蒙古文网站Logo
ᠰᠢᠨᠬᠤᠸᠠ ᠮᠤᠩᠭ᠋ᠤᠯ ᠨᠧᠲ

ᠼᠠᠢ ᠮᠢᠩ ᠵᠤᠤ ᠹᠷᠠᠨᠼᠢ ᠶᠢᠨ ᠮᠡᠳᠡᠬᠡᠯᠡᠯ ᠤᠨ ᠬᠤᠷᠢᠶᠠᠨ ᠤ ᠳᠠᠷᠤᠭ᠎ᠠ ᠲᠠᠢ ᠠᠭᠤᠯᠵᠠᠪᠠ

2017-09-13 16:27

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ   ᠰᠢᠨᠬᠤᠧᠠ ᠬᠤᠷᠢᠶᠠᠨ ᠤ ᠳᠠᠷᠤᠭ᠎ᠠ ᠼᠠᠢ ᠮᠢᠩ ᠵᠤᠤ 12 ᠤᠨ ᠡᠳᠦᠷ ᠪᠡᠬᠡᠵᠢᠩ ᠳᠤ ᠹᠷᠠᠨᠼᠢ ᠶᠢᠨ ᠮᠡᠳᠡᠬᠡᠯᠡᠯ ᠤᠨ ᠬᠤᠷᠢᠶᠠᠨ ᠤ ᠳᠠᠷᠤᠭ᠎ᠠ ᠲᠠᠢ ᠠᠭᠤᠯᠵᠠᠵᠤ ᠬᠤᠶᠠᠷ ᠮᠡᠳᠡᠬᠡᠯᠡᠯ ᠤᠨ ᠬᠤᠷᠢᠶᠠᠨ ᠤ ᠬᠠᠮᠳᠤ ᠶᠢᠨ ᠠᠵᠢᠯᠯᠠᠭᠠᠨ ᠤ ᠳᠠᠯ᠎ᠠ ᠪᠡᠷ ᠰᠠᠨᠠᠯ ᠰᠤᠯᠢᠯᠴᠠᠭᠰᠠᠨ ᠪᠠᠶᠢᠨ᠎ᠠ᠃

    ᠼᠠᠢ ᠮᠢᠩ ᠵᠤᠤ᠂ ᠡᠨᠡ ᠵᠢᠯ ᠪᠤᠯ ᠰᠢᠨᠬᠤᠧᠠ ᠬᠤᠷᠢᠶ᠎ᠠ ᠪᠤᠯᠤᠨ ᠹᠷᠠᠨᠼᠢ ᠶᠢᠨ ᠮᠡᠳᠡᠬᠡᠯᠡᠯ ᠤᠨ ᠬᠤᠷᠢᠶ᠎ᠠ ᠬᠡᠪᠯᠡᠯ ᠮᠡᠳᠡᠬᠡᠯᠡᠯ ᠤᠨ ᠳᠠᠯ᠎ᠠ ᠪᠡᠷ ᠬᠠᠮᠳᠤᠷᠠᠨ ᠠᠵᠢᠯᠯᠠᠬᠤ ᠬᠡᠯᠡᠯᠴᠡᠬᠡᠷ ᠲᠤ ᠭᠠᠷ ᠤᠨ ᠦᠰᠦᠭ ᠵᠢᠷᠤᠭᠰᠠᠨ ᠤ 60 ᠵᠢᠯ ᠤᠨ ᠤᠢ ᠪᠤᠯᠤᠨ᠎ᠠ᠃ ᠬᠤᠶᠠᠷ ᠳᠠᠯ ᠠ ᠪᠡᠷ ᠢᠶᠡᠨ ᠨᠡᠯᠢᠶᠡᠳ ᠰᠠᠶᠢᠨ ᠬᠠᠮᠳᠤ ᠶᠢᠨ ᠠᠵᠢᠯᠯᠠᠭᠠᠨ ᠤ ᠬᠠᠷᠢᠯᠴᠠᠭ᠎ᠠ ᠪᠡᠨ ᠦᠷᠬᠦᠯᠵᠢᠯᠡᠨ ᠪᠠᠳᠤᠯᠠᠵᠤ᠂ ᠤᠯᠠᠮᠵᠢᠯᠠᠯᠳᠤ ᠬᠡᠪᠯᠡᠯ ᠮᠡᠳᠡᠬᠡᠯᠡᠯ ᠤᠨ ᠵᠠᠭᠪᠤᠷ ᠤᠨ ᠦᠬᠡᠷᠡᠴᠢᠯᠡᠯᠳᠡ ᠶᠢᠨ ᠳᠠᠯ᠎ᠠ ᠪᠡᠷ ᠤᠶᠢᠯᠠᠭᠠᠯᠴᠠᠵᠤ ᠬᠠᠮᠳᠤᠷᠠᠨ ᠠᠵᠢᠯᠯᠠᠬᠤ ᠶᠢ ᠬᠦᠰᠡᠵᠤ ᠪᠤᠢ ᠬᠡᠵᠡᠢ᠃ ᠳᠡᠷᠡᠪᠡᠷ ᠪᠠᠰᠠ ᠰᠢᠨᠬᠤᠧᠠ ᠬᠤᠷᠢᠶᠠᠨ ᠤ ᠵᠢᠷᠤᠭ᠂ ᠪᠤᠭᠤᠨᠢ ᠸᠢᠳᠢᠣ᠋᠂ ᠮᠦᠩᠬᠦᠨ ᠬᠦᠢᠯᠬᠡᠬᠡᠨ ᠤ ᠰᠤᠷᠠᠭ ᠵᠠᠩᠬᠢ᠂ ᠲᠧᠭᠨᠤᠯᠤᠬᠢ ᠶᠢᠨ ᠰᠤᠳᠤᠯᠤᠨ ᠨᠡᠬᠡᠬᠡᠯᠳᠡ ᠵᠡᠷᠬᠡ ᠳᠠᠯ᠎ᠠ ᠪᠡᠷ ᠬᠢ ᠠᠬᠢᠯᠳᠠ ᠳᠠᠪᠰᠢᠯᠳᠠ ᠶᠢ ᠳᠠᠨᠢᠯᠴᠠᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121656980