ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ 2017-09-14 10:09

    ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠳᠡ ᠶᠢᠨ ᠪᠠᠶᠢᠳᠠᠯ ᠪᠤᠯᠤᠨ ᠭᠤᠤᠯᠳᠠᠯᠭ᠎ᠠ ᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠶᠢ ᠭᠤᠷᠪᠠᠳᠠᠬᠢ ᠲᠠᠯ᠎ᠠ ᠠᠴᠠ ᠦᠨᠡᠯᠡᠨ ᠵᠢᠱᠢᠭᠰᠡᠡ ᠬᠠᠷᠢᠭᠤ ᠮᠡᠳᠡᠬᠦᠯᠥᠯᠳᠡ ᠶᠢ ᠰᠤᠨᠤᠰᠴᠠᠢ

    ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠴᠢᠩᠭ᠎ᠠ ᠠᠳᠬᠤᠵᠥ ᠡᠳ᠋ ᠤᠨ ᠵᠠᠰᠠᠭ ᠤᠨ ᠬᠦᠭᠵᠢᠯᠳᠡ ᠪᠤᠯᠤᠨ ᠢᠷᠬᠡᠳ ᠤᠨ ᠠᠮᠢᠳᠤᠷᠠᠯ ᠤᠨ ᠰᠠᠶᠢᠵᠢᠷᠡᠯᠳᠡ ᠶᠢ ᠠᠬᠢᠭᠤᠯᠵᠥ ᠨᠡᠩ ᠶᠡᠭᠡ ᠦᠷ᠎ᠡ ᠪᠦᠳᠦᠮᠵᠢᠳᠡᠢ ᠪᠤᠯᠭᠠᠬᠤ ᠪᠠᠷ ᠪᠤᠯᠵᠠᠢ

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ 9 ᠰᠠᠷ᠎ᠠ ᠶᠢᠨ 13 ᠤ ᠡᠳᠤᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠪᠡᠳᠤᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠳᠡ ᠶᠢᠨ ᠪᠠᠶᠢᠳᠠᠯ ᠪᠤᠯᠤᠨ ᠭᠤᠤᠯᠳᠠᠯᠭ᠎ᠠ ᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠶᠢ ᠭᠤᠷᠪᠠᠳᠠᠬᠢ ᠲᠠᠯ᠎ᠠ ᠠᠴᠠ ᠦᠨᠡᠯᠡᠨ ᠵᠢᠱᠢᠭᠰᠡᠡ ᠬᠠᠷᠢᠭᠤ ᠮᠡᠳᠡᠬᠦᠯᠥᠯᠳᠡ ᠶᠢ ᠰᠤᠨᠤᠰᠴᠠᠢ᠃ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠴᠢᠩᠭ᠎ᠠ ᠠᠳᠬᠤᠵᠥ᠂ ᠡᠳ᠋ ᠤᠨ ᠵᠠᠰᠠᠭ ᠤᠨ ᠬᠦᠭᠵᠢᠯᠳᠡ ᠪᠤᠯᠤᠨ ᠢᠷᠬᠡᠳ ᠤᠨ ᠠᠮᠢᠳᠤᠷᠠᠯ ᠤᠨ ᠰᠠᠶᠢᠵᠢᠷᠡᠯᠳᠡ ᠶᠢ ᠠᠬᠢᠭᠤᠯᠵᠥ ᠨᠡᠩ ᠶᠡᠭᠡ ᠦᠷ᠎ᠡ ᠪᠦᠳᠦᠮᠵᠢᠳᠡᠢ ᠪᠤᠯᠭᠠᠬᠤ ᠪᠠᠷ ᠪᠤᠯᠵᠠᠢ᠃

    ᠬᠤᠷᠠᠯ ᠠᠴᠠ᠂ ᠱᠠᠯᠠᠪᠳᠠᠭᠤᠯᠤᠨ ᠪᠠᠶᠢᠴᠠᠭᠠᠬᠤ ᠪᠤᠯ ᠵᠠᠰᠠᠭ ᠤᠨ ᠤᠷᠳᠤᠨ ᠤ ᠤᠴᠢᠷ ᠶᠠᠪᠤᠳᠠᠯ ᠤᠨ ᠲᠤᠮᠳᠠᠬᠢ ᠪᠠ ᠤᠴᠢᠷ ᠶᠠᠪᠤᠳᠠᠯ ᠤᠨ ᠲᠠᠷᠠᠭᠠᠬᠢ ᠬᠢᠨᠠᠯᠳᠠ ᠬᠠᠮᠢᠶᠠᠷᠤᠯᠳᠠ ᠶᠢ ᠲᠡᠬᠦᠯᠳᠡᠷᠵᠢᠬᠦᠯᠵᠥ᠂ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠬᠦᠴᠦᠨ ᠢ ᠲᠡᠭᠡᠭᠰᠢᠯᠡᠬᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠡ᠃ ᠭᠤᠷᠪᠠᠨ ᠵᠢᠯ ᠲᠠᠷᠠᠭᠠᠯᠠᠨ ᠤᠯᠤᠰ ᠲᠠᠶᠠᠭᠠᠷ ᠲᠤ ᠶᠡᠭᠡ ᠱᠠᠯᠠᠪᠳᠠᠭᠤᠯᠤᠨ ᠪᠠᠶᠢᠴᠠᠭᠠᠯᠳᠡ ᠬᠢᠭᠰᠡᠡ ᠰᠠᠭᠤᠷᠢᠨ ᠲᠡᠭᠡᠷ᠎ᠡ᠂ ᠤᠢᠢᠷ᠎ᠠ ᠶᠢᠨ ᠬᠤᠭᠤᠴᠠᠭᠠᠨ ᠳᠤ ᠲᠦᠷᠦ ᠶᠢᠨ ᠶᠠᠪᠤᠳᠠᠯ ᠤᠨ ᠬᠤᠷᠢᠶ᠎ᠠ 18 ᠮᠤᠵᠢ(ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ) ᠳ᠋ᠤ ᠲᠠᠬᠢᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠯᠳᠡ ᠦᠷᠨᠢᠬᠦᠯᠦᠭᠰᠡᠡ ᠪᠦᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠦᠪᠡᠷ ᠤᠨ ᠪᠠᠶᠢᠴᠠᠭᠠᠯᠳᠡ ᠬᠢᠯᠭᠡᠭᠰᠡᠨ ᠪᠠᠶᠢᠨ᠎ᠠ᠃ ᠱᠠᠯᠠᠪᠳᠠᠭᠤᠯᠤᠨ ᠪᠠᠶᠢᠴᠠᠭᠠᠯᠳᠡ ᠳᠤ ᠪᠠᠰᠠ ᠵᠠᠷᠢᠮ ᠭᠠᠵᠠᠷ ᠤᠨ ᠦᠢᠯᠡᠳᠪᠤᠷᠢᠯᠡᠯ ᠤᠨ ᠴᠢᠳᠠᠪᠤᠷᠢ ᠪᠠᠨ ᠪᠠᠭᠠᠰᠬᠠᠬᠤ ᠠᠵᠢᠯ ᠢ ᠯᠠᠪᠳᠠᠭᠤᠨ ᠪᠠᠳᠤᠳᠠᠢ ᠬᠢᠭᠰᠡᠡ ᠦᠭᠡᠢ᠂ ᠬᠦᠷᠦᠩᠬᠡ ᠤᠷᠤᠭᠤᠯᠤᠯᠳᠠ ᠶᠢᠨ ᠲᠦᠷᠦᠯ ᠵᠦᠢᠯ ᠢ ᠮᠡᠳᠡᠬᠦᠯᠥᠨ ᠪᠠᠶᠢᠭᠤᠯᠬᠤ ᠪᠠ ᠪᠠᠩᠬᠢ ᠶᠢᠨ ᠲᠠᠩᠰᠠ ᠨᠡᠬᠡᠬᠡᠬᠦ ᠶᠢ ᠬᠢᠨᠠᠨ ᠵᠦᠪᠰᠢᠶᠡᠷᠡᠬᠦ ᠴᠠᠭ ᠬᠡᠳᠤ ᠤᠷᠳᠤ᠂ ᠠᠵᠥ ᠠᠬᠤᠢᠢᠯᠠᠯ ᠳᠤ ᠬᠤᠯᠪᠤᠭᠳᠠᠭᠰᠠᠠ ᠵᠤᠬᠢᠰ ᠦᠭᠡᠢ ᠳᠦᠯᠦᠪᠦᠷᠢ ᠳᠤᠰᠢᠶᠠᠯᠭᠠᠬᠤ ᠶᠢ ᠴᠠᠭᠠᠵᠠᠯᠠᠵᠥ ᠪᠠᠶᠢᠪᠠᠴᠦ ᠵᠤᠭᠰᠤᠭᠰᠠᠠ ᠦᠭᠡᠢ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠷ᠎ᠡ ᠪᠦᠳᠦᠭᠡᠯ ᠢ ᠤᠯᠠᠷᠢᠭᠤᠯᠤᠨ ᠬᠤᠪᠢᠷᠠᠭᠤᠯᠬᠤ ᠳᠤ ᠬᠠᠷᠰᠢ ᠰᠠᠭᠠᠳ ᠤᠯᠠᠨ ᠪᠠᠶᠢᠬᠤ ᠵᠡᠷᠬᠡ ᠠᠰᠠᠭᠤᠳᠠᠯ ᠤᠷᠤᠰᠢᠵᠥ ᠪᠠᠶᠢᠬᠤ ᠶᠢ ᠤᠯᠵᠥ ᠮᠡᠳᠡᠭᠰᠡᠡ ᠪᠠᠶᠢᠨ᠎ᠠ᠃

    ᠬᠤᠷᠠᠯ ᠠᠴᠠ᠂ ᠨᠢᠭᠡ ᠳᠤ᠂ ᠢᠯᠡᠷᠡᠭᠦᠯᠦᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠵᠠᠰᠠᠬᠤ ᠬᠡᠷᠡᠭᠲᠠᠢ᠃ ᠦᠯᠡᠳᠡᠭᠦᠭᠰᠡᠨ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠤᠯᠤᠨ ᠮᠡᠳᠡᠭᠡ ᠵᠠᠩᠭᠢᠵᠢᠯᠲᠠ ᠶᠢᠨ ᠶᠠᠮᠤᠨ《ᠴᠢᠨᠠᠷ ᠮᠠᠭᠤᠳᠠᠢ ᠪᠤᠯᠤᠳ》 ᠤᠨ ᠳᠠᠩᠰᠠᠨ ᠳᠤ ᠤᠷᠤᠭᠤᠯᠤᠭᠠᠳᠦᠢ ᠬᠤᠴᠤᠷᠤᠩᠭᠤᠢ ᠪᠤᠯᠤᠳ ᠲᠡᠮᠦᠷ ᠦᠢᠯᠡᠳᠪᠦᠷᠢᠯᠡᠬᠦ ᠴᠢᠳᠠᠪᠤᠷᠢ ᠶᠢ ᠲᠤᠤᠱᠲᠠᠢ ᠪᠠᠶᠢᠴᠠᠭᠠᠵᠤ᠂ ᠢᠯᠡᠷᠡᠭᠦᠯᠪᠡᠯ ᠴᠢᠩᠭ᠎ᠠ ᠰᠢᠢᠳᠪᠦᠷᠢᠯᠡᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

    ᠬᠤᠶᠠᠷ ᠲᠤ᠂ ᠱᠠᠯᠠᠪᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠡᠯ᠎ᠠ ᠭᠠᠵᠠᠷ ᠤᠨ 《ᠲᠠᠯᠪᠢᠬᠤ ᠬᠠᠮᠢᠶᠠᠷᠬᠤ ᠦᠢᠯᠡᠴᠢᠯᠡᠬᠦ》 ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢᠢᠯᠠᠯ ᠤᠨ ᠦᠪᠡᠷ ᠤᠨ ᠦᠷᠲᠡᠭ ᠢ ᠳᠤᠷᠤᠭᠰᠢᠯᠠᠭᠤᠯᠬᠤ᠂ ᠦᠢᠯᠡᠰ ᠪᠤᠰᠬᠠᠬᠤ ᠰᠢᠨ᠎ᠠ ᠶᠢ ᠡᠭᠦᠳᠬᠦ ᠶᠢ ᠠᠬᠢᠭᠤᠯᠬᠤ᠂ ᠤᠯᠠᠮᠵᠢᠯᠠᠯᠲᠦ ᠠᠵᠤ ᠦᠢᠯᠡᠰ ᠢ ᠳᠡᠰ ᠳᠡᠪᠰᠢᠭᠦᠯᠬᠦ ᠶᠢ ᠠᠬᠢᠭᠤᠯᠬᠤ ᠵᠡᠷᠭᠡ ᠲᠠᠯ᠎ᠠ ᠶᠢᠨ ᠨᠡᠶᠢᠳᠡᠯᠢᠭ ᠲᠤᠷᠰᠢᠯᠭ᠎ᠠ ᠬᠢᠳᠡᠯ ᠢ ᠳᠡᠯᠭᠡᠷᠡᠭᠦᠯᠬᠦ ᠬᠡᠷᠡᠭᠲᠠᠢ᠃

    ᠭᠤᠷᠪᠠ ᠳᠤ᠂ ᠱᠠᠯᠠᠪᠳᠠᠭᠤᠯᠤᠨ ᠪᠠᠶᠢᠴᠠᠭᠠᠬᠤ ᠳᠤᠮᠳᠠ ᠡᠯ᠎ᠠ ᠭᠠᠵᠠᠷ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠩᠭᠡᠭᠡᠨ ᠠᠪᠬᠤ ᠬᠡᠷᠡᠭᠲᠠᠢ᠃ ᠬᠠᠤᠯᠢ ᠲᠤᠭᠳᠠᠭᠠᠯ ᠢ ᠲᠤᠭᠲᠠᠭᠠᠬᠤ ᠂ ᠦᠭᠡᠷᠡᠴᠢᠯᠡᠬᠦ᠂ ᠬᠦᠴᠦᠨ ᠦᠭᠡᠢ ᠪᠤᠯᠭᠠᠬᠤ ᠳᠤ ᠬᠤᠯᠪᠤᠭᠳᠠᠭᠰᠠᠨ ᠶᠠᠪᠤᠳᠠᠯ ᠢ ᠭᠦᠨᠵᠡᠭᠡᠢ ᠰᠤᠳᠤᠯᠵᠤ᠂ ᠳᠠᠷᠦ᠋ᠢᠬᠠᠨ ᠬᠡᠷᠡᠭᠵᠢᠭᠦᠯᠵᠤ ᠳᠠᠷᠦ᠋ᠢᠬᠠᠨ ᠦᠭᠡᠷᠡᠴᠢᠯᠡᠵᠤ ᠪᠤᠯᠬᠤ ᠶᠢ ᠨᠢ ᠲᠦᠷᠭᠡᠨ ᠨᠠᠶᠢᠳᠠᠪᠤᠷᠢᠵᠢᠭᠤᠯᠬᠤ ᠬᠡᠷᠡᠭᠲᠠᠢ ᠭᠡᠵᠤ ᠱᠠᠭᠠᠷᠳᠠᠵᠠᠢ᠃

    ᠬᠤᠷᠠᠯ ᠠᠴᠠ᠂ ᠭᠤᠷᠪᠠᠳᠡᠬᠢ ᠲᠠᠯ᠎ᠠ ᠶᠢᠨ ᠦᠨᠡᠯᠡᠯᠲᠡ ᠶᠢ ᠦᠷᠨᠢᠭᠦᠯᠬᠦ ᠨᠢ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ ᠦᠷ᠎ᠠ ᠪᠤᠲᠦᠮᠵᠢ ᠶᠢ ᠳᠡᠭᠡᠭᠰᠢᠯᠡᠭᠦᠯᠬᠦ ᠳᠤ ᠰᠤᠳᠠᠯ ᠪᠠᠷᠢᠨ ᠤᠨᠤᠰᠢᠯᠠᠬᠤ ᠪᠠ ᠲᠡᠭᠦᠯᠳᠡᠷᠵᠢᠭᠦᠯᠬᠦ ᠢᠳᠡᠪᠬᠢ ᠦᠢᠯᠡᠳᠦᠯ ᠲᠠᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠨᠦᠬᠦᠪᠦᠷᠢᠯᠡᠯ ᠪᠤᠯᠤᠨ᠎ᠠ ᠭᠡᠵᠤ ᠵᠢᠭᠠᠵᠤ ᠭᠠᠷᠭᠠᠪᠠ᠃

    ᠬᠤᠷᠠᠯ ᠠᠴᠠ᠂ ᠦᠨᠡᠯᠡᠯᠲᠡ ᠶᠢᠨ ᠦᠷ᠎ᠠ ᠪᠦᠲᠦᠭᠡᠯ ᠢ ᠰᠠᠶᠢᠲᠤᠷ ᠠᠰᠢᠬᠯᠠᠬᠤ ᠬᠡᠷᠡᠭᠲᠠᠢ᠃ ᠨᠢᠭᠡ ᠳᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠲᠦᠷᠦᠭᠳᠡᠯ ᠪᠤᠯᠤᠨ ᠡᠷᠡᠮᠡᠯᠵᠡᠯ ᠢᠶᠠᠷ ᠤᠳᠤᠷᠢᠳᠤᠮᠵᠢ ᠪᠤᠯᠭᠠᠵᠤ᠂ ᠰᠢᠨ᠎ᠠ ᠠᠵᠤ ᠦᠢᠯᠡᠰ ᠰᠢᠨ᠎ᠠ ᠡᠵᠡᠩᠨᠡᠯᠲᠡ ᠶᠢᠨ ᠬᠡᠯᠪᠡᠷᠢ ᠶᠢᠨ ᠲᠦᠷᠭᠡᠨ ᠬᠦᠭᠵᠢᠯᠲᠠ ᠪᠠᠷ ᠲᠦᠷᠦ ᠶᠢᠨ ᠪᠤᠳᠤᠯᠭ᠎ᠠ ᠶᠢᠨ ᠪᠠᠯᠠᠢ ᠤᠷᠤᠨ ᠢ ᠨᠦᠬᠦᠪᠦᠷᠢᠯᠡᠵᠤ᠂ ᠦᠢᠯᠡᠰ ᠪᠤᠰᠬᠠᠯᠲᠠ ᠶᠢᠨ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠰᠢᠰᠲ᠋ᠧᠮ ᠢ ᠲᠡᠭᠦᠯᠳᠡᠷᠵᠢᠭᠦᠯᠵᠤ᠂ 《ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠭᠦᠳᠬᠦ》 ᠳᠤ ᠦᠢᠯᠡᠴᠢᠯᠡᠬᠦ ᠰᠢᠰᠲ᠋ᠧᠮ ᠤᠨ ᠲᠦᠪᠰᠢᠨ ᠢ ᠳᠡᠭᠡᠭᠰᠢᠯᠡᠭᠦᠯᠵᠤ᠂ ᠢᠷᠬᠡᠳ ᠤᠨ ᠬᠦᠷᠦᠩᠬᠡ ᠤᠷᠤᠭᠤᠯᠤᠯᠲᠠ ᠶᠢᠨ ᠳᠠᠯᠳᠠ ᠬᠠᠷᠰᠢ ᠰᠠᠭᠠᠳ ᠢ ᠠᠷᠢᠯᠭᠠᠬᠤ ᠵᠡᠷᠭᠡ ᠪᠠᠷ ᠭᠤᠤᠯᠳᠠᠭᠤᠯᠬᠤ ᠬᠡᠷᠡᠭᠲᠠᠢ᠃

    ᠬᠤᠶᠠᠷ ᠲᠤ᠂ ᠲᠦᠷᠦ ᠶᠢᠨ ᠪᠤᠳᠤᠯᠭ᠎ᠠ ᠶᠢ ᠢᠵᠢ ᠲᠦᠭᠦᠷ ᠪᠤᠯᠭᠠᠬᠤ ᠶᠢ ᠴᠢᠩᠭᠠᠳᠬᠠᠬᠤ ᠬᠡᠷᠡᠭᠲᠠᠢ᠃ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠨᠠᠷᠢᠨ ᠳᠦᠷᠢᠮ ᠢ ᠲᠤᠭᠳᠠᠭᠠᠬᠤ ᠳᠠᠭᠠᠨ ᠲᠦᠷᠦ ᠶᠢᠨ ᠪᠤᠳᠤᠯᠭ᠎ᠠ ᠶᠢ ᠲᠤᠭᠳᠠᠭᠠᠭᠰᠠᠨ ᠬᠠᠷᠠᠯᠲᠠ ᠶᠢ ᠰᠠᠶᠢᠲᠤᠷ ᠵᠢᠷᠤᠮᠯᠠᠬᠤ ᠬᠡᠷᠡᠭᠲᠠᠢ᠃

    ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠪᠠᠯᠠᠷᠬᠠᠢ ᠪᠠᠶᠢᠬᠤ ᠭᠠᠵᠠᠷ ᠢ ᠴᠥᠭᠡᠳᠭᠡᠵᠦ᠂ ᠬᠡᠷᠡᠭᠵᠢᠭᠦᠯᠬᠦ ᠴᠢᠨᠠᠷ ᠢ ᠨᠢ ᠳᠡᠭᠡᠭᠰᠢᠯᠡᠬᠦᠯᠬᠦ ᠬᠡᠷᠡᠭᠲᠠᠢ ᠭᠡᠵᠤ ᠱᠠᠭᠠᠷᠳᠠᠵᠠᠢ᠃  

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120701121662067