠠᠶᠢᠴᠢᠯᠠᠵᠤ᠂ ᠪᠦᠬᠦ ᠰᠡᠳᠬᠢᠯ᠂ ᠪᠦᠬᠦ ᠬᠠᠶᠢᠷ᠎ᠠ᠂ ᠪᠦᠬᠦ ᠬᠦᠴᠦᠨ ᠢᠶᠡᠨ ᠡᠷᠬᠦᠨ ᠠᠵᠢᠯ ᠦᠷᠨᠢᠬᠦᠯᠬᠦ ᠬᠡᠷᠡᠭᠳᠡᠢ》 ᠬᠡᠵᠤ ᠰᠢ ᠵᠢᠨ ᠫᠢᠩ ᠳᠤᠳᠤᠷᠬᠠᠢ ᠳᠤᠷᠠᠳᠤᠵᠠᠢ᠃

    2015 ᠤᠨ ᠤ 11 ᠰᠠᠷ᠎ᠠ ᠳᠤ ᠳᠦᠪ ᠤᠨ ᠤᠯᠤᠰ ᠳᠦᠷᠦ ᠶᠢᠨ ᠳᠤᠪᠴᠢᠶᠠᠨ ᠤ ᠬᠤᠷᠠᠯ ᠢᠶᠡᠷ 《ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠳᠠᠶᠢᠨ ᠳᠤ ᠢᠯᠠᠯᠳᠠ ᠤᠯᠬᠤ ᠳᠤᠬᠠᠢ ᠳᠤᠭᠳᠠᠭᠠᠯ》 ᠢ ᠬᠢᠨᠠᠨ ᠪᠠᠳᠤᠯᠠᠵᠤ᠂ ᠮᠦᠨ ᠤᠨ ᠤ ᠮᠦᠨ ᠰᠠᠷ᠎ᠠ ᠳᠤ ᠬᠤᠷᠠᠯᠳᠤᠭᠰᠠᠨ ᠳᠦᠪ ᠡᠴᠡ ᠶᠠᠳᠠᠭᠤ ᠶᠢ ᠳᠡᠳᠬᠦᠵᠤ ᠬᠦᠭᠵᠢᠬᠦᠯᠬᠦ ᠠᠵᠢᠯ ᠤᠨ ᠬᠤᠷᠠᠯ ᠢᠶᠡᠷ ᠳᠤᠮᠳᠠ ᠪᠠᠷᠠᠭᠤᠨ ᠪᠦᠰᠡ ᠶᠢᠨ 22 ᠮᠤᠵᠢ ᠳᠤᠭᠤᠷᠢᠭ ᠬᠤᠳᠠ ᠶᠢᠨ ᠨᠠᠮ ᠵᠠᠰᠠᠭ ᠤᠨ ᠨᠢᠬᠡᠳᠦᠬᠡᠷ ᠭᠠᠷ ᠳᠦᠪ ᠬᠤᠷᠢᠶ᠎ᠠ ᠲᠠᠢ《ᠶᠠᠳᠠᠭᠤ ᠡᠴᠡ ᠠᠩᠬᠢᠵᠢᠷᠠᠭᠤᠯᠵᠤ ᠪᠡᠬᠢᠯᠡᠯᠳᠡ ᠰᠢᠪᠳᠤᠯᠬᠤ ᠬᠠᠷᠢᠭᠤᠴᠠᠯᠭ᠎ᠠ ᠶᠢᠨ ᠪᠢᠴᠢᠭ᠌》 ᠲᠤ ᠭᠠᠷ ᠤᠨ ᠦᠰᠦᠭ ᠵᠢᠷᠤᠭᠰᠠᠨ ᠪᠠᠶᠢᠨ᠎ᠠ᠃

    ᠰᠢ ᠵᠢᠨ ᠫᠢᠩ ᠡᠾᠧᠪᠧᠢ ᠶᠢᠨ ᠹᠦᠫᠢᠩ ᠳᠤ ᠠᠵᠢᠯ ᠰᠢᠯᠭᠠᠬᠤ ᠦᠶ᠎ᠡ ᠳᠤ ᠶᠠᠳᠠᠭᠤ ᠡᠴᠡ ᠠᠩᠬᠢᠵᠢᠷᠠᠭᠤᠯᠬᠤ ᠳᠤᠬᠠᠢ ᠬᠤᠶᠠᠷ ᠤᠳᠠᠭᠠᠨ ᠤ ᠬᠤᠷᠠᠯ ᠬᠤᠷᠠᠯᠳᠤᠭᠤᠯᠵᠤ᠂ 2016 ᠤᠨ ᠤ 2 ᠰᠠᠷ᠎ᠠ ᠳᠤ ᠱᠠᠨᠰᠢ ᠳᠤ ᠠᠵᠢᠯ ᠰᠢᠯᠭᠠᠬᠤ ᠦᠶ᠎ᠡ ᠪᠡᠷ ᠱᠠᠨᠰᠢ᠂ ᠭᠠᠨᠰᠤ᠂ ᠨᠢᠩᠰᠢᠶᠠ ᠶᠢᠨ ᠬᠤᠪᠢᠰᠬᠠᠯ ᠤᠨ ᠬᠠᠭᠤᠴᠢᠨ ᠤᠷᠤᠨ ᠢ ᠶᠠᠳᠠᠭᠤ ᠡᠴᠡ ᠠᠩᠬᠢᠵᠢᠷᠠᠭᠤᠯᠵᠤ ᠴᠢᠨᠡᠬᠡᠯᠢᠭᠵᠢᠬᠦᠯᠬᠦ ᠳᠤᠬᠠᠢ ᠬᠤᠷᠠᠯ ᠬᠤᠷᠠᠯᠳᠤᠭᠤᠯᠤᠭᠰᠠᠨ ᠪᠤᠯ᠂ 2016 ᠤᠨ ᠤ 7 ᠰᠠᠷ᠎ᠠ ᠳᠤ ᠢᠷᠭᠠᠢ ᠬᠤᠳᠠ ᠳᠤ ᠵᠡᠬᠦᠨ ᠪᠠᠷᠠᠭᠤᠨ ᠪᠦᠰᠡ ᠨᠤᠳᠤᠭ ᠤᠨ ᠶᠠᠳᠠᠭᠤ ᠶᠢ ᠳᠡᠳᠬᠦᠬᠦ ᠳᠤᠬᠠᠢ ᠬᠤᠷᠠᠯ ᠢ ᠬᠤᠷᠠᠯᠳᠤᠭᠤᠯᠵᠠᠢ᠃

    ᠡᠨᠡ ᠵᠢᠯ ᠤᠨ 6 ᠰᠠᠷ᠎ᠠ ᠳᠤ ᠰᠢ ᠵᠢᠨ ᠫᠢᠩ ᠱᠠᠨ ᠰᠢ ᠳᠤ ᠠᠵᠢᠯ ᠰᠢᠯᠭᠠᠬᠤ ᠬᠤᠭᠤᠴᠠᠭᠠᠨ ᠳᠠᠭᠠᠨ ᠬᠤᠷᠠᠯ ᠬᠤᠷᠠᠯᠳᠤᠭᠤᠯᠵᠤ ᠤᠨᠴᠠᠭᠠᠢ ᠶᠠᠳᠠᠭᠤ ᠬᠦᠴᠢᠷᠳᠡᠯᠳᠡᠢ ᠪᠦᠰᠡ ᠨᠤᠳᠤᠭ ᠤᠨ ᠢᠷᠬᠡᠳ ᠢ ᠶᠠᠳᠠᠭᠤ ᠡᠴᠡ ᠠᠩᠬᠢᠵᠢᠷᠠᠭᠤᠯᠬᠤ ᠳᠠᠯ᠎ᠠ ᠪᠡᠷ ᠠᠵᠢᠯ ᠪᠠᠶᠢᠷᠢᠰᠢᠭᠤᠯᠪᠠ᠃

    ᠢᠷᠬᠡᠳ ᠤᠨ ᠵᠦᠪᠰᠢᠶᠡᠷᠡᠯ ᠢ ᠤᠯᠵᠤ ᠳᠡᠤᠬᠡ ᠶᠢᠨ ᠰᠢᠯᠭᠠᠯᠳᠠ ᠶᠢ ᠳᠤᠭᠤᠯᠵᠤ ᠴᠢᠳᠠᠭᠰᠠᠨ ᠪᠠᠶᠢᠬᠤ ᠬᠡᠷᠡᠭᠳᠡᠢ

    ᠠᠯᠢ ᠡᠷᠳᠡ 2012 ᠤᠨ ᠤ 12 ᠰᠠᠷ᠎ᠠ ᠳᠤ ᠰᠢ ᠵᠢᠨ ᠫᠢᠩ《ᠬᠦᠳᠡᠬᠡ ᠤᠷᠤᠨ ᠨᠤᠳᠤᠭ ᠴᠢᠨᠡᠬᠡᠯᠢᠭᠵᠢᠬᠦ ᠦᠬᠡᠢ ᠪᠤᠯ᠂ ᠤᠨᠴᠭᠠᠶᠢᠯᠠᠨ ᠶᠠᠳᠠᠭᠤ ᠬᠦᠴᠢᠷᠳᠡᠯᠳᠡᠢ ᠪᠦᠰᠡ ᠨᠤᠳᠤᠭ ᠴᠢᠨᠡᠬᠡᠯᠢᠭᠵᠢᠬᠦ ᠦᠬᠡᠢ ᠪᠤᠯ ᠪᠦᠬᠦ ᠳᠠᠯ᠎ᠠ ᠪᠡᠷ ᠪᠠᠶᠢᠭᠤᠯᠤᠭᠳᠠᠭᠰᠠᠨ ᠴᠢᠨᠡᠬᠡᠯᠢᠭ ᠨᠡᠶᠢᠬᠡᠮ ᠭᠡᠵᠤ ᠪᠠᠶᠢᠵᠤ ᠴᠢᠳᠠᠬᠤ ᠦᠬᠡᠢ》ᠬᠡᠳ 《ᠤᠯᠠᠨ ᠢᠶᠡᠷ ᠡᠨᠡ ᠦᠬᠡᠨ ᠤ ᠤᠳᠬ᠎ᠠ ᠶᠢ ᠰᠠᠶᠢᠳᠤᠷ ᠨᠢᠬᠳᠠᠯᠠᠵᠤ ᠦᠵᠡᠬᠡᠷᠡᠢ》 ᠬᠡᠵᠤ ᠬᠡᠯᠡᠭᠰᠡᠨ ᠪᠠᠶᠢᠳᠠᠭ᠃

    ᠳᠤᠭ᠎ᠠ ᠪᠦᠷᠢᠳᠬᠡᠯ ᠢ ᠦᠨᠳᠦᠰᠦᠯᠡᠪᠡᠯ᠂ 2013 ᠤᠨ ᠡᠴᠡ 2016 ᠤᠨ ᠤ 4 ᠰᠠᠷ᠎ᠠ ᠪᠤᠯᠳᠠᠯ᠎ᠠ ᠨᠡᠶᠢᠳᠡ 5565 ᠳᠦᠮᠡᠨ ᠬᠦᠮᠦᠨ ᠢ ᠶᠠᠳᠠᠭᠤ ᠡᠴᠡ ᠠᠩᠬᠢᠵᠢᠷᠠᠭᠤᠯᠵᠤ᠂ ᠶᠠᠳᠠᠭᠤᠷᠠᠯ ᠤᠨ ᠨᠤᠷᠮ᠎ᠠ 2012 ᠤᠨ ᠤ ᠰᠡᠬᠦᠯᠴᠢ ᠶᠢᠨ 10.2% ᠪᠠᠶᠢᠭᠰᠠᠨ ᠡᠴᠡ 2016 ᠤᠨ ᠤ ᠰᠡᠬᠦᠯᠴᠢ ᠪᠤᠯᠬᠤ ᠳᠤ ᠪᠠᠭᠤᠷᠠᠭᠠᠳ 4.5% ᠪᠤᠯᠪᠠ᠃

    7 ᠰᠠᠷ᠎ᠠ ᠶᠢᠨ 26 ᠤ ᠡᠳᠦᠷ᠂ ᠰᠢ ᠵᠢᠨ ᠫᠢᠩ ᠮᠤᠵᠢ ᠶᠠᠮᠤᠨ ᠤ ᠳᠡᠰ ᠤᠨ ᠭᠤᠤᠯ ᠤᠳᠤᠷᠢᠳᠬᠤ ᠺᠠᠳ᠋ᠷᠴᠤᠳ ᠤᠨ ᠳᠤᠰᠬᠠᠢ ᠰᠡᠳᠦᠪᠳᠤ ᠶᠠᠷᠢᠯᠴᠠᠬᠤ ᠬᠤᠷᠠᠯ ᠳᠡᠬᠡᠷ᠎ᠡ ᠴᠢᠬᠤᠯᠠ ᠶᠠᠷᠢᠶ᠎ᠠ ᠳᠠᠯᠪᠢᠬᠤ ᠳ᠋ᠠᠭᠠᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠳᠤ ᠢᠷᠬᠡᠳ ᠤᠨ ᠵᠦᠪᠰᠢᠶᠡᠷᠡᠯ ᠢ ᠤᠯᠵᠤ᠂ ᠳᠡᠤᠬᠡ ᠶᠢᠨ ᠰᠢᠯᠭᠠᠯᠳᠠ ᠶᠢ ᠳᠤᠭᠤᠯᠵᠤ ᠴᠢᠳᠠᠭᠰᠠᠨ ᠪᠠᠶᠢᠬᠤ ᠬᠡᠷᠡᠭᠳᠡᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121650546