ᠰᠢ ᠶᠢᠨ ᠫᠢᠩ ᠪᠷᠦ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ 2017-09-14 10:09

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ )ᠤᠯᠤᠰ ᠤᠨ ᠲᠡᠷᠢᠬᠦᠯᠡᠭᠴᠢ ᠰᠢ ᠶᠢᠨ ᠫᠢᠩ 13 ᠤ ᠡᠳᠤᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠷᠦ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠬᠦᠨ ᠬᠤᠶᠠᠷ ᠤᠯᠤᠰ ᠤᠨ ᠢᠷᠡᠬᠡᠳᠤᠢ ᠶᠢᠨ ᠬᠠᠮᠳᠤᠷᠠᠯᠴᠠᠭ᠎ᠠ ᠶᠢ ᠬᠠᠮᠳᠤ ᠪᠠᠷ ᠲᠦᠯᠥᠪᠵᠢᠬᠦᠯᠵᠥ᠂ ᠲᠤᠮᠳᠠᠳᠤ ᠪᠷᠦ᠋ᠨ᠋ᠸᠢ ᠶᠢᠨ ᠬᠠᠷᠢᠯᠴᠠᠭ᠎ᠠ ᠰᠢᠨ᠎ᠡ ᠴᠠᠭ ᠦᠶ᠎ᠡ ᠳᠤ ᠨᠡᠩ ᠶᠡᠭᠡ ᠬᠦᠭᠵᠢᠯᠳᠡ ᠲᠠᠢ ᠪᠤᠯᠬᠤ ᠶᠢ ᠠᠬᠢᠭᠤᠯᠬᠤ ᠪᠠᠷ ᠰᠠᠨᠠᠯ ᠨᠢᠬᠡᠳᠡᠢ ᠵᠦᠪᠰᠢᠶᠡᠷᠡᠵᠡᠢ᠃

    ᠰᠢ ᠶᠢᠨ ᠫᠢᠩ᠂ ᠲᠤᠮᠳᠠᠳᠤ ᠪᠷᠦ᠋ᠨ᠋ᠸᠢ ᠪᠤᠯ ᠲᠠᠯᠠᠢ ᠠᠯᠤᠰᠯᠠᠨ ᠪᠠᠷᠠᠳᠠᠯᠴᠠᠭᠰᠠᠠ ᠬᠦᠷᠰᠢ ᠤᠯᠤᠰ ᠪᠤᠯᠬᠤ ᠪᠦᠬᠡᠳ ᠢᠳᠡᠭᠡᠬᠦᠰᠢᠳᠡᠢ ᠨᠠᠶᠢᠵᠢ ᠪᠤᠯᠤᠨ ᠬᠠᠨᠢᠳᠠᠨ ᠶᠤᠮ᠃ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠠ ᠠᠴᠠ ᠨᠠᠰᠢ᠂ ᠤᠯᠤᠰ ᠤᠨ ᠪᠠᠶᠢᠳᠠᠯ ᠪᠤᠯᠤᠨ ᠨᠡᠶᠢᠬᠡᠮ ᠤᠨ ᠪᠠᠶᠢᠭᠤᠯᠤᠯ ᠤᠨ ᠵᠦᠷᠢᠶ᠎ᠡ ᠠᠴᠠ ᠲᠠᠪᠠᠵᠥ᠂ ᠪᠠᠶᠢᠯᠳᠤᠬᠤ ᠪᠤᠳᠤᠯᠭ᠎ᠠ ᠶᠢᠨ ᠳᠦᠩᠰᠢᠯᠡᠯ ᠤᠨ ᠬᠠᠷᠢᠯᠴᠠᠭ᠎ᠠ ᠪᠠᠶᠢᠭᠤᠯᠵᠥ᠂ ᠤᠯᠤᠰ ᠲᠦᠷᠦ ᠶᠢᠨ ᠢᠳᠡᠬᠡᠯᠴᠡᠯ ᠲᠠᠰᠤᠷᠠᠯᠳᠡ ᠦᠭᠡᠢ ᠬᠦᠨᠵᠡᠬᠡᠶᠢᠷᠡᠵᠥ᠂ ᠬᠠᠷᠢᠯᠴᠠᠨ ᠠᠰᠢᠬᠳᠠᠢ ᠬᠠᠮᠳᠤ ᠶᠢᠨ ᠠᠵᠢᠯᠯᠠᠭ᠎ᠠ ᠢᠯᠡᠳᠳᠡ ᠦᠷ᠎ᠡ ᠪᠦᠳᠦᠮᠵᠢ ᠤᠯᠪᠠ᠃ ᠡᠨᠡ ᠵᠢᠯ ᠪᠤᠯ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠠ ᠬᠤᠶᠠᠳᠠᠬᠢ 25 ᠵᠢᠯ ᠤᠨ ᠡᠬᠢᠯᠡᠯᠳᠡ ᠶᠢᠨ ᠤᠨ ᠪᠤᠯᠤᠨ᠎ᠠ᠂ ᠬᠤᠶᠠᠷ ᠲᠠᠯ᠎ᠠ ᠶᠢᠨ ᠬᠠᠷᠢᠯᠴᠠᠭ᠎ᠠ ᠶᠠᠭ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠶᠢ ᠰᠡᠩᠬᠡᠷᠡᠬᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠬᠡᠬᠡᠬᠦ ᠵᠠᠩᠬᠢᠯᠠᠭ᠎ᠠ ᠶᠢᠨ ᠱᠠᠳᠤᠨ ᠳᠤ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ ᠪᠷᠦ᠋ᠨ᠋ᠸᠢ ᠯᠦᠭᠡ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠤᠯᠤᠨ ᠠᠯᠤᠰ ᠬᠡᠳᠤ ᠶᠢᠨ ᠲᠠᠯ᠎ᠠ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠶᠢ ᠡᠵᠡᠮᠳᠡᠵᠥ᠂ ᠲᠦᠷᠦ ᠶᠢ ᠵᠠᠰᠠᠵᠥ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠤᠯᠢᠯᠴᠠᠬᠤ ᠪᠤᠯᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠶᠢ ᠴᠢᠩᠭᠠᠳᠬᠠᠵᠥ᠂ ᠡᠯ᠎ᠡ ᠰᠠᠯᠪᠤᠷᠢ ᠳ᠋ᠡᠬᠢ ᠪᠤᠳᠠᠳᠠᠢ ᠶᠢ ᠡᠷᠬᠢᠮᠯᠡᠭᠰᠡᠡ ᠬᠠᠮᠳᠤ ᠶᠢᠨ ᠠᠵᠢᠯᠯᠠᠭ᠎ᠠ ᠪᠡᠨ ᠪᠤᠵᠠᠭᠠᠢᠢᠷᠠᠭᠤᠯᠤᠨ ᠬᠦᠴᠦᠷᠭᠡᠭᠵᠢᠬᠦᠯᠵᠥ᠂ ᠦᠪᠡᠷ ᠦᠪᠡᠷ ᠤᠨ ᠤᠯᠤᠰ ᠤᠨ ᠲᠤᠳᠤᠭᠠᠳᠤ ᠶᠢᠨ ᠬᠦᠭᠵᠢᠯᠳᠡ ᠪᠠᠨ ᠤᠯᠠᠮ ᠴᠢᠨᠠᠭᠰᠢᠳᠠ ᠠᠬᠢᠭᠤᠯᠤᠨ᠎ᠡ ᠬᠡᠵᠥ ᠵᠢᠭᠠᠵᠥ ᠭᠠᠷᠭᠠᠪᠠ᠃

    ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠪᠡᠨ ᠪᠠᠲᠤᠯᠠᠵᠤ᠂ ᠦᠷᠭᠦᠯᠵᠢᠯᠡᠨ ᠤᠯᠤᠰ ᠲᠦᠷᠦ ᠶᠢᠨ ᠢᠲᠡᠭᠡᠯᠴᠡᠯ ᠢᠶᠡᠨ ᠭᠦᠨᠵᠡᠭᠡᠶᠢᠷᠡᠭᠦᠯᠵᠤ᠂ ᠦᠷᠭᠦᠯᠵᠢᠯᠡᠨ ᠲᠤᠰ ᠲᠤᠰ ᠤᠨ ᠢᠶᠠᠨ ᠭᠤᠤᠯᠯᠠᠬᠤ ᠠᠰᠢᠭ ᠲᠤᠰᠠ ᠪᠤᠯᠤᠨ ᠠᠩᠬᠠᠷᠴᠤ ᠪᠠᠶᠢᠭ᠎ᠠ ᠴᠢᠬᠤᠯᠠ ᠶᠡᠬᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠤᠢᠢᠯᠠᠭᠠᠯᠴᠠᠬᠤ ᠪᠠ ᠳᠡᠮᠵᠢᠯᠴᠡᠶ᠎ᠡ᠃ ᠳᠤᠮᠳᠠᠳᠤ ᠤᠯᠤᠰ ᠪᠷᠦ᠋ᠨ᠋ᠸᠢ ᠶᠢᠨ ᠬᠢᠨ ᠤ《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠢᠳᠡᠪᠬᠢᠲᠠᠢ ᠪᠠᠷ ᠴᠤᠤᠷᠢᠶᠠᠳᠤᠵᠤ ᠪᠠᠶᠢᠬᠤ ᠶᠢ ᠮᠠᠭᠳᠠᠨ ᠰᠠᠶᠢᠰᠢᠶᠠᠵᠤ ᠪᠠᠶᠢᠨ᠎ᠠ᠂ ᠲᠤᠷᠠᠲᠠᠶ᠎ᠠ ᠪᠷᠦ᠋ᠨ᠋ᠸᠢ ᠶᠢᠨ ᠬᠢᠨ ᠲᠠᠢ ᠬᠠᠮᠲᠦ ᠪᠠᠷ《ᠨᠢᠭᠡ ᠪᠦᠰᠡ ᠨᠢᠭᠡ ᠵᠠᠮ》 ᠢ ᠪᠦᠲᠦᠭᠡᠨ ᠪᠠᠶᠢᠭᠤᠯᠬᠤ ᠪᠠᠷ ᠠᠵᠠ ᠳᠤᠬᠢᠶᠠᠯ ᠪᠤᠯᠭᠠᠵᠤ᠂ ᠬᠠᠮᠲᠦ ᠪᠠᠷ ᠵᠦᠪᠳᠡᠯᠴᠡᠬᠦ ᠬᠠᠮᠲᠦ ᠪᠠᠷ ᠪᠠᠶᠢᠭᠤᠯᠬᠤ ᠬᠠᠮᠲᠦᠪᠡᠷ ᠬᠤᠪᠢᠶᠠᠯᠴᠠᠬᠤ ᠵᠠᠷᠴᠢᠮ ᠶᠤᠰᠤᠭᠠᠷ᠂ ᠳᠡᠳ᠋ ᠪᠦᠳᠦᠴᠡ ᠶᠢᠨ ᠪᠠᠶᠢᠭᠤᠯᠤᠯᠲᠠ᠂ ᠡᠷᠴᠢᠮ ᠬᠦᠴᠦ᠂ ᠯᠠᠯᠤ ᠶᠢᠨ ᠢᠳᠡᠭᠡᠨ᠂ ᠲᠠᠷᠢᠶᠠᠯᠠᠩ ᠪᠠ ᠵᠢᠭᠠᠰᠤᠨ ᠦᠢᠯᠡᠰ᠂ ᠲᠤᠭᠠᠴᠢᠯᠠᠭᠰᠠᠨ ᠡᠳ᠋ ᠤᠨ ᠵᠠᠰᠠᠭ ᠵᠡᠷᠭᠡ ᠰᠠᠯᠪᠤᠷᠢ ᠳ᠋ᠡᠬᠢ ᠬᠠᠮᠲᠤ ᠶᠢᠨ ᠠᠵᠢᠯᠯᠠᠭ᠎ᠠ ᠶᠢ ᠴᠢᠩᠭᠠᠳᠬᠠᠨ᠎ᠡ᠃ ᠬᠤᠶᠠᠷ ᠲᠠᠯ᠎ᠠ ᠪᠠᠷ ᠢᠶᠠᠨ ᠰᠡᠷᠬᠡᠶᠢᠯᠡᠯᠳᠡ ᠶᠢᠨ ᠶᠠᠪᠤᠳᠠᠯ ᠪᠤᠯᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠴᠡᠷᠢᠭ ᠠᠩᠭᠢ ᠶᠢᠨ ᠢᠲᠡᠭᠡᠯᠴᠡᠯ ᠪᠤᠯᠤᠨ ᠬᠠᠮᠲᠤᠷᠠᠯᠴᠠᠭ᠎ᠠ ᠶᠢ ᠰᠢᠨ᠎ᠠ ᠲᠦᠪᠰᠢᠨ ᠳᠤ ᠬᠦᠷᠭᠡᠶ᠎ᠠ᠃ ᠰᠤᠶᠤᠯ᠂ ᠰᠤᠷᠭᠠᠨ ᠬᠦᠮᠦᠵᠢᠯ᠂ ᠪᠡᠶ᠎ᠠ ᠶᠢᠨ ᠲᠠᠮᠢᠷ᠂ ᠡᠷᠡᠭᠦᠯ ᠬᠠᠮᠠᠭᠠᠯᠠᠯ᠂ ᠵᠢᠭᠤᠯᠴᠢᠯᠠᠯ᠂ ᠬᠡᠪᠯᠡᠯ ᠮᠡᠳᠡᠬᠡᠯᠡᠯ᠂ ᠤᠷᠤᠨ ᠨᠤᠲᠤᠭ ᠤᠨ ᠬᠠᠷᠢᠯᠴᠠᠭ᠎ᠠ ᠵᠡᠷᠭᠡ ᠰᠠᠯᠪᠤᠷᠢ ᠳ᠋ᠡᠬᠢ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠡᠷᠴᠢᠮᠵᠢᠬᠦᠯᠵᠤ᠂ ᠬᠤᠶᠠᠷ ᠤᠯᠤᠰ ᠤᠨ ᠨᠦᠬᠦᠷᠯᠡᠯ ᠤᠨ ᠢᠷᠬᠡᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠠ᠃ ᠬᠤᠶᠠᠷ ᠲᠠᠯ᠎ᠠ ᠪᠠᠷ ᠢᠶᠠᠨ ᠪᠦᠰᠡ ᠨᠤᠳᠤᠭ ᠬᠢᠬᠡᠳ ᠤᠯᠠᠨ ᠤᠯᠤᠰ ᠤᠨ ᠬᠡᠷᠡᠭ ᠶᠠᠪᠤᠳᠠᠯ ᠤᠨ ᠲᠤᠬᠠᠢ ᠬᠠᠮᠲᠤᠷᠠᠯᠴᠠᠭ᠎ᠠ ᠶᠢ ᠴᠢᠩᠭᠠᠳᠬᠠᠵᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠲᠠ ᠵᠡᠷᠭᠡ ᠬᠦᠷᠢᠶᠡᠨ ᠳᠤ ᠤᠯᠤᠯᠴᠠᠭ᠎ᠠ ᠪᠠ ᠵᠤᠬᠢᠴᠠᠭᠤᠯᠭ᠎ᠠ ᠪᠠᠨ ᠴᠢᠩᠭᠠᠳᠬᠠᠶ᠎ᠠ ᠭᠡᠵᠤ ᠴᠢᠬᠤᠯᠠᠴᠢᠯᠠᠵᠠᠢ᠃

    ᠰᠢ ᠶᠢᠨ ᠫᠢᠩ᠂ ᠳᠤᠮᠳᠠᠳᠤ ᠤᠯᠤᠰ ᠪᠷᠦ᠋ᠨ᠋ᠸᠢ ᠶᠢᠨ ᠬᠢᠨ ᠤ ᠳᠤᠮᠳᠠᠳᠤ ᠤᠯᠤᠰ - ᠵᠡᠬᠦᠨ ᠡᠮᠤᠨᠡᠳᠤ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠬᠠᠷᠢᠯᠴᠠᠭᠠᠨ ᠤ ᠬᠦᠭᠵᠢᠯᠳᠠ ᠶᠢ ᠢᠳᠡᠪᠬᠢᠳᠠᠢ ᠠᠬᠢᠭᠤᠯᠤᠬᠰᠠᠨ ᠢ ᠮᠠᠬᠳᠠᠨ ᠰᠠᠶᠢᠰᠢᠶᠠᠵᠤ ᠪᠠᠶᠢᠨ᠎ᠠ᠂ ᠲᠤᠷᠠᠳᠠᠶ᠎ᠠ《ᠨᠢᠬᠡ ᠪᠦᠰᠠ ᠨᠢᠬᠡ ᠵᠠᠮ》 ᠤᠨ ᠰᠠᠨᠠᠭᠠᠴᠢᠯᠠᠭ᠎ᠠ ᠶᠢ ᠵᠡᠬᠦᠨ ᠡᠮᠤᠨᠡᠳᠤ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠬᠦᠭᠵᠢᠯᠳᠠ ᠶᠢᠨ ᠲᠦᠯᠤᠪᠵᠢᠬᠦᠯᠬᠡ ᠲᠠᠢ ᠵᠤᠯᠭᠠᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠶᠠᠰᠤ ᠴᠢᠨᠠᠷ ᠢ ᠲᠡᠭᠡᠭᠰᠢᠯᠡᠬᠦᠯᠵᠤ ᠵᠡᠷᠬᠡᠯᠡᠯ ᠲᠡᠪᠰᠢᠬᠦᠯᠬᠦ ᠶᠢ ᠠᠬᠢᠭᠤᠯᠵᠤ᠂ ᠵᠡᠬᠦᠨ ᠡᠮᠤᠨᠡᠳᠤ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠬᠠᠮᠳᠤ ᠶᠢᠨ ᠴᠤᠬᠴᠠ ᠶᠢᠨ ᠪᠦᠳᠤᠬᠡᠨ ᠪᠠᠶᠢᠭᠤᠯᠤᠯᠳᠠ ᠶᠢ ᠲᠡᠮᠵᠢᠨ᠎ᠠ᠃ ᠤᠳᠤᠬᠠᠨ ᠳᠤ᠂ ᠡᠮᠤᠨᠠᠳᠤ ᠲᠠᠩᠬᠢᠰ ᠤᠨ ᠪᠠᠶᠢᠳᠠᠯ ᠲᠤᠭᠳᠠᠭᠤᠨ ᠬᠠᠨᠳᠤᠰᠢ ᠲᠠᠢ ᠪᠤᠯᠵᠤ᠂ ᠢᠳᠡᠪᠬᠢᠳᠠᠢ ᠬᠦᠭᠵᠢᠯᠳᠠ ᠶᠢᠨ ᠪᠠᠶᠢᠳᠠᠯ ᠢᠯᠡᠷᠡᠪᠡ᠃ ᠳᠤᠮᠳᠠᠳᠤ ᠤᠯᠤᠰ ᠲᠤᠷᠠᠳᠠᠶ᠎ᠠ ᠪᠷᠦ᠋ᠨ᠋ᠸᠢ ᠵᠢᠴᠢ ᠬᠤᠯᠪᠤᠬᠳᠠᠯ ᠪᠦᠬᠦ ᠲᠠᠯ᠎ᠠ ᠲᠠᠢ ᠬᠠᠮᠳᠤ ᠪᠠᠷ ᠡᠮᠤᠨᠡᠳᠤ ᠲᠠᠩᠬᠢᠰ ᠢ ᠡᠩᠬᠡ ᠲᠠᠶᠢᠪᠤᠩ ᠤᠨ ᠲᠠᠩᠬᠢᠰ᠂ ᠨᠦᠬᠦᠷᠯᠠᠯ ᠤᠨ ᠲᠠᠩᠬᠢᠰ᠂ ᠬᠠᠮᠳᠤ ᠶᠢᠨ ᠠᠵᠢᠯᠯᠠᠭᠠᠨ ᠤ ᠲᠠᠩᠬᠢᠰ ᠪᠤᠯᠭᠠᠨ ᠪᠦᠳᠤᠬᠡᠨ ᠪᠠᠶᠢᠭᠤᠯᠤᠨ᠎ᠠ ᠬᠡᠵᠤ ᠵᠢᠭᠠᠵᠤ ᠭᠠᠷᠭᠠᠪᠠ᠃

    ᠬᠠᠰᠠᠩᠨᠠᠷ᠂ ᠪᠷᠦ᠋ᠨ᠋ᠸᠢ ᠶᠢᠨ ᠬᠢᠨ ᠳᠤᠮᠳᠠᠳᠤ ᠤᠯᠤᠰ ᠤᠨ ᠪᠦᠳᠤᠬᠡᠨ ᠪᠠᠶᠢᠭᠤᠯᠤᠯᠳᠠ ᠯᠤᠳᠤ ᠶᠡᠭᠡ ᠠᠮᠵᠢᠯᠳᠠ ᠪᠦᠳᠤᠮᠵᠢ ᠤᠯᠤᠬᠰᠠᠨ ᠳᠤ ᠪᠠᠶᠠᠷ ᠬᠦᠷᠬᠡᠵᠤ ᠪᠠᠶᠢᠨ᠎ᠠ᠂ ᠳᠤᠮᠳᠠᠳᠤ ᠤᠯᠤᠰ ᠤᠨ ᠲᠤᠷᠠᠳᠤᠨ ᠭᠠᠷᠭᠠᠬᠰᠠᠨ《ᠨᠢᠬᠡ ᠪᠦᠰᠠ ᠨᠢᠬᠡ ᠵᠠᠮ》 ᠤᠨ ᠰᠠᠨᠠᠭᠠᠴᠢᠯᠠᠭ᠎ᠠ ᠶᠢ ᠲᠡᠮᠵᠢᠨ᠎ᠡ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠯᠠᠪᠳᠠᠶ᠎ᠠ ᠲᠡᠷᠭᠡᠯᠰᠢᠬᠦ ᠶᠢ ᠪᠠᠳᠤ ᠢᠳᠡᠬᠡᠵᠤ ᠪᠠᠶᠢᠨ᠎ᠠ᠃ ᠬᠠᠷᠢᠯᠴᠠᠭ᠎ᠠ ᠪᠠᠶᠢᠭᠤᠯᠤᠬᠰᠠᠨ ᠠᠴᠠ ᠨᠠᠰᠢ᠂ ᠪᠷᠦ᠋ᠨ᠋ᠸᠢ ᠳᠤᠮᠳᠠᠳᠤ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠠ ᠶᠢᠨ ᠬᠠᠨᠳᠤᠰᠢ ᠶᠡᠭᠡ ᠰᠠᠶᠢᠨ ᠪᠠᠶᠢᠵᠤ᠂ ᠡᠯ᠎ᠠ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠡᠯᠪᠡᠭ᠌ ᠪᠠᠶᠠᠯᠢᠬ ᠦᠷ᠎ᠠ ᠪᠦᠳᠤᠬᠡᠯ ᠤᠯᠪᠠ᠃ ᠪᠷᠦ᠋ᠨ᠋ᠸᠢ ᠶᠢᠨ ᠬᠢᠨ ᠨᠢᠬᠡ ᠳᠤᠮᠳᠠᠳᠤ ᠤᠯᠤᠰ ᠪᠠᠶᠢᠬᠤ ᠲᠦᠷᠤ ᠶᠢᠨ ᠪᠤᠳᠤᠯᠭ᠎ᠠ ᠶᠢ ᠦᠷᠬᠦᠯᠵᠢᠯᠠᠨ ᠪᠠᠷᠢᠮᠳᠠᠯᠠᠨ᠎ᠠ᠃ ᠪᠷᠦ᠋ᠨ᠋ᠸᠢ ᠶᠢᠨ ᠬᠢᠨ《2035 ᠤᠨ ᠤ ᠠᠤᠭ᠎ᠠ ᠲᠦᠰᠦᠪ》 ᠢ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠢᠢᠯᠠᠯ ᠤᠨ ᠬᠢᠨ ᠡᠨᠡᠬᠦ ᠠᠬᠢᠴᠠ ᠳᠤ ᠤᠷᠤᠯᠴᠠᠵᠤ᠂ ᠢᠳᠡᠪᠬᠢᠳᠠᠢ ᠬᠦᠷᠦᠩᠬᠡ ᠤᠷᠤᠭᠤᠯᠬᠤ ᠶᠢ ᠤᠬᠳᠤᠵᠤ ᠪᠠᠶᠢᠨ᠎ᠠ᠃ ᠪᠷᠦ᠋ᠨ᠋ᠸᠢ ᠶᠢᠨ ᠬᠢᠨ ᠳᠤᠷᠠᠲᠠᠶ᠎ᠠ ᠬᠦᠳᠡᠭᠡ ᠠᠵᠤ ᠠᠬᠤᠢ᠂ ᠵᠢᠭᠠᠰᠤᠨ ᠠᠵᠥ ᠠᠬᠤᠢ᠂ ᠡᠷᠴᠢᠮ ᠬᠦᠴᠦ᠂ ᠳᠡᠳ᠋ ᠪᠦᠳᠦᠴᠡ ᠶᠢᠨ ᠪᠠᠶᠢᠭᠤᠯᠤᠯᠲᠠ᠂ ᠯᠠᠯᠤ ᠶᠢᠨ ᠢᠳᠡᠭᠡᠨ᠂ ᠲᠤᠭᠠᠴᠢᠯᠠᠬᠰᠠᠨ ᠡᠳ᠋ ᠤᠨ ᠵᠠᠰᠠᠭ ᠵᠡᠷᠭᠡ ᠬᠦᠷᠢᠶᠡᠨ ᠳᠤ ᠳᠤᠮᠳᠠᠳᠤ ᠤᠯᠤᠰ ᠯᠤᠭ᠎ᠠ ᠪᠤᠲᠠᠲᠠᠢ ᠶᠢ ᠡᠷᠬᠢᠮᠡᠯᠡᠭᠰᠡᠨ ᠬᠠᠮᠲᠤ ᠶᠢᠨ ᠠᠵᠢᠯᠯᠠᠭ᠎ᠠ ᠪᠡᠨ ᠴᠢᠩᠭᠠᠳᠬᠠᠨ᠎ᠠ᠃ ᠪᠷᠦ᠋ᠨ᠋ᠸᠢ ᠶᠢᠨ ᠬᠢᠨ ᠳᠤᠷᠠᠲᠠᠶ᠎ᠠ ᠳᠤᠮᠳᠠᠳᠤ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠪᠡᠨ ᠦᠷᠬᠦᠯᠵᠢᠯᠡᠨ ᠪᠠᠲᠤᠯᠠᠵᠤ᠂ ᠰᠤᠶᠤᠯ ᠢᠷᠭᠡᠨᠰᠢᠯ ᠤᠨ ᠬᠠᠷᠢᠯᠴᠠᠭ᠎ᠠ ᠪᠡᠨ ᠤᠯᠠᠮ ᠴᠢᠨᠠᠬᠰᠢᠲᠠ ᠳᠡᠯᠡᠵᠤ᠂ ᠡᠮᠦᠨᠡᠲᠤ ᠲᠠᠩᠬᠢᠰ ᠤᠨ ᠡᠩᠬᠡ ᠲᠠᠶᠢᠪᠤᠩ ᠲᠤᠬᠲᠠᠭᠤᠨ ᠪᠠᠶᠢᠳᠠᠯ ᠢ ᠬᠠᠮᠲᠤᠪᠡᠷ ᠬᠠᠮᠠᠭᠠᠯᠠᠵᠤ᠂ ᠵᠡᠭᠦᠨ ᠡᠮᠦᠨᠡᠲᠤ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠠ ᠳᠤᠮᠳᠠᠳᠤ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠦᠭᠵᠢᠭᠦ ᠶᠢ ᠠᠬᠢᠭᠤᠯᠤᠨ᠎ᠠ ᠬᠡᠵᠤ ᠢᠯᠡᠳᠬᠡᠪᠡ᠃

    ᠬᠡᠯᠡᠯᠴᠡᠭᠡ ᠬᠢᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ《ᠨᠢᠭᠡ ᠪᠦᠰᠡ ᠨᠢᠭᠡ ᠵᠠᠮ》 ᠬᠠᠷᠢᠯᠴᠠᠭ᠎ᠠ ᠶᠢᠨ ᠪᠠᠶᠢᠭᠤᠯᠤᠯᠲᠠ᠂ ᠳᠡᠳ᠋ ᠪᠦᠳᠦᠴᠡ ᠶᠢᠨ ᠪᠠᠶᠢᠭᠤᠯᠤᠯᠲᠠ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠪᠢᠴᠢᠭ᠌ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤᠪᠡᠷ ᠬᠡᠷᠡᠴᠢᠯᠡᠪᠡ᠃

    ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠬᠠᠰᠠᠩᠨᠠᠷ ᠢ ᠤᠬᠲᠤᠬᠤ ᠶᠤᠰᠤᠯᠠᠯ ᠶᠠᠪᠤᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠮᠠ ᠺᠠᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠴᠧᠨ ᠵᠦ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠵᠢᠶᠠ ᠷᠦᠢ ᠨᠠᠷ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120701121660859