蒙古文网站Logo
ᠰᠢᠨᠬᠤᠸᠠ ᠮᠤᠩᠭ᠋ᠤᠯ ᠨᠧᠲ

ᠰᠤᠯᠾᠠᠶᠢᠮ᠄ ᠳᠤᠮᠳᠠᠳᠤ ᠤᠯᠤᠰ ᠲᠡᠯᠡᠬᠡᠢ ᠳ᠋ᠠᠬᠢᠨ ᠲᠠᠢ ᠡᠯᠡᠰᠤ ᠵᠠᠰᠠᠭᠰᠠᠨ ᠠᠮᠵᠢᠯᠲᠠ ᠪᠡᠨ ᠬᠤᠪᠢᠶᠠᠯᠴᠠᠬᠤ ᠶᠢ ᠬᠦᠰᠡᠨ ᠡᠷᠡᠮᠡᠯᠵᠡᠵᠤ ᠪᠤᠢ

2017-09-13 16:49

    ᠰᠢᠨᠬᠤᠸᠠ ᠬᠤᠷᠢᠶ᠎ᠠ   ᠬᠦᠬᠡᠬᠤᠳᠠ ᠶᠢᠨ 9 ᠰᠠᠷ᠎ᠠ ᠶᠢᠨ 12 ᠤᠨ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠰᠦᠨ ᠸᠧᠨ ᠢ ᠽᠦᠸᠧ ᠹᠠᠩ᠂ ᠯᠢ ᠶᠦᠨ ᠫᠢᠩ) ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠨᠠᠷᠢᠨ ᠪᠢᠴᠢᠭ᠌ ᠤᠨ ᠲᠡᠳ᠋ ᠲᠠᠷᠤᠭ᠎ᠠ᠂ ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠤᠷᠴᠢᠨ ᠲᠤᠭᠤᠷᠢᠨ  ᠢ ᠲᠦᠯᠦᠪᠵᠢᠭᠦᠯᠬᠦ ᠵᠠᠬᠢᠷᠭᠠᠨ ᠤ ᠬᠦᠢᠴᠡᠳᠬᠡᠬᠦ ᠡᠷᠬᠢᠯᠡᠭᠴᠢ ᠧᠷᠢᠺ·ᠰᠤᠯᠾᠠᠶᠢᠮ《ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠢᠢᠯᠡᠨ ᠵᠠᠰᠠᠬᠤ ᠨᠡᠢᠢᠳᠡ ᠵᠢᠨ ᠬᠡᠷ᠎ᠠ》ᠵᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠦ ᠲᠠᠯ᠎ᠠ ᠵᠢᠨ ᠶᠡᠭᠡ ᠬᠤᠷᠠᠯ ᠤᠨ ᠲᠡᠭᠡᠳᠦ ᠵᠡᠷᠭᠡᠯᠡᠯ ᠤᠨ ᠬᠤᠷᠠᠯ ᠤᠨ ᠬᠤᠭᠤᠴᠠᠭᠠᠨ ᠳᠤ ᠰᠢᠨᠬᠤᠸᠠ ᠬᠤᠷᠢᠶ᠎ᠠ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ  ᠳᠡᠭᠡᠨ ᠲᠤᠮᠳᠠᠳᠤ ᠤᠯᠤᠰ ᠤᠨ ᠡᠯᠡᠰᠦ ᠶᠢ ᠰᠡᠷᠬᠡᠶᠢᠯᠡᠨ ᠵᠠᠰᠠᠭᠰᠠᠨ ᠠᠮᠵᠢᠯᠳᠠ ᠶᠢ ᠲᠡᠭᠡᠳᠤ ᠬᠡᠮᠵᠢᠶ᠎ᠡ ᠪᠡᠷ ᠦᠨᠡᠯᠡᠵᠤ᠂ ᠲᠤᠮᠳᠠᠳᠤ ᠤᠯᠤᠰ ᠲᠤᠰ ᠤᠳᠠᠭᠠᠨ ᠤ ᠬᠤᠷᠠᠯ ᠳᠡᠭᠡᠷ᠎ᠡ ᠪᠤᠶᠤ ᠢᠷᠡᠭᠡᠳᠤᠢ ᠳᠤ ᠡᠯᠡᠰᠦ ᠵᠠᠰᠠᠭᠰᠠᠨ ᠠᠷᠭ᠎ᠠ ᠬᠡᠮᠵᠢᠶ᠎ᠠ ᠪᠡᠨ ᠲᠡᠯᠡᠬᠡᠢ ᠶᠢᠨ ᠡᠯ᠎ᠡ ᠤᠯᠤᠰ ᠲᠠᠢ ᠬᠤᠪᠢᠶᠠᠯᠴᠠᠬᠤ ᠶᠢ ᠬᠦᠰᠡᠵᠤ ᠪᠠᠶᠢᠨ᠎ᠠ ᠬᠡᠵᠡᠢ᠃

    ᠲᠡᠷᠡᠪᠡᠷ᠂ ᠮᠢᠨᠦ ᠦᠵᠡᠬᠦ ᠪᠡᠷ ᠬᠠᠮᠤᠭ ᠤᠨ ᠴᠢᠬᠤᠯᠠ ᠨᠢ ᠲᠤᠮᠳᠠᠳᠤ ᠤᠯᠤᠰ ᠡᠯᠡᠰᠦᠨ ᠴᠦᠯ ᠢ ᠠᠰᠠᠭᠤᠳᠠᠯ ᠢᠶᠡᠷ ᠦᠵᠡᠭᠰᠡᠨ ᠦᠭᠡᠢ ᠬᠠᠷᠢᠨ ᠨᠢᠬᠡᠨ ᠵᠠᠪᠰᠢᠶᠠᠨ ᠲᠤᠬᠢᠶᠠᠯ ᠪᠤᠯᠭᠠᠬᠰᠠᠨ ᠪᠠᠶᠢᠨ᠎ᠠ᠂ ᠡᠯᠡᠰᠦᠨ ᠴᠦᠯ ᠢ ᠨᠤᠭᠤᠭᠠᠷᠠᠭᠤᠯᠬᠤ ᠶᠢᠨ ᠬᠠᠮᠳᠤ ᠠᠵᠢᠯ ᠤᠯᠭᠤᠯᠳᠠ ᠪᠤᠯᠤᠨ ᠶᠠᠳᠠᠭᠤ ᠡᠴᠡ ᠠᠩᠬᠢᠵᠢᠷᠠᠭᠤᠯᠬᠤ ᠠᠵᠠ ᠲᠤᠬᠢᠶᠠᠯ ᠢ ᠠᠪᠴᠢᠷᠠᠭᠰᠠᠨ ᠪᠠᠶᠢᠨ᠎ᠠ ᠬᠡᠵᠡᠢ᠃

    ᠰᠤᠯᠾᠠᠶᠢᠮ ᠦᠨᠦ ᠵᠢᠯ ᠤᠨ 6 ᠰᠠᠷ᠎ᠠ ᠳᠤ ᠤᠷᠳᠤᠰ ᠬᠤᠳᠠ ᠶᠢᠨ ᠬᠦᠪᠴᠢ ᠶᠢᠨ ᠡᠯᠡᠰᠦᠨ ᠴᠦᠯ ᠳᠤ ᠪᠠᠶᠢᠴᠠᠭᠠᠯᠳᠠ ᠬᠢᠵᠤ᠂ 《 ᠬᠦᠪᠴᠢ ᠶᠢᠨ ᠵᠠᠭᠪᠤᠷ》 ᠢ᠋ ᠲᠡᠭᠡᠳᠤ ᠬᠡᠮᠵᠢᠶ᠎ᠡ ᠪᠡᠷ ᠦᠨᠡᠯᠡᠵᠡᠢ᠃ ᠲᠡᠷᠡᠪᠡᠷ᠂ ᠬᠦᠪᠴᠢ ᠶᠢᠨ ᠡᠯᠡᠰᠦ ᠶᠢ ᠵᠠᠰᠠᠭᠰᠠᠨ ᠠᠷᠭ᠎ᠠ ᠨᠢ ᠪᠦᠬᠦ ᠪᠦᠮᠪᠦᠷᠴᠡᠭ ᠲᠤ ᠰᠠᠶᠢᠨ ᠵᠠᠭᠪᠤᠷ ᠬᠠᠩᠭ᠋ᠠᠵᠤ᠂ ᠬᠦᠪᠴᠢ ᠶᠢᠨ ᠡᠯᠡᠰᠦᠨ ᠴᠦᠯ ᠢ ᠨᠤᠭᠤᠭᠠᠷᠠᠭᠤᠯᠬᠤ ᠶᠢᠨ ᠬᠠᠮᠳᠤ ᠨᠠᠷᠠᠨ ᠤ ᠡᠨᠧᠷᠭᠢ ᠪᠡᠷ ᠴᠠᠬᠢᠯᠭᠠᠨ ᠭᠠᠷᠭᠠᠬᠤ᠂ ᠠᠮᠢ ᠠᠬᠤᠢ ᠶᠢᠨ ᠠᠶᠠᠯᠠᠯ ᠵᠢᠭᠤᠯᠴᠢᠯᠠᠯ᠂ ᠡᠮ  ᠤᠨ ᠮᠠᠲ᠋ᠸᠷᠢᠶᠠᠯ ᠲᠠᠷᠢᠬᠤ ᠵᠡᠷᠬᠡ ᠬᠦᠷᠢᠶ᠎ᠡ ᠴᠠᠷᠠᠭᠠᠨ ᠳᠤ ᠲᠤᠬᠠᠢ ᠶᠢᠨ ᠭᠠᠵᠠᠷ ᠤᠨ ᠢᠷᠭᠡᠳ ᠲᠤ ᠠᠵᠢᠯ ᠤᠯᠭᠤᠬᠤ ᠲᠤᠬᠢᠶᠠᠯ ᠬᠠᠩᠭ᠋ᠠᠭᠰᠠᠨ ᠪᠠᠶᠢᠨ᠎ᠠ᠃

    ᠬᠦᠪᠴᠢ ᠶᠢᠨ ᠡᠯᠡᠰᠦᠨ ᠴᠦᠯ ᠪᠤᠯ ᠲᠤᠮᠳᠠᠳᠤ ᠤᠯᠤᠰ ᠤᠨ ᠲᠤᠯᠤᠳᠤᠭᠠᠷ ᠶᠡᠬᠡ ᠡᠯᠡᠰᠦᠨ ᠴᠦᠯ᠂ 1.86 ᠲᠦᠮᠡᠨ ᠺᠦᠸᠠᠳ᠋ ᠺᠢᠯᠤᠮᠧᠲ᠋ᠷ ᠲᠠᠯᠠᠪᠠᠢ ᠲᠠᠢ᠂ ᠪᠡᠭᠡᠵᠢᠩ ᠡᠴᠡ ᠨᠡᠯᠢᠶᠡᠳ ᠤᠶᠢᠷ᠎ᠠ ᠪᠠᠶᠢᠳᠠᠭ ᠡᠯᠡᠰᠦᠨ ᠴᠦᠯ ᠪᠤᠯᠤᠨ᠎ᠠ᠃ ᠬᠦᠨᠳᠤ ᠡᠪᠳᠡᠭᠳᠡᠭᠰᠡᠨ ᠠᠮᠢ ᠠᠬᠤᠢ ᠨᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠶᠠᠳᠠᠭᠤ ᠬᠦᠴᠢᠷᠳᠡᠯ ᠤᠨ ᠦᠨᠳᠦᠰᠦ ᠪᠤᠯᠵᠤ ᠮᠦᠨ ᠪᠡᠭᠡᠵᠢᠩ ᠤᠨ ᠤᠷᠢᠳᠤ ᠶᠢᠨ ᠰᠠᠯᠬᠢ ᠰᠢᠭᠤᠷᠭ᠎ᠠ ᠶᠢᠨ ᠡᠬᠢ ᠪᠤᠯᠵᠤ ᠪᠠᠶᠢᠬᠰᠠᠨ ᠶᠤᠮ᠃ 30 ᠵᠢᠯ ᠤᠨ ᠴᠦᠬᠦᠷᠡᠯ ᠦᠭᠡᠢ ᠴᠢᠷᠮᠠᠶᠢᠯᠭ᠎ᠠ ᠪᠡᠷ 6000 ᠭᠠᠷᠤᠢ ᠺᠦᠸᠠᠳ᠋ ᠺᠢᠯᠤᠮᠧᠲ᠋ᠷ ᠤᠨ ᠡᠯᠡᠰᠦᠨ ᠴᠦᠯ ᠢ ᠨᠢᠭᠡᠨᠲᠡ ᠵᠠᠰᠠᠵᠠᠢ᠃

    《ᠬᠦᠪᠴᠢ ᠶᠢᠨ ᠵᠠᠭᠪᠤᠷ》 ᠤ᠋ᠨ ᠭᠤᠤᠯ ᠠᠭᠤᠯᠤᠭᠳᠠᠬᠤᠨ ᠨᠢ ᠰᠢᠨᠵᠢᠯᠡᠬᠦ ᠤᠬᠠᠭᠠᠨ ᠲᠧᠭᠨᠤᠯᠤᠬᠢ ᠪᠡᠷ ᠠᠵᠤ ᠠᠬᠤᠶᠢᠯᠠᠯ ᠤᠨ ᠬᠦᠭ᠍ᠵᠢᠯᠳᠡ ᠶᠢ ᠲᠠᠭᠠᠭᠤᠯᠤᠨ᠂ ᠠᠵᠤ ᠠᠬᠤᠶᠢᠯᠠᠯ ᠨᠢ ᠡᠯᠡᠰᠦ ᠶᠢ ᠵᠠᠰᠠᠵᠤ᠂ ᠠᠮᠢ ᠠᠬᠤᠢ ᠨᠢ ᠢᠷᠭᠡᠳ ᠤᠨ ᠠᠮᠢᠵᠢᠷᠠᠭᠠᠨ ᠢ ᠰᠶᠢᠵᠢᠷᠠᠭᠤᠯᠤᠭᠰᠠᠨ ᠪᠠᠶᠢᠨ᠎ᠠ᠃ ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠤᠷᠴᠢᠨ ᠲᠤᠭᠤᠷᠢᠨ ᠢ ᠲᠦᠯᠦᠪᠵᠢᠭᠦᠯᠬᠦ ᠨᠢᠬᠡ ᠮᠡᠳᠡᠬᠦᠯᠦᠯᠳᠡ ᠳᠤ᠂ 《ᠬᠦᠪᠴᠢ ᠶᠢᠨ ᠵᠠᠭᠪᠤᠷ》 ᠨᠢ ᠵᠠᠰᠠᠭ ᠤᠨ ᠤᠷᠳᠤᠨ ᠤ ᠲᠡᠮᠵᠢᠯᠬᠡ᠂ ᠠᠵᠤ ᠠᠬᠤᠶᠢᠯᠠᠯ ᠤᠨ ᠬᠦᠷᠦᠩᠬᠡ ᠤᠷᠤᠯᠠᠭᠤᠯᠤᠯᠳᠠ᠂ ᠲᠤᠬᠠᠢ ᠶᠢᠨ ᠭᠠᠵᠠᠷ ᠤᠨ ᠢᠷᠭᠡᠳ ᠤᠨ ᠵᠠᠬᠠᠴᠢᠯᠠᠬᠰᠠᠨ ᠬᠡᠯᠪᠡᠷᠢ ᠤᠨ ᠢᠳᠡᠪᠬᠢᠲᠡᠢ ᠤᠷᠤᠯᠴᠠᠯᠭ᠎ᠠ ᠤᠶᠠᠯᠳᠤᠭᠰᠠᠨ ᠡᠯᠡᠰᠦ ᠶᠢ ᠵᠠᠰᠠᠬᠤ ᠵᠠᠭᠪᠤᠷ ᠪᠤᠯᠬᠤ ᠪᠦᠭᠡᠳ ᠢᠯᠡᠷᠬᠡᠢ ᠦᠷ᠎ᠡ ᠪᠦᠲᠦᠮᠵᠢ ᠤᠯᠵᠠᠢ ᠭᠡᠵᠤ ᠳᠤᠷᠠᠳᠤᠬᠰᠠᠨ ᠪᠢᠯᠡ᠃ 《ᠬᠦᠪᠴᠢ ᠶᠢᠨ ᠵᠠᠭᠪᠤᠷ》 ᠡᠴᠡ ᠭᠠᠳᠠᠨ᠎ᠠ᠂ ᠰᠤᠯᠾᠠᠶᠢᠮ᠂ ᠪᠠᠰᠠ ᠲᠤᠮᠳᠠᠳᠤ ᠤᠯᠤᠰ ᠤᠨ ᠰᠢᠨᠵᠢᠶᠠᠩ᠂ ᠱᠠᠨᠰᠢ᠂ ᠭᠠᠨᠰᠦ ᠵᠡᠷᠬᠡ ᠭᠠᠵᠠᠷ ᠤᠷᠤᠨ ᠳᠤ ᠡᠯᠡᠰᠦ ᠶᠢ ᠰᠡᠷᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠠᠨ ᠪᠤᠢ᠃ ᠲᠡᠷᠡᠪᠡᠷ᠂ ᠬᠦᠪᠴᠢ ᠶᠢᠨ ᠵᠠᠭᠪᠤᠷ ᠨᠢ ᠨᠡᠯᠢᠶᠡᠳ ᠰᠡᠩᠬᠡᠷᠡᠬᠦᠯᠦᠯ ᠤᠨ ᠴᠢᠨᠠᠷ ᠲᠠᠢ᠂ ᠪᠢᠳᠡ ᠬᠦᠪᠴᠢ ᠶᠢᠨ ᠵᠠᠭᠪᠤᠷ ᠢ ᠲᠡᠯᠡᠬᠡᠢ ᠳᠤ ᠲᠡᠯᠬᠡᠷᠡᠬᠦᠯᠦᠨ᠂ ᠬᠤᠯᠪᠤᠭᠳᠠᠯ ᠪᠦᠬᠦᠢ ᠲᠤᠰᠠᠯᠠᠮᠵᠢ ᠬᠠᠩᠭ᠋ᠠᠨ᠎ᠠ ᠬᠡᠵᠡᠢ᠃

    ᠶᠡᠬᠡ ᠬᠤᠷᠠᠯ ᠤᠨ ᠬᠤᠭᠤᠴᠠᠭᠠᠨ ᠳᠤ ᠲᠤᠮᠳᠠᠳᠤ ᠤᠯᠤᠰ᠂ ᠠᠯᠵᠸᠷᠢᠶ᠎ᠠ᠂ ᠺᠠᠮᠪᠤᠵᠠ ᠵᠡᠷᠬᠡ ᠬᠤᠯᠪᠤᠭᠳᠠᠯ ᠪᠦᠬᠦᠢ ᠤᠯᠤᠰ ᠤᠳ 《 ᠨᠢᠬᠡ ᠪᠦᠰᠡ ᠨᠢᠬᠡ ᠵᠠᠮ》 ᠴᠦᠯᠵᠢᠯ ᠢ ᠰᠡᠷᠬᠡᠶᠢᠯᠡᠨ ᠵᠠᠰᠠᠬᠤ ᠬᠠᠮᠳᠤ ᠶᠢᠨ ᠠᠵᠢᠯᠯᠠᠭᠨ ᠤ ᠲᠤᠭᠳᠠᠯᠴᠠᠭ᠎ᠠ ᠶᠢ ᠡᠬᠢᠯᠡᠬᠦᠯᠵᠡᠢ᠃ ᠰᠤᠯᠾᠠᠶᠢᠮ ᠤᠨ ᠦᠵᠡᠬᠦ ᠪᠡᠷ᠂ ᠲᠤᠮᠳᠠᠳᠤ ᠤᠯᠤᠰ ᠤᠨ 《ᠨᠢᠬᠡ ᠪᠦᠰᠡ ᠨᠢᠬᠡ ᠵᠠᠮ》 ᠤᠨ ᠰᠠᠨᠠᠭᠠᠴᠢᠯᠠᠭ᠎ᠠ ᠪᠦᠬᠦ ᠪᠦᠮᠪᠦᠷᠴᠡᠭ ᠤᠨ ᠴᠦᠯᠵᠢᠯ ᠢ ᠰᠡᠷᠬᠡᠶᠢᠯᠡᠨ ᠵᠠᠰᠠᠬᠤ ᠶᠠᠪᠤᠴᠠ ᠶᠢ ᠲᠦᠷᠭᠡᠳᠭᠡᠨ᠎ᠡ ᠬᠡᠵᠡᠢ᠃

    ᠵᠢᠱᠢᠶᠡᠯᠡᠪᠡᠯ᠂ ᠢᠷᠠᠺ  ᠳᠤ ᠡᠯᠡᠰᠦᠨ ᠰᠢᠭᠤᠷᠭ᠎ᠠ ᠶᠢᠨ ᠠᠰᠠᠭᠤᠳᠠᠯ ᠬᠦᠨᠳᠤ ᠨᠤᠴᠢᠳᠠᠢ ᠤᠷᠤᠰᠢᠵᠤ ᠪᠠᠶᠢᠨ᠎ᠠ ᠂ ᠲᠡᠳᠡ ᠲᠤᠮᠳᠠᠳᠤ ᠤᠯᠤᠰ ᠤᠨ ᠡᠯᠡᠰᠦ ᠶᠢ ᠰᠡᠷᠬᠡᠶᠢᠯᠡᠨ ᠵᠠᠰᠠᠬᠤ ᠮᠡᠷᠬᠡᠵᠢᠯ ᠪᠤᠯᠤᠨ ᠮᠡᠳᠡᠯᠬᠡ  ᠶᠢ ᠰᠤᠷᠤᠯᠴᠠᠵᠤ ᠪᠤᠯᠤᠨ᠎ᠠ᠃ ᠡᠬᠦᠨ ᠡᠴᠡ ᠭᠠᠳᠠᠨ᠎ᠠ᠂ ᠠᠹᠷᠢᠺᠠ ᠲᠢᠪ᠂ ᠲᠤᠮᠳᠠᠳᠤ ᠠᠽᠢᠶ᠎ᠠ ᠵᠡᠷᠬᠡ ᠲᠡᠯᠡᠬᠡᠢ ᠲᠡᠭᠡᠷᠡᠬᠢ ᠤᠯᠠᠨ ᠤᠯᠤᠰ ᠤᠷᠤᠨ ᠳᠤ ᠮᠦᠨ ᠠᠳᠠᠯᠢᠬᠠᠨ ᠠᠰᠠᠭᠤᠳᠠᠯ ᠲᠤᠯᠭᠠᠷᠠᠵᠤ ᠪᠠᠶᠢᠨ᠎ᠠ᠂ ᠲᠤᠮᠳᠠᠳᠤ ᠤᠯᠤᠰ ᠡᠳᠡᠭᠡᠷ ᠤᠯᠤᠰ ᠤᠷᠤᠨ ᠲᠠᠢ ᠲᠤᠷᠰᠢᠯᠭ᠎ᠠ ᠰᠤᠷᠭᠠᠮᠵᠢ ᠪᠠᠨ ᠢᠳᠡᠪᠬᠢᠲᠠᠢ ᠬᠤᠪᠢᠶᠠᠯᠴᠠᠬᠤ ᠪᠤᠯᠤᠨ᠎ᠠ ᠬᠡᠵᠤ ᠰᠤᠯᠾᠠᠶᠢᠮ ᠶᠠᠷᠢᠪᠠ᠃

    《ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠢᠢᠯᠡᠨ ᠵᠠᠰᠠᠬᠤ ᠨᠡᠢᠢᠳᠡ ᠵᠢᠨ ᠬᠡᠷ᠎ᠠ》ᠪᠤᠯ ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠷᠢᠦ᠋ ᠳ᠋ᠢ ᠿᠧᠨ᠋ᠧᠢᠢᠷᠦ᠋ ᠶᠢᠨ ᠲᠤᠭᠳᠠᠪᠤᠷᠢᠲᠠᠢ ᠬᠦᠭ᠍ᠵᠢᠯᠳᠡ ᠵᠢᠨ ᠶᠡᠭᠡ ᠬᠤᠷᠠᠯ ᠤᠨ ᠵᠠᠭᠪᠤᠷ ᠳᠤᠤᠷᠠᠬᠢ ᠭᠤᠷᠪᠠᠨ ᠶᠡᠭᠡ ᠤᠷᠴᠢᠨ ᠲᠤᠭᠤᠷᠢᠨ ᠤ ᠨᠡᠢᠢᠳᠡ ᠵᠢᠨ ᠬᠡᠷ᠎ᠠ ᠵᠢᠨ ᠨᠢᠭᠡ ᠪᠤᠯᠤᠨ᠎ᠠ᠂ ᠳᠡᠷᠡ ᠨᠢ ᠳᠡᠯᠡᠬᠡᠢ ᠨᠡᠢᠢᠳᠡ ᠪᠡᠷ ᠵᠢᠡᠨ ᠴᠦᠯᠵᠢᠯ ᠢ ᠰᠡᠷᠬᠡᠢᠢᠯᠡᠨ ᠵᠠᠰᠠᠬᠤ ᠪᠠ ᠭᠠᠩ ᠬᠠᠬᠰᠠᠷᠠᠭᠠᠨ ᠤ ᠨᠦᠯᠦᠭᠡ ᠵᠢ ᠨᠠᠮᠳᠠᠭᠤᠯᠬᠤ ᠲᠠᠯ᠎ᠠ ᠵᠢᠨ ᠬᠠᠮᠳᠤᠷᠠᠯᠴᠠᠭ᠎ᠠ ᠪᠠᠨ ᠴᠢᠩᠭ᠋ᠠᠳᠬᠠᠬᠤ ᠵᠢ ᠠᠬᠢᠭᠤᠯᠬᠤ ᠪᠡᠷ ᠵᠤᠷᠢᠯᠭ᠎ᠠ ᠪᠠᠨ ᠪᠤᠯᠭᠠᠵᠠᠢ᠃ ᠬᠡᠷᠡᠳᠦ ᠲᠠᠯ᠎ᠠ ᠵᠢᠨ ᠶᠡᠭᠡ ᠬᠤᠷᠠᠯ ᠪᠤᠯ ᠨᠡᠢᠢᠳᠡ ᠵᠢᠨ ᠬᠡᠷ᠎ᠠ ᠵᠢᠨ ᠬᠠᠮᠤᠭ ᠤᠨ ᠲᠡᠭᠡᠳᠦ ᠰᠢᠢᠳᠪᠦᠷᠢᠳᠤ ᠪᠤᠳᠤᠯᠭ᠎ᠠ ᠲᠤᠬᠳᠠᠭᠠᠬᠤ ᠪᠠᠢᠢᠭᠤᠯᠤᠮᠵᠢ ᠂ 2 ᠵᠢᠯ ᠳ᠋ᠤ ᠨᠢᠭᠡ ᠤᠳᠠᠭ᠎ᠠ ᠬᠤᠷᠠᠯᠳᠤᠳᠠᠬ᠂ ᠨᠡᠢᠢᠳᠡ ᠵᠢᠨ ᠬᠡᠷ᠎ᠠ ᠵᠢᠨ 196 ᠬᠡᠷᠡᠳᠦ ᠲᠠᠯ᠎ᠠ ᠪᠠ 20 ᠭᠠᠷᠤᠢ ᠤᠯᠠᠨ ᠤᠯᠤᠰ ᠤᠨ ᠵᠤᠬᠢᠶᠠᠨ ᠪᠠᠢᠢᠭᠤᠯᠤᠯᠳᠠ ᠵᠢᠨ ᠠᠯᠪᠠᠨ ᠶᠤᠰᠤᠨ ᠤ1400 ᠰᠢᠬᠠᠮ ᠲᠦᠯᠦᠭᠡᠯᠡᠭᠴᠢ ᠲᠤᠰ ᠤᠳᠠᠭᠠᠨ ᠤ ᠬᠤᠷᠠᠯ ᠳᠤ ᠤᠷᠤᠯᠴᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121658090