蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠤᠨ《ᠳᠦᠪ ᠭᠤᠤᠯᠴᠢ ᠰᠢᠳᠤᠷᠭᠤ ᠶᠤᠰᠤ》 ᠶᠢᠨ ᠰᠢᠳᠠᠷ᠎ᠠ ᠶᠢᠨ ᠬᠦᠯᠬᠡ

2017-09-15 11:00

    ᠬᠠᠤᠯᠢᠵᠢᠯ ᠰᠡᠷᠬᠦᠨ ᠮᠠᠨᠳᠤᠪᠠᠯ ᠤᠯᠤᠰ ᠬᠡᠷ ᠰᠡᠷᠬᠦᠨ ᠮᠠᠨᠳᠤᠨ᠎ᠠ᠂ ᠬᠠᠤᠯᠢᠵᠢᠯ ᠳᠤᠷᠤᠶᠢᠳᠠᠪᠠᠯ ᠤᠯᠤᠰ ᠬᠡᠷ ᠰᠠᠮᠠᠭᠤᠷᠠᠬᠤ ᠪᠤᠯᠤᠨ᠎ᠠ᠃ ᠬᠠᠤᠯᠢᠵᠢᠯ ᠪᠤᠯ ᠤᠯᠤᠰ ᠢ ᠵᠠᠰᠠᠵᠤ ᠳᠦᠷᠦ ᠪᠠᠷᠢᠬᠤ ᠳᠤᠳᠠᠭᠳᠠᠵᠤ ᠪᠤᠯᠤᠰᠢ ᠦᠬᠡᠢ ᠴᠢᠬᠤᠯᠠ ᠠᠷᠭ᠎ᠠ ᠠᠪᠴᠠᠯ ᠬᠡᠰᠡᠨ ᠢ ᠳᠡᠤᠬᠡᠨ ᠳᠤᠷᠰᠢᠯᠭ᠎ᠠ ᠪᠢᠳᠡᠨ ᠳᠤ ᠮᠡᠳᠡᠬᠦᠯᠦᠭᠰᠡᠨ ᠶᠤᠮ᠃

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠦᠨᠳᠦᠰᠦᠳᠡᠨ ᠤ ᠰᠡᠷᠬᠦᠨ ᠮᠠᠨᠳᠤᠯᠳᠠ ᠶᠢᠨ ᠡᠨᠡᠬᠦ ᠳᠤᠮᠤ ᠰᠢᠳᠠᠷ᠎ᠠ ᠶᠢᠨ ᠬᠦᠯᠬᠡ ᠶᠢ ᠳᠦᠯᠦᠪᠯᠡᠬᠦ ᠳᠤ ᠰᠢ ᠵᠢᠨ ᠫᠢᠩ ᠬᠠᠤᠯᠢ ᠪᠡᠷ ᠤᠯᠤᠰ ᠢᠶᠡᠨ ᠵᠠᠰᠠᠬᠤ ᠶᠢ ᠳᠡᠬᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠤ᠂ 《ᠳᠦᠪ ᠭᠤᠤᠯᠴᠢ ᠰᠢᠳᠤᠷᠭᠤ ᠶᠤᠰᠤ》 ᠶᠢ ᠡᠷᠡᠰ ᠪᠠᠳᠤ ᠬᠡᠷᠡᠭᠵᠢᠬᠦᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠳᠠ ᠳᠤ ᠰᠢᠨ᠎ᠡ ᠬᠠᠭᠤᠳᠠᠰᠤ ᠶᠢ ᠪᠢᠴᠢᠭᠯᠡᠵᠡᠢ᠃

    ᠳᠦᠪ ᠭᠤᠤᠯᠴᠢ ᠰᠢᠳᠤᠷᠭᠤ ᠶᠤᠰᠤᠨ ᠤ《ᠴᠠᠳᠢᠭ》 ᠢ ᠮᠦᠷᠳᠡᠵᠤ᠂ ᠬᠠᠤᠯᠢ ᠪᠡᠷ ᠤᠯᠤᠰ ᠢᠶᠡᠨ ᠵᠠᠰᠠᠬᠤ 《ᠬᠦᠯᠬᠡ》 ᠶᠢ ᠪᠠᠶᠢᠷᠢᠰᠢᠭᠤᠯᠪᠠ

    《ᠬᠠᠤᠯᠢ ᠪᠡᠷ ᠤᠯᠤᠰ ᠢᠶᠡᠨ ᠵᠠᠰᠠᠬᠤ ᠪᠤᠯ ᠨᠠᠮ ᠡᠴᠡ ᠢᠷᠬᠡᠳ ᠢ ᠤᠳᠤᠷᠢᠳᠤᠨ ᠤᠯᠤᠰ ᠢᠶᠡᠨ ᠵᠠᠰᠠᠬᠤ ᠶᠢᠨ ᠦᠨᠳᠦᠰᠦᠨ ᠶᠡᠷᠦᠩᠬᠡᠢ ᠪᠤᠳᠤᠯᠭ᠎ᠠ᠂ ᠬᠠᠤᠯᠢᠵᠢᠯ ᠪᠤᠯ ᠬᠠᠤᠯᠢ ᠪᠡᠷ ᠤᠯᠤᠰ ᠢᠶᠡᠨ ᠵᠠᠰᠠᠬᠤ ᠶᠢᠨ ᠦᠨᠳᠦᠰᠦᠨ ᠠᠷᠭ᠎ᠠ ᠪᠤᠯᠤᠨ᠎ᠠ》᠃

    2012 ᠤᠨ ᠤ 12 ᠰᠠᠷ᠎ᠠ ᠳᠤ᠂ ᠰᠢ ᠵᠢᠨ ᠫᠢᠩ ᠶᠡᠷᠦᠩᠬᠡᠢ ᠱᠦᠵᠢ ᠨᠡᠶᠢᠰᠯᠡᠯ ᠤᠨ ᠡᠯ᠎ᠡ ᠡᠳᠡᠬᠡᠳ ᠤᠨ ᠤᠳᠤ ᠪᠡᠷ ᠬᠡᠷᠡᠭᠵᠢᠬᠦᠯᠵᠤ ᠪᠤᠢ ᠦᠨᠳᠦᠰᠦᠨ ᠬᠠᠤᠯᠢ ᠶᠢ ᠨᠡᠶᠢᠳᠡᠯᠡᠭᠰᠡᠨ 30 ᠵᠢᠯ ᠤᠨ ᠤᠢ ᠶᠢ ᠳᠤᠷᠠᠰᠬᠠᠬᠤ ᠶᠡᠬᠡ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠳᠠᠯᠪᠢᠬᠤ ᠳ᠋ᠠᠭᠠᠨ᠂ ᠪᠦᠬᠦ ᠳᠠᠯ᠎ᠠ ᠶᠢᠨ ᠦᠨᠳᠦᠷᠴᠡ ᠡᠴᠡ 《ᠬᠠᠤᠯᠢ ᠪᠡᠷ ᠤᠯᠤᠰ ᠢᠶᠡᠨ ᠵᠠᠰᠠᠬᠤ᠂ ᠬᠠᠤᠯᠢ ᠶᠤᠰᠤᠭᠠᠷ ᠵᠠᠰᠠᠭ ᠪᠠᠷᠢᠬᠤ᠂ ᠬᠠᠤᠯᠢ ᠶᠤᠰᠤᠨ ᠤ ᠵᠠᠰᠠᠭ ᠵᠠᠬᠢᠷᠭ᠎ᠠ ᠶᠢ ᠬᠠᠮᠳᠤᠪᠠᠷ ᠠᠬᠢᠭᠤᠯᠬᠤ ᠶᠢ ᠪᠠᠷᠢᠮᠳᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠤᠷᠳᠤᠨ᠂ ᠬᠠᠤᠯᠢᠵᠢᠯ ᠤᠨ ᠨᠡᠶᠢᠬᠡᠮ ᠤᠨ ᠨᠢᠬᠡ ᠴᠤᠭᠴᠠᠵᠢᠭᠰᠠᠨ ᠪᠠᠶᠢᠭᠤᠯᠤᠯᠳᠠ ᠶᠢ ᠪᠠᠷᠢᠮᠳᠠᠯᠠᠬᠤ》 ᠬᠡᠷᠡᠭᠳᠡᠢ᠂ 《ᠬᠠᠤᠯᠢ ᠳᠦᠷᠢᠮ ᠲᠠᠢ ᠬᠤᠯᠪᠤᠭᠳᠠᠭᠰᠠᠨ ᠬᠡᠷᠡᠭ ᠪᠦᠷᠢ ᠶᠢᠨ ᠳᠤᠮᠳᠠ ᠤᠯᠠᠨ ᠳᠦᠮᠡᠨ ᠳᠤ ᠴᠦᠮ ᠳᠦᠪ ᠭᠤᠤᠯᠴᠢ ᠰᠢᠳᠤᠷᠭᠤ ᠶᠤᠰᠤ ᠶᠢ ᠮᠡᠳᠡᠷᠡᠬᠦᠯᠬᠦ》 ᠠᠮᠠᠯᠠᠯᠳᠠ ᠬᠢᠬᠦ ᠬᠡᠷᠡᠭᠳᠡᠢ ᠬᠡᠵᠡᠢ᠃

    2013 ᠤᠨ ᠤ 11 ᠰᠠᠷ᠎ᠠ ᠳᠤ ᠬᠤᠷᠠᠯᠳᠤᠭᠤᠯᠤᠭᠰᠠᠨ ᠠᠷᠪᠠᠨ ᠨᠠᠶ᠋ᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠢᠶᠡᠷ ᠦᠬᠡᠷᠡᠴᠢᠯᠡᠯᠳᠡ ᠶᠢ ᠪᠦᠬᠦ ᠳᠠᠯ᠎ᠠ ᠪᠡᠷ ᠬᠦᠨᠵᠡᠬᠡᠶᠢᠷᠡᠬᠦᠯᠬᠦ ᠳᠤᠬᠠᠢ ᠰᠢᠰᠲ᠋ᠧᠮ ᠲᠠᠢ ᠪᠠᠶᠢᠷᠢᠰᠢᠭᠤᠯᠤᠯᠳᠠ ᠬᠢᠭᠰᠡᠨ ᠪᠠᠶᠢᠨ᠎ᠠ᠃ ᠬᠠᠤᠯᠢᠵᠢᠯ ᠤᠨ ᠤᠯᠤᠰ ᠢ ᠪᠠᠶᠢᠭᠤᠯᠬᠤ ᠶᠢ 《ᠦᠬᠡᠷᠡᠴᠢᠯᠡᠯᠳᠡ ᠶᠢ ᠪᠦᠬᠦ ᠳᠠᠯ᠎ᠠ ᠪᠡᠷ ᠬᠦᠨᠵᠡᠬᠡᠶᠢᠷᠡᠬᠦᠯᠬᠦ ᠳᠤᠮᠤ ᠴᠢᠬᠤᠯᠠ ᠠᠰᠠᠭᠤᠳᠠᠯ ᠤᠳ ᠤᠨ ᠳᠤᠬᠠᠢ ᠨᠠᠮ ᠤᠨ ᠳᠦᠪ ᠬᠤᠷᠢᠶᠠᠨ ᠤ ᠳᠤᠭᠳᠠᠭᠠᠯ》 ᠳᠤ ᠤᠷᠤᠭᠤᠯᠪᠠ᠃ ᠡᠬᠦᠨ ᠤ ᠳᠠᠷᠠᠭᠠᠬᠠᠨ ᠵᠤᠬᠢᠶᠠᠨ ᠪᠠᠶᠢᠭᠤᠯᠤᠭᠳᠠᠭᠰᠠᠨ ᠳᠦᠪ ᠤᠨ ᠤᠯᠤᠰ ᠳᠦᠷᠦ ᠬᠠᠤᠯᠢ ᠴᠠᠭᠠᠵᠠ ᠶᠢᠨ ᠬᠤᠷᠠᠯ ᠢᠶᠡᠷ ᠰᠢ ᠵᠢᠨ ᠫᠢᠩ᠂ ᠨᠡᠶᠢᠬᠡᠮ ᠤᠨ ᠳᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ ᠪᠤᠯ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠭᠤᠤᠯᠯᠠᠬᠤ ᠦᠷᠳᠡᠭ ᠤᠨ ᠬᠦᠬᠡᠬᠡᠴᠡᠯᠳᠦᠯ᠂ ᠢᠷᠬᠡᠳ ᠤᠨ ᠠᠮᠤᠷ ᠳᠤᠭᠳᠠᠭᠤᠨ ᠠᠵᠢᠯ ᠦᠢᠯᠡᠰ ᠡᠷᠬᠢᠯᠡᠬᠦ ᠶᠢ ᠪᠠᠳᠤᠯᠠᠬᠤ ᠪᠤᠯ ᠤᠯᠤᠰ ᠳᠦᠷᠦ ᠬᠠᠤᠯᠢ ᠴᠠᠭᠠᠵᠠ ᠶᠢᠨ ᠠᠵᠢᠯ ᠤᠨ ᠦᠨᠳᠦᠰᠦᠨ ᠬᠠᠷᠠᠯᠳᠠ᠂ ᠤᠯᠤᠰ ᠳᠦᠷᠦ ᠬᠠᠤᠯᠢ ᠴᠠᠭᠠᠵᠠ ᠶᠢᠨ ᠠᠵᠢᠯ ᠨᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠬᠠᠤᠯᠢ ᠪᠡᠷ ᠤᠯᠤᠰ ᠢᠶᠡᠨ ᠵᠠᠰᠠᠬᠤ ᠬᠡᠳᠡᠭ ᠡᠨᠡᠬᠦ ᠨᠠᠮ ᠡᠴᠡ ᠢᠷᠬᠡᠳ ᠢ ᠤᠳᠤᠷᠢᠳᠤᠨ ᠤᠯᠤᠰ ᠢᠶᠡᠨ ᠵᠠᠰᠠᠬᠤ ᠶᠢᠨ ᠦᠨᠳᠦᠰᠦᠨ ᠶᠡᠷᠦᠩᠬᠡᠢ ᠪᠤᠳᠤᠯᠭ᠎ᠠ ᠶᠢ ᠰᠠᠶᠢᠳᠤᠷ ᠬᠡᠷᠡᠭᠵᠢᠬᠦᠯᠬᠦ ᠬᠡᠷᠡᠭᠳᠡᠢ ᠬᠡᠵᠤ ᠳᠤᠷᠠᠳᠤᠵᠠᠢ᠃

    2014 ᠤᠨ ᠤ 9 ᠰᠠᠷ᠎ᠠ ᠳᠤ᠂ ᠰᠢ ᠵᠢᠨ ᠫᠢᠩ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠦᠷᠢᠮ ᠪᠤᠢ ᠪᠤᠯᠤᠭᠰᠠᠨ 60 ᠵᠢᠯ ᠤᠨ ᠤᠢ ᠶᠢᠨ ᠶᠡᠬᠡ ᠬᠤᠷᠠᠯ ᠳᠡᠬᠡᠷ᠎ᠡ᠂ ᠬᠠᠤᠯᠢ ᠳᠤᠭᠳᠠᠭᠠᠬᠤ ᠴᠢᠨᠠᠷ ᠢ ᠳᠡᠬᠡᠭᠰᠢᠯᠡᠬᠦᠯᠬᠦ ᠵᠠᠩᠬᠢᠯᠠᠭ᠎ᠠ ᠶᠢ ᠠᠳᠬᠤᠵᠤ ᠰᠢᠨᠵᠢᠯᠡᠬᠦ ᠤᠬᠠᠭᠠᠨᠴᠢ ᠪᠡᠷ ᠬᠠᠤᠯᠢ ᠳᠤᠭᠳᠠᠭᠠᠬᠤ᠂ ᠢᠷᠬᠡᠳ ᠤᠨ ᠰᠠᠨᠠᠯ ᠢ ᠳᠤᠰᠬᠠᠬᠤ᠂ ᠬᠠᠤᠯᠢ ᠳᠤᠭᠳᠠᠭᠠᠬᠤ ᠳᠤᠭᠳᠠᠯᠴᠠᠭ᠎ᠠ ᠬᠢᠬᠡᠳ ᠳᠠᠷᠠᠭᠠᠯᠠᠯ ᠢ ᠳᠡᠬᠦᠯᠳᠡᠷᠵᠢᠬᠦᠯᠬᠦ ᠶᠢ ᠬᠦᠨᠵᠡᠬᠡᠢ ᠠᠬᠢᠭᠤᠯᠵᠤ᠂ ᠳᠤᠭᠳᠠᠭᠠᠬᠤ ᠬᠠᠤᠯᠢ ᠪᠤᠯᠭᠠᠨ ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠲᠠᠢ ᠨᠡᠶᠢᠴᠡᠵᠤ᠂ ᠢᠷᠬᠡᠳ ᠤᠨ ᠰᠠᠨᠠᠯ ᠢ ᠳᠤᠰᠬᠠᠭᠰᠠᠨ᠂ ᠢᠷᠬᠡᠳ ᠤᠨ ᠬᠦᠷᠢᠶᠡᠯᠡᠯ ᠢ ᠤᠯᠤᠭᠰᠠᠨ ᠪᠠᠶᠢᠬᠤ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ ᠬᠡᠵᠡᠢ᠃

    2014 ᠤᠨ ᠤ 10 ᠰᠠᠷ᠎ᠠ ᠳᠤ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠳᠦᠷᠪᠡᠳᠦᠬᠡᠷ ᠪᠦᠬᠦᠳᠡ ᠬᠤᠷᠠᠯ ᠪᠡᠬᠡᠵᠢᠩ ᠳᠤ ᠬᠤᠷᠠᠯᠳᠤᠪᠠ᠃ ᠮᠠᠨ ᠤ ᠨᠠᠮ ᠠᠩᠬ᠎ᠠ ᠤᠳᠠᠭ᠎ᠠ ᠪᠦᠬᠦᠳᠡ ᠬᠤᠷᠠᠯ ᠤᠨ ᠬᠡᠯᠪᠡᠷᠢ ᠪᠡᠷ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠳᠠᠯ᠎ᠠ ᠪᠡᠷ ᠠᠬᠢᠭᠤᠯᠬᠤ ᠳᠤᠬᠠᠢ ᠳᠤᠰᠬᠠᠶᠢᠯᠠᠨ ᠰᠤᠳᠤᠯᠤᠨ ᠶᠠᠷᠢᠯᠴᠠᠵᠤ ᠪᠠᠶᠢᠷᠢᠰᠢᠭᠤᠯᠤᠯᠳᠠ ᠬᠢᠵᠤ᠂ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠳᠠᠯ᠎ᠠ ᠪᠡᠷ ᠠᠬᠢᠭᠤᠯᠬᠤ ᠶᠢᠨ ᠶᠡᠷᠦᠩᠬᠡᠢ ᠬᠠᠷᠠᠯᠳᠠ ᠨᠢ 《ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠨᠡᠶᠢᠬᠡᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠬᠤ᠂ ᠨᠡᠶᠢᠬᠡᠮ ᠵᠢᠷᠤᠮ ᠤᠨ ᠬᠠᠤᠯᠢᠵᠢᠯ ᠤᠨ ᠤᠯᠤᠰ ᠢ ᠪᠠᠶᠢᠭᠤᠯᠬᠤ ᠶᠠᠪᠤᠳᠠᠯ》 ᠪᠤᠯᠬᠤ ᠶᠢ ᠳᠤᠭᠳᠠᠭᠠᠵᠠᠢ᠃ ᠡᠨᠡᠬᠦ ᠶᠡᠷᠦᠩᠬᠡᠢ ᠬᠠᠷᠠᠯᠳᠠ ᠶᠢ ᠳᠤᠷᠠᠳᠤᠭᠰᠠᠨ ᠨᠢ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠳᠠᠯ᠎ᠠ ᠪᠡᠷ ᠠᠬᠢᠭᠤᠯᠬᠤ ᠶᠢᠨ ᠰᠢᠨᠵᠢ ᠴᠢᠨᠠᠷ ᠪᠠ ᠴᠢᠭᠯᠡᠯ ᠬᠠᠨᠳᠤᠯᠭ᠎ᠠ ᠶᠢ ᠳᠤᠳᠤᠷᠬᠠᠶᠢᠯᠠᠵᠤ᠂ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠳᠠᠯ᠎ᠠ ᠪᠡᠷ ᠠᠬᠢᠭᠤᠯᠬᠤ ᠠᠵᠢᠯ ᠤᠨ ᠴᠢᠬᠤᠯᠠ ᠴᠡᠭ ᠪᠤᠯᠤᠨ ᠶᠡᠷᠦᠩᠬᠡᠢ ᠠᠳᠬᠤᠴᠠ ᠶᠢ ᠳᠤᠪᠤᠶᠢᠯᠭᠠᠭᠰᠠᠨ ᠶᠤᠮ᠃

    《ᠬᠠᠤᠯᠢ ᠪᠤᠯ ᠤᠯᠤᠰ ᠢᠶᠡᠨ ᠵᠠᠰᠠᠬᠤ ᠶᠢᠨ ᠴᠢᠬᠤᠯᠠ ᠪᠠᠭᠠᠵᠢ᠂ ᠳᠡᠬᠦᠯᠳᠡᠷᠵᠢᠭᠰᠡᠨ ᠬᠠᠤᠯᠢ ᠨᠢ ᠰᠠᠶᠢᠳᠤᠷ ᠵᠠᠰᠠᠬᠤ ᠶᠢᠨ ᠤᠷᠢᠳᠠᠯ》᠃ ᠪᠦᠬᠦᠳᠡ ᠬᠤᠷᠠᠯ ᠤᠨ ᠢᠯᠡᠳᠬᠡᠯ ᠳᠤ ᠪᠢᠴᠢᠵᠤ ᠤᠷᠤᠭᠤᠯᠤᠭᠰᠠᠨ ᠡᠨᠡ ᠦᠬᠡ 《ᠬᠠᠤᠯᠢ》 ᠬᠢᠬᠡᠳ《ᠵᠠᠰᠠᠬᠤ》 ᠶᠢᠨ ᠬᠠᠷᠢᠯᠴᠠᠭ᠎ᠠ ᠶᠢ ᠳᠤᠳᠤᠷᠬᠠᠢ ᠢᠯᠡᠳᠬᠡᠵᠡᠢ᠃ ᠪᠦᠬᠦᠳᠡ ᠬᠤᠷᠠᠯ ᠢᠶᠡᠷ ᠨᠠᠮ ᠤᠨ ᠳᠡᠤᠬᠡᠨ ᠳᠡᠬᠡᠷᠡᠬᠢ ᠨᠢᠬᠡᠳᠦᠬᠡᠷ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠬᠤ ᠳᠤᠰᠬᠠᠢ ᠳᠤᠭᠳᠠᠭᠠᠯ - 《ᠦᠬᠡᠷᠡᠴᠢᠯᠡᠯᠳᠡ ᠶᠢ ᠪᠦᠬᠦ ᠳᠠᠯ᠎ᠠ ᠪᠡᠷ ᠬᠦᠨᠵᠡᠬᠡᠶᠢᠷᠡᠬᠦᠯᠬᠦ ᠳᠤᠮᠤ ᠴᠢᠬᠤᠯᠠ ᠠᠰᠠᠭᠤᠳᠠᠯ ᠤᠳ ᠤᠨ ᠳᠤᠬᠠᠢ ᠨᠠᠮ ᠤᠨ ᠳᠦᠪ ᠬᠤᠷᠢᠶᠠᠨ ᠤ ᠳᠤᠭᠳᠠᠭᠠᠯ》 ᠢ ᠬᠢᠨᠠᠨ ᠪᠠᠳᠤᠯᠠᠪᠠ᠃

    2015 ᠤᠨ ᠤ 2 ᠰᠠᠷ᠎ᠠ ᠳᠤ᠂ ᠮᠤᠵᠢ ᠶᠠᠮᠤᠨ ᠤ ᠳᠡᠰ ᠤᠨ ᠴᠢᠬᠤᠯᠠ ᠤᠳᠤᠷᠢᠳᠬᠤ ᠺᠠᠳ᠋ᠷᠴᠤᠳ ᠤᠨ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠤᠨ ᠳᠦᠷᠪᠡᠳᠦᠬᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠳᠠᠯ᠎ᠠ ᠪᠡᠷ ᠠᠬᠢᠭᠤᠯᠬᠤ ᠳᠤᠬᠠᠢ ᠳᠤᠰᠬᠠᠢ ᠰᠡᠳᠦᠪᠳᠤ ᠰᠤᠳᠤᠯᠤᠨ ᠶᠠᠷᠢᠯᠴᠠᠬᠤ ᠠᠩᠬᠢ ᠳᠤ ᠰᠢ ᠵᠢᠨ ᠫᠢᠩ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠤᠨ ᠭᠤᠷᠪᠠᠳᠤᠭᠠᠷ ᠪᠦᠬᠦᠳᠡ ᠬᠤᠷᠠᠯ ᠤᠨ ᠳᠤᠭᠳᠠᠭᠠᠯ᠂ ᠳᠦᠷᠪᠡᠳᠦᠬᠡᠷ ᠪᠦᠬᠦᠳᠡ ᠬᠤᠷᠠᠯ ᠤᠨ ᠳᠤᠭᠳᠠᠭᠠᠯ ᠨᠢ ᠢᠵᠢ ᠪᠦᠷᠢᠳᠦᠨ᠂ ᠦᠬᠡᠷᠡᠴᠢᠯᠡᠯᠳᠡ ᠬᠢᠬᠡᠳ ᠬᠠᠤᠯᠢᠵᠢᠯ ᠨᠢ ᠶᠠᠭ ᠯᠠ ᠰᠢᠪᠠᠭᠤᠨ ᠤ ᠬᠤᠤᠰ ᠵᠢᠬᠦᠷ ᠰᠢᠭ᠌᠂ ᠮᠠᠰᠢᠨ ᠤ ᠬᠤᠤᠰ ᠬᠦᠷᠳᠦ ᠮᠡᠳᠦ ᠪᠡᠷ ᠴᠢᠨᠡᠬᠡᠯᠢᠭ᠌ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠦᠢᠯᠡᠰ ᠤᠨ ᠬᠦᠭᠵᠢᠯᠳᠡ ᠶᠢ ᠬᠦᠴᠦᠯᠡᠨ ᠠᠬᠢᠭᠤᠯᠤᠭᠰᠠᠨ ᠪᠠᠶᠢᠨ᠎ᠠ ᠬᠡᠵᠡᠢ᠃ ᠳᠡᠷᠡᠪᠡᠷ ᠪᠠᠰᠠ᠂ ᠪᠦᠬᠦ ᠳᠠᠯ᠎ᠠ ᠪᠡᠷ ᠬᠠᠤᠯᠢ ᠪᠡᠷ ᠤᠯᠤᠰ ᠢᠶᠡᠨ ᠵᠠᠰᠠᠬᠤ ᠶᠢ 《ᠳᠦᠷᠪᠡᠨ ᠪᠦᠬᠦ ᠳᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠳᠤᠮᠳᠠ ᠳᠠᠯᠪᠢᠨ ᠡᠵᠡᠮᠳᠡᠵᠤ᠂ ᠬᠠᠤᠯᠢ ᠪᠡᠷ ᠤᠯᠤᠰ ᠢᠶᠡᠨ ᠵᠠᠰᠠᠬᠤ ᠪᠤᠯᠤᠨ ᠪᠤᠰᠤᠳ ᠭᠤᠷᠪᠠᠨ 《ᠪᠦᠬᠦ ᠳᠠᠯ᠎ᠠ》 ᠶᠢᠨ ᠬᠠᠷᠢᠴᠠᠭ᠎ᠠ ᠶᠢ ᠬᠦᠨᠵᠡᠬᠡᠢ ᠤᠶᠢᠯᠠᠭᠠᠵᠤ᠂ 《ᠳᠦᠷᠪᠡᠨ ᠪᠦᠬᠦ ᠳᠠᠯ᠎ᠠ》 ᠬᠠᠷᠢᠯᠴᠠᠨ ᠤᠶᠠᠯᠳᠤᠭ᠎ᠠ ᠲᠠᠢ᠂ ᠬᠠᠷᠢᠯᠴᠠᠨ ᠠᠬᠢᠭᠤᠯᠬᠤ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ ᠬᠡᠵᠡᠢ᠃

    《ᠴᠦ᠋ ᠬᠦᠷᠦᠨ ᠤ ᠭᠤᠤᠯ》 ᠢ ᠬᠡᠳᠦᠯᠵᠤ 《ᠬᠠᠨ ᠬᠦᠷᠦᠨ ᠤ ᠬᠢᠯᠢ》 ᠶᠢ ᠳᠠᠪᠠᠨ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢ ᠠᠬᠢᠭᠤᠯᠤᠶ᠎ᠠ

    ᠨᠡᠶᠢᠭᠡᠮ ᠤᠨ ᠬᠦᠭ᠍ᠵᠢᠯᠲᠠ ᠪᠠ ᠦᠭᠡᠷᠡᠴᠢᠯᠡᠯᠲᠡ ᠶᠢᠨ ᠬᠦᠨᠵᠭᠡᠶᠢᠷᠡᠬᠦ ᠶᠢ ᠲᠠᠭᠠᠯᠲᠤᠨ᠂ ᠪᠦᠬᠦ ᠲᠠᠯ᠎ᠠ ᠪᠡᠷ ᠬᠠᠦᠯᠢ ᠪᠡᠷ ᠤᠯᠤᠰ ᠢᠶᠡᠨ ᠵᠠᠰᠠᠬᠤ ᠤᠯᠠᠨ ᠰᠢᠨ᠎ᠡ ᠠᠰᠠᠭᠤᠲᠠᠯ ᠰᠢᠨ᠎ᠡ ᠦᠷᠢᠰᠦᠯᠲᠦᠭᠡᠨ ᠨᠢᠭᠤᠷᠯᠠᠪᠠ᠃

    ᠨᠡᠶᠢᠭᠡᠮ ᠤᠨ ᠲᠦᠪ ᠭᠤᠤᠯᠴᠢ ᠡᠷᠬᠡ ᠲᠡᠭᠰᠢ ᠶᠢ ᠬᠡᠷᠬᠢᠨ ᠪᠠᠲᠤᠯᠠᠵᠤ ᠬᠠᠦᠯᠢ ᠲᠤᠭᠲᠠᠭᠠᠮᠵᠢ ᠶᠢᠨ ᠵᠦᠷᠢᠴᠡᠯ ᠮᠦᠷᠬᠦᠯᠲᠦᠭᠡᠨ ᠢ ᠵᠤᠭᠰᠤᠭᠠᠬᠤ᠂ ᠠᠯᠪᠠᠨ ᠤ ᠡᠷᠬᠡ ᠶᠢ ᠬᠡᠷᠬᠢᠨ ᠬᠢᠵᠠᠭᠠᠷᠯᠠᠬᠤ ᠪᠤᠢ ? ᠰᠢ ᠵᠢᠨ ᠫᠢᠩ《ᠡᠲᠡᠭᠡᠷ ᠠᠰᠠᠭᠤᠲᠠᠯ ᠢ ᠰᠢᠢᠳᠪᠦᠷᠢᠯᠡᠬᠦ ᠳ᠋ᠤ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠳ᠋ᠤ ᠲᠦᠰᠢᠭᠯᠡᠬᠦ ᠬᠡᠷᠡᠭᠲᠡᠢ》ᠭᠡᠵᠡᠢ᠃

    ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠳ᠋ᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠤᠨ ᠭᠤᠷᠪᠠᠲᠤᠭᠠᠷ ᠪᠦᠬᠦᠳᠡ ᠬᠤᠷᠠᠯ ᠡᠴᠡ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠡᠷ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠶᠢᠨ ᠴᠢᠬᠤᠯᠠ ᠴᠠᠷᠠᠭ᠎ᠠ ᠬᠦᠷᠢᠶ᠎ᠠ ᠪᠤᠯᠭᠠᠵᠤ᠂ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ᠂ ᠬᠠᠦᠯᠢ ᠴᠠᠭᠠᠵᠠ ᠶᠢᠨ ᠲᠤᠰᠢᠶᠠᠯ ᠡᠷᠬᠡ ᠶᠢ ᠰᠢᠯᠢᠲᠡᠭᠵᠢᠬᠦᠯᠦᠨ ᠲᠤᠬᠢᠷᠠᠭᠤᠯᠵᠤ᠂ ᠬᠦᠮᠦᠨ ᠤ ᠡᠷᠬᠡ ᠶᠢᠨ ᠬᠠᠦᠯᠢ ᠲᠤᠭᠲᠠᠭᠠᠮᠵᠢ ᠶᠢ ᠰᠢᠯᠢᠲᠡᠭᠵᠢᠬᠦᠯᠬᠦ ᠵᠡᠷᠭᠡ ᠨᠢ ᠬᠠᠦᠯᠢ ᠪᠡᠷ ᠵᠠᠰᠠᠭᠰᠠᠨ ᠲᠤᠮᠲᠠᠲᠤ ᠤᠯᠤᠰ ᠢ ᠪᠠᠶᠢᠭᠤᠯᠬᠤ ᠶᠢᠨ ᠴᠢᠬᠤᠯᠠ ᠠᠷᠭ᠎ᠠ ᠪᠠᠷᠢᠯ ᠪᠤᠯᠤᠬᠰᠠᠨ ᠪᠠᠢᠢᠨ᠎ᠠ᠃

    2014 ᠤᠨ ᠤ 1 ᠰᠠᠷ᠎ᠠ ᠳ᠋ᠤ᠂ ᠲᠦᠪ ᠬᠤᠷᠢᠶᠠᠨ ᠤ ᠤᠯᠤᠰ ᠲᠦᠷᠦ ᠬᠠᠦᠯᠢ ᠴᠠᠭᠠᠵᠠ ᠶᠢᠨ ᠠᠵᠢᠯ ᠤᠨ ᠬᠤᠷᠠᠯ ᠬᠤᠷᠠᠯᠲᠤᠪᠠ; 2 ᠰᠠᠷ᠎ᠠ ᠳ᠋ᠤ ᠨᠢ ᠲᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠡᠷ ᠭᠦᠨᠵᠡᠭᠡᠶᠢᠷᠡᠬᠦᠯᠬᠦ ᠪᠠᠭ᠎ᠠ ᠲᠤᠭᠤᠶᠢᠯᠠᠩ ᠬᠤᠶᠠᠲᠤᠭᠠᠷ ᠤᠲᠠᠭᠠᠨ ᠤ ᠬᠤᠷᠠᠯ ᠬᠤᠷᠠᠯᠲᠤᠵᠤ᠂ ᠰᠢ ᠵᠢᠨ ᠫᠢᠩ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ ᠨᠡᠶᠢᠭᠡᠮ ᠤᠨ ᠲᠦᠪ ᠭᠤᠤᠯᠴᠢ ᠶᠢ ᠠᠬᠢᠭᠤᠯᠬᠤ ᠬᠡᠷᠡᠭᠲᠡᠢ ᠭᠡᠵᠡᠢ᠃ 10 ᠰᠠᠷ᠎ᠠ ᠳ᠋ᠤ ᠨᠢ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠷᠪᠡᠲᠦᠭᠡᠷ ᠪᠦᠭᠦᠲᠡ ᠬᠤᠷᠠᠯ ᠡᠴᠡ ᠦᠭᠡᠷᠡᠴᠢᠯᠡᠯᠲᠡ ᠶᠢᠨ ᠴᠢᠭᠯᠡᠯ᠂ ᠠᠰᠠᠭᠤᠲᠠᠯ ᠤᠨ ᠵᠢᠯᠤᠭᠤᠲᠤᠮᠵᠢ᠂ ᠬᠠᠦᠯᠢ ᠪᠡᠷ ᠤᠯᠤᠰ ᠢᠶᠡᠨ ᠵᠠᠰᠠᠬᠤ ᠶᠢᠨ ᠪᠤᠲᠠᠲᠤ ᠠᠴᠢ ᠬᠤᠯᠪᠤᠭᠲᠠᠯ᠂ ᠦᠭᠡᠷᠡᠴᠢᠯᠡᠯᠲᠡ ᠶᠢᠨ ᠠᠷᠭ᠎ᠠ ᠪᠠᠷᠢᠯ ᠢ ᠲᠤᠭᠲᠠᠭᠠᠪᠠ ; 2015 ᠤᠨ ᠤ 3 ᠰᠠᠷ᠎ᠠ ᠳ᠋ᠤ ᠰᠢ ᠵᠢᠨ ᠫᠢᠩ ᠠᠷᠪᠠᠨ ᠨᠠᠶ᠋ᠮᠠᠲᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠬᠤᠷᠢᠨ ᠨᠢᠭᠡᠲᠦᠭᠡᠷ ᠤᠲᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠦᠶ᠎ᠠ ᠪᠡᠷ ᠴᠢᠩᠭᠠᠳᠬᠠᠬᠤ ᠳ᠋ᠠᠭᠠᠨ《ᠠᠰᠠᠭᠤᠲᠠᠯ ᠪᠤᠯ ᠠᠵᠢᠯ ᠤᠨ ᠵᠢᠯᠤᠭᠤᠲᠤᠮᠵᠢ᠂ ᠮᠦᠨ ᠴᠤ ᠦᠭᠡᠷᠡᠴᠢᠯᠡᠯᠲᠡ ᠶᠢᠨ ᠰᠢᠪᠲᠤᠯᠤᠭᠴᠢ》᠂《ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢᠨ ᠠᠵᠢᠯ ᠢ ᠰᠠᠶᠢᠲᠦᠷ ᠬᠢᠬᠦ ᠬᠡᠷᠡᠭᠲᠡᠢ》ᠭᠡᠵᠡᠢ᠃

    ᠬᠠᠦᠯᠢ ᠲᠤᠭᠲᠠᠭᠠᠮᠵᠢ ᠶᠢᠨ ᠬᠠᠷᠢᠭᠤᠴᠠᠯᠭ᠎ᠠ ᠶᠢᠨ ᠦᠭᠡᠷᠡᠴᠢᠯᠡᠯᠲᠡ ᠪᠤᠯ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢᠨ ᠵᠠᠩᠬᠢᠯᠠᠭ᠎ᠠ ᠪᠤᠯᠤᠨ᠎ᠠ᠃ 2015 ᠤᠨ ᠤ 8 ᠰᠠᠷ᠎ᠠ ᠶᠢᠨ 18 ᠤ ᠡᠲᠦᠷ᠂ ᠰᠢ ᠵᠢᠨ ᠫᠢᠩ ᠲᠦᠪ ᠤᠨ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠪᠠᠭ᠎ᠠ ᠲᠤᠭᠤᠶᠢᠯᠠᠩ ᠤᠨ ᠠᠷᠪᠠᠨ ᠲᠠᠪᠤᠲᠤᠭᠠᠷ ᠤᠲᠠᠭᠠᠨ ᠤ ᠬᠤᠷᠠᠯ ᠢ ᠬᠤᠷᠠᠯᠲᠤᠭᠤᠯᠬᠤ ᠦᠶ᠎ᠠ ᠪᠡᠷ《ᠠᠷᠠᠳ ᠤᠨ ᠰᠢᠬᠦᠬᠦ ᠬᠤᠷᠢᠶᠠᠨ ᠤ ᠬᠠᠦᠯᠢ ᠲᠤᠭᠲᠠᠭᠠᠮᠵᠢ ᠶᠢᠨ ᠬᠠᠷᠢᠭᠤᠴᠠᠯᠭ᠎ᠠ ᠶᠢ ᠲᠡᠭᠦᠯᠲᠡᠷᠵᠢᠬᠦᠯᠬᠦ ᠲᠤᠬᠠᠢ ᠰᠠᠨᠠᠯ》᠂《ᠠᠷᠠᠳ ᠤᠨ ᠪᠠᠶᠢᠴᠠᠭᠠᠬᠤ ᠬᠤᠷᠢᠶᠠᠠ ᠤ ᠬᠠᠦᠯᠢ ᠲᠤᠭᠲᠠᠭᠠᠮᠵᠢ ᠶᠢᠨ ᠬᠠᠷᠢᠭᠤᠴᠠᠯᠭ᠎ᠠ ᠶᠢ ᠲᠡᠬᠦᠯᠲᠡᠷᠵᠢᠬᠦᠯᠬᠦ ᠲᠤᠬᠠᠢ ᠰᠠᠨᠠᠯ》 ᠢ ᠪᠠᠲᠤᠯᠭᠠᠵᠢᠭᠤᠯᠵᠤ᠂ ᠰᠢᠬᠦᠭ᠍ᠴᠢ ᠪᠠ ᠪᠠᠶᠢᠴᠠᠭᠠᠭᠴᠢ ᠢᠢ ᠬᠡᠷᠡᠭ ᠤᠨ ᠪᠦᠬᠦᠶᠢᠯᠡ ᠶᠠᠪᠤᠴᠠ ᠳ᠋ᠤ ᠬᠠᠷᠢᠭᠤᠴᠠᠬᠤ ᠬᠡᠷᠡᠭᠲᠡᠢ ᠭᠡᠵᠡᠢ᠃ ᠲᠦᠪ ᠤᠨ ᠦᠭᠡᠷᠡᠴᠢᠯᠡᠯᠲᠡ ᠶᠢ ᠬᠦᠨᠵᠭᠡᠶᠢᠷᠡᠬᠦᠯᠬᠦ ᠪᠠᠭ᠎ᠠ ᠲᠤᠭᠤᠶᠢᠯᠠᠩ ᠤᠨ ᠭᠤᠷᠪᠠᠲᠤᠭᠠᠷ ᠤᠲᠠᠭᠠᠨ ᠤ ᠬᠤᠷᠠᠯ ᠡᠴᠡ《ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠶᠢᠨ ᠴᠢᠭ ᠤᠨ ᠠᠰᠠᠭᠤᠲᠠᠯ ᠤᠨ ᠬᠦᠲᠦᠯᠪᠦᠷᠢ ᠶᠢᠨ ᠰᠠᠨᠠᠯ》 ᠢ ᠬᠢᠨᠠᠨ ᠪᠠᠲᠤᠯᠠᠵᠤ᠂ ᠬᠠᠦᠯᠢ ᠲᠤᠭᠲᠠᠭᠠᠮᠵᠢ ᠶᠢᠨ ᠠᠵᠢᠯᠲᠠᠳ ᠢ ᠲᠦᠷᠦᠯᠵᠢᠬᠦᠯᠦᠨ ᠬᠠᠮᠢᠶᠠᠷᠬᠤ ᠵᠡᠷᠭᠡ ᠤᠯᠠᠨ ᠲᠦᠷᠦᠯ ᠤᠨ ᠦᠭᠡᠷᠡᠴᠢᠯᠡᠯᠲᠡ ᠶᠢᠨ ᠠᠷᠭ᠎ᠠ ᠵᠠᠮ ᠢ ᠲᠤᠲᠤᠷᠬᠠᠢ ᠲᠤᠷᠠᠳᠪᠠ᠃

    2017 ᠤᠨ ᠤ 7 ᠰᠠᠷ᠎ᠠ ᠳ᠋ᠤ ᠠᠷᠠᠳ ᠤᠨ ᠲᠡᠭᠡᠳᠦ ᠰᠢᠬᠦᠬᠦ ᠬᠤᠷᠢᠶᠠᠨ ᠤ 367 ᠰᠢᠬᠦᠭ᠍ᠴᠢ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ 228 ᠪᠠᠶᠢᠴᠠᠭᠠᠭᠴᠢ ᠦᠨᠳᠦᠰᠦᠨ ᠬᠠᠦᠯᠢ ᠳ᠋ᠤ ᠲᠠᠩᠭᠠᠷᠢᠭ ᠡᠷᠬᠦᠬᠦ ᠶᠤᠰᠤᠯᠠᠯ ᠶᠠᠪᠤᠭᠤᠯᠵᠤ᠂ ᠤᠷᠤᠨ ᠲᠤᠭᠠᠨ ᠤ ᠦᠭᠡᠷᠡᠴᠢᠯᠡᠯᠲᠡ ᠤᠯᠤᠰ ᠲᠠᠶᠠᠭᠠᠷ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠳ᠋ᠤ ᠪᠦᠬᠦ ᠲᠠᠯ᠎ᠠ ᠪᠡᠷ ᠨᠠᠶᠢᠲᠠᠪᠤᠷᠢᠵᠢᠭᠤᠯᠤᠭᠲᠠᠪᠠ᠃ ᠰᠢ ᠵᠢᠨ ᠫᠢᠩ ᠰᠢᠬᠦᠨ ᠲᠠᠰᠤᠯᠤᠯᠲᠠ ᠪᠡᠷ ᠭᠤᠤᠯ ᠪᠤᠯᠭᠠᠭᠰᠠᠨ ᠵᠠᠷᠭᠤᠯᠲᠤᠭᠠᠨ ᠤ ᠲᠤᠭᠲᠠᠯᠴᠠᠭᠠᠨ ᠤ ᠦᠭᠡᠷᠡᠴᠢᠯᠡᠯᠲᠡ ᠶᠢ ᠲᠦᠢᠯ ᠢᠶᠡᠷ ᠴᠢᠬᠤᠯᠠᠴᠢᠯᠠᠵᠤ᠂ 《100-1=0》ᠶᠤᠰᠤ ᠪᠡᠷ ᠡᠨᠳᠡᠬᠦᠦ ᠪᠤᠷᠤᠭᠤ ᠬᠡᠷᠡᠭ ᠵᠠᠷᠭᠤ ᠨᠢ ᠲᠦᠪ ᠴᠢᠭᠡᠴᠢ ᠰᠢᠬᠦᠨ ᠲᠠᠰᠤᠯᠤᠯᠲᠠ ᠶᠢ ᠨᠦᠯᠦᠭᠡᠯᠡᠲᠡᠭ᠃ ᠡᠭᠦᠨ ᠳ᠋ᠤ ᠴᠢᠭᠯᠡᠬᠦᠯᠦᠨ ᠲᠦᠪ ᠤᠨ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠪᠠᠭ᠎ᠠ ᠲᠤᠭᠤᠶᠢᠯᠠᠩ ᠤᠨ ᠬᠤᠷᠢᠨ ᠲᠠᠪᠤᠲᠤᠭᠠᠷ ᠤᠲᠠᠭᠠᠨ ᠤ ᠬᠤᠷᠠᠯ《ᠰᠢᠬᠦᠨ ᠲᠠᠰᠤᠯᠤᠯᠲᠠ ᠪᠡᠷ ᠭᠤᠤᠯ ᠪᠤᠯᠭᠠᠭᠰᠠᠨ ᠡᠷᠡᠬᠦᠦ ᠶᠢᠨ ᠬᠡᠷᠡᠭ ᠤᠨ ᠵᠠᠷᠭᠤ ᠶᠢᠨ ᠲᠤᠭᠲᠠᠯᠴᠠᠭᠠᠨ ᠤ ᠦᠭᠡᠷᠡᠴᠢᠯᠡᠯᠲᠡ ᠶᠢᠨ ᠰᠠᠨᠠᠯ》 ᠢ ᠬᠢᠨᠠᠨ ᠪᠠᠲᠤᠯᠠᠪᠠ᠃

    2017 ᠤᠨ ᠤ 4 ᠰᠠᠷ᠎ᠠ ᠶᠢᠨ 18 ᠤ ᠡᠲᠦᠷ ᠲᠦᠪ ᠤᠨ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠪᠠᠭ᠎ᠠ ᠲᠤᠭᠤᠶᠢᠯᠠᠩ ᠤᠨ ᠭᠤᠴᠢᠨ ᠲᠦᠷᠪᠡᠲᠦᠭᠡᠷ ᠬᠤᠷᠠᠯ ᠡᠴᠡ《ᠡᠷᠡᠬᠦᠦ ᠶᠢᠨ ᠬᠡᠷᠡᠭ ᠢ ᠰᠢᠳᠭᠡᠬᠦ ᠳ᠋ᠤ ᠬᠠᠦᠯᠢ ᠪᠤᠰᠤ ᠭᠡᠷᠡᠴᠢ ᠪᠠᠷᠢᠮᠲᠠ ᠶᠢ ᠦᠭᠡᠶᠢᠰᠬᠡᠬᠦ ᠠᠰᠠᠭᠤᠲᠠᠯ ᠤᠨ ᠲᠤᠬᠠᠢ ᠲᠤᠭᠲᠠᠭᠠᠯ》 ᠢ ᠪᠠᠲᠤᠯᠠᠵᠤ᠂ ᠬᠠᠦᠯᠢ ᠪᠤᠰᠤ ᠭᠡᠷᠡᠴᠢ ᠪᠠᠷᠢᠮᠲᠠ ᠶᠢ ᠴᠢᠩᠭ᠎ᠠ ᠦᠭᠡᠶᠢᠰᠭᠡᠵᠦ᠂ ᠬᠠᠦᠯᠢ ᠳ᠋ᠤ ᠬᠤᠯᠪᠤᠭᠲᠠᠭᠰᠠᠨ ᠶᠠᠯᠠᠲᠤ ᠠᠵᠢᠯᠯᠠᠭ᠎᠎ᠠ ᠶᠢ ᠴᠢᠩᠭ᠎ᠠ ᠰᠢᠳᠭᠡᠵᠦ ᠬᠦᠮᠦᠨ ᠤ ᠡᠷᠬᠡ ᠶᠢ ᠪᠠᠲᠤᠯᠠᠨ᠎ᠠ ᠭᠡᠵᠡᠢ᠃

    ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠭᠰᠠᠨ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠲᠤᠰᠠᠯᠠᠨ ᠰᠢᠬᠦᠭ᠍ᠴᠢᠳ᠂ ᠬᠡᠷᠡᠭ ᠵᠠᠷᠭᠤ ᠶᠢ ᠲᠠᠩᠰᠠᠨ ᠳ᠋ᠤ ᠪᠦᠷᠢᠳᠭᠡᠬᠦᠯᠬᠦ ᠦᠭᠡᠷᠡᠴᠢᠯᠡᠯᠲᠡ᠂ ᠪᠠᠶᠢᠴᠠᠭᠠᠬᠤ ᠪᠠᠶᠢᠭᠤᠯᠤᠯᠭ᠎ᠠ ᠶᠢᠨ ᠨᠠᠶᠢᠲᠠ ᠶᠢᠨ ᠠᠰᠠᠷᠠᠮᠵᠢ ᠶᠢᠨ ᠴᠢᠨᠠᠷᠲᠠᠢ ᠵᠠᠷᠭᠤ ᠶᠢᠨ ᠦᠭᠡᠷᠡᠴᠢᠯᠡᠯᠲᠡ ᠶᠢᠨ ᠴᠢᠭ ᠁ ᠡᠲᠡᠭᠡᠷ ᠪᠤᠲᠠᠲᠤ ᠠᠷᠭ᠎ᠠ ᠪᠠᠷᠢᠯ ᠨᠢ ᠬᠠᠦᠯᠢ ᠲᠤᠭᠲᠠᠭᠠᠮᠵᠢ ᠶᠢᠨ ᠦᠭᠡᠷᠡᠴᠢᠯᠡᠯᠲᠡ ᠳ᠋ᠤ ᠨᠢᠷᠤᠭᠤᠪᠴᠢ ᠬᠦᠲᠦᠯᠪᠦᠷᠢ ᠪᠤᠯᠵᠤ᠂ ᠪᠦᠬᠦ ᠲᠠᠯ᠎᠎ᠠ ᠪᠡᠷ ᠬᠠᠦᠯᠢ ᠪᠡᠷ ᠤᠯᠤᠰ ᠢᠶᠡᠨ ᠵᠠᠰᠠᠬᠤ ᠠᠬᠢᠴᠠ ᠨᠡᠮᠡᠭᠲᠡᠪᠡ᠃

    ᠵᠧᠵᠢᠶᠠᠩ ᠤᠨ ᠴᠧᠨ ᠮᠠᠨ ᠤ ᠬᠡᠷᠡᠭ ᠢ ᠬᠠᠦᠯᠢ ᠶᠤᠰᠤᠭᠠᠷ ᠤᠭ ᠰᠢᠳᠬᠡᠯ ᠢ ᠬᠦᠴᠦᠨ ᠦᠬᠡᠢ ᠪᠤᠯᠭᠠᠭᠰᠠᠨ᠂ ᠦᠪᠦᠷ ᠮᠤᠩᠭᠤᠯ ᠤᠨ ᠬᠦᠭ᠍ᠵᠢᠯᠲᠦ ᠶᠢᠨ ᠬᠡᠷᠡᠭ ᠁ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ ᠤᠯᠤᠰ ᠲᠠᠶᠠᠭᠠᠷ ᠤᠨ ᠬᠠᠦᠯᠢ ᠴᠠᠭᠠᠵᠠ ᠶᠢᠨ ᠰᠢᠰᠲ᠋ᠧᠮ ᠬᠦᠨᠳᠦ ᠴᠢᠬᠤᠯᠠ 34 ᠡᠨᠳᠡᠬᠦᠦ ᠪᠤᠷᠤᠭᠤ ᠬᠡᠷᠡᠭ ᠢ ᠬᠠᠦᠯᠢ ᠶᠤᠰᠤᠭᠠᠷ ᠲᠠᠬᠢᠨ ᠰᠢᠳᠭᠡᠵᠦ᠂ ᠬᠡᠷᠡᠭ ᠲᠤ ᠬᠤᠯᠪᠤᠭᠳᠠᠭᠰᠠᠨ ᠬᠦᠮᠦᠨ 54 ᠪᠤᠯᠪᠠ᠃

    ᠬᠠᠦᠯᠢ ᠪᠠ ᠵᠠᠰᠠᠯᠲᠠ ᠶᠢ ᠤᠶᠠᠯᠲᠤᠭᠤᠯᠪᠠ

    《ᠦᠷ᠎ᠡ ᠬᠤᠶᠢᠴᠢᠰ ᠤᠨ ᠢᠶᠡᠨ ᠲᠦᠯᠦᠬᠡ ᠠᠷᠭ᠎ᠠ ᠤᠬᠠᠭᠠᠨ ᠰᠦᠪᠡᠭ᠍ᠴᠢᠯᠡᠵᠤ ᠠᠯᠤᠰ ᠬᠤᠯᠠ ᠶᠢᠨ ᠬᠦᠭ᠍ᠵᠢᠯᠲᠠ ᠶᠢᠨ ᠲᠦᠯᠦᠬᠡ ᠰᠠᠨᠠᠭᠠᠰᠢᠷᠠᠨ᠎ᠠ》

    《ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠲᠤ ᠨᠡᠶᠢᠬᠡᠮ ᠤᠨ ᠬᠠᠤᠯᠢᠵᠢᠯ ᠤᠨ ᠲᠤᠭᠲᠠᠯᠴᠠᠭ᠎ᠠ ᠶᠢ ᠪᠠᠶᠢᠭᠤᠯᠵᠤ᠂ ᠨᠡᠶᠢᠬᠡᠮ ᠵᠢᠷᠤᠮᠲᠤ ᠨᠡᠶᠢᠬᠡᠮ ᠤᠨ ᠬᠠᠤᠯᠢᠵᠢᠯ ᠤᠨ ᠤᠯᠤᠰ ᠢ ᠪᠠᠶᠢᠭᠤᠯᠬᠤ 》ᠪᠤᠯ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠳᠦᠷᠪᠡᠳᠤᠭᠡᠷ ᠪᠦᠬᠦᠳᠡ ᠬᠤᠷᠠᠯ ᠳᠤ ᠲᠤᠭᠲᠠᠭᠠᠭᠰᠠᠨ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠲᠠᠯ᠎ᠠ ᠪᠡᠷ ᠠᠬᠢᠭᠤᠯᠬᠤ ᠶᠡᠷᠦᠩᠬᠡᠢ ᠬᠠᠷᠠᠯᠲᠠ ᠪᠤᠯᠤᠨ᠎ᠠ᠃

    ᠰᠢ ᠵᠢᠨ ᠫᠢᠩ᠂ ᠬᠠᠤᠯᠢ ᠪᠡᠷ ᠤᠯᠤᠰ ᠢᠶᠡᠨ ᠵᠠᠰᠠᠬᠤ ᠦᠨᠳᠦᠰᠦᠨ ᠶᠡᠷᠦᠩᠬᠡᠢ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠨᠡᠶᠢᠬᠡᠮ ᠵᠢᠷᠤᠮᠲᠤ ᠨᠡᠶᠢᠬᠡᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠳᠠ ᠶᠢ ᠲᠦᠷᠭᠡᠳᠭᠡᠨ ᠰᠢᠨᠵᠢᠯᠡᠬᠦ ᠤᠬᠠᠭᠠᠨᠴᠢ ᠪᠡᠷ ᠬᠠᠤᠯᠢ ᠲᠤᠭᠳᠠᠭᠠᠬᠤ᠂ ᠬᠠᠤᠯᠢ ᠶᠢ ᠴᠢᠩᠭ᠎ᠠ ᠬᠡᠷᠡᠭᠵᠢᠬᠦᠯᠬᠦ᠂ ᠳᠦᠪ ᠭᠤᠤᠯᠴᠢ ᠪᠡᠷ ᠬᠠᠤᠯᠢ ᠬᠡᠷᠡᠭᠵᠢᠬᠦᠯᠬᠦ᠂ ᠪᠦᠬᠦ ᠢᠷᠭᠡᠳ ᠢᠶᠡᠷ ᠢᠶᠡᠨ ᠬᠠᠤᠯᠢ ᠵᠢᠷᠦᠮᠯᠡᠬᠤ ᠠᠬᠢᠴᠠ ᠶᠢ ᠪᠦᠬᠦ ᠲᠠᠯ᠎ᠠ ᠪᠡᠷ ᠠᠬᠢᠭᠤᠯᠬᠤ ᠬᠡᠷᠡᠭᠲᠠᠢ ᠬᠡᠵᠤ ᠵᠢᠭᠠᠵᠤ ᠭᠠᠷᠭᠠᠵᠠᠢ᠃

    ᠰᠢᠨᠵᠢᠯᠡᠬᠦ ᠤᠬᠠᠭᠠᠨᠴᠢ ᠪᠡᠷ ᠬᠠᠤᠯᠢ ᠲᠤᠭᠳᠠᠭᠠᠬᠤ᠂ ᠠᠷᠠᠳᠴᠢᠯᠠᠯ ᠢᠶᠡᠷ ᠬᠠᠤᠯᠢ ᠲᠤᠭᠳᠠᠭᠠᠬᠤ ᠶᠢ ᠠᠬᠢᠭᠤᠯᠬᠤ ᠪᠤᠯ ᠬᠠᠤᠯᠢ ᠲᠤᠭᠳᠠᠭᠠᠬᠤ ᠴᠢᠨᠠᠷ ᠴᠢᠨᠰᠠᠭ᠎ᠠ ᠶᠢ ᠳᠡᠭᠡᠭ᠍ᠰᠢᠯᠡᠬᠦᠯᠬᠦ ᠦᠨᠳᠦᠰᠦᠨ ᠠᠷᠭ᠎ᠠ ᠵᠠᠮ ᠮᠦᠨ᠃ ᠰᠢ ᠵᠢᠨ ᠫᠢᠩ᠂ ᠰᠢᠨᠵᠢᠯᠡᠬᠦ ᠤᠬᠠᠭᠠᠨᠴᠢ ᠪᠡᠷ ᠬᠠᠤᠯᠢ ᠲᠤᠭᠳᠠᠭᠠᠬᠤ ᠶᠢᠨ ᠭᠤᠤᠯᠳᠠᠯᠭ᠎ᠠ ᠨᠢ ᠪᠤᠰᠤᠳᠴᠢ ᠵᠢᠮ᠎ᠠ ᠬᠠᠤᠯᠢ ᠶᠢ ᠬᠦᠨᠳᠦᠳᠬᠡᠬᠦ ᠪᠠ ᠲᠤᠰᠬᠠᠬᠤ ᠳᠤ ᠪᠤᠢ᠂ ᠠᠷᠠᠳᠴᠢᠯᠠᠯ ᠢᠶᠡᠷ ᠬᠠᠤᠯᠢ ᠲᠤᠭᠳᠠᠭᠠᠬᠤ  ᠶᠢᠨ ᠭᠤᠤᠯᠳᠠᠯᠭ᠎ᠠ ᠨᠢ ᠢᠷᠬᠡᠳ ᠤᠨ ᠲᠦᠯᠦᠬᠡ᠂ ᠢᠷᠬᠡᠳ ᠢ ᠲᠦᠰᠢᠭᠯᠡᠬᠦ ᠳᠤ ᠪᠤᠢ᠃ ᠰᠢᠨᠵᠢᠯᠡᠬᠦ ᠤᠬᠠᠭᠠᠨᠴᠢ ᠪᠡᠷ ᠬᠠᠤᠯᠢ ᠲᠤᠭᠳᠠᠭᠠᠬᠤ ᠪᠠ ᠠᠷᠠᠳᠴᠢᠯᠠᠯ ᠢᠶᠡᠷ ᠬᠠᠤᠯᠢ ᠲᠤᠭᠳᠠᠭᠠᠬᠤ ᠲᠤᠭᠳᠠᠯᠴᠠᠭ᠎ᠠ ᠶᠢ ᠳᠡᠭᠦᠯᠳᠡᠷᠵᠢᠬᠦᠯᠵᠦ᠂ ᠤᠯᠠᠨ ᠨᠡᠶᠢᠲᠠ ᠶᠢᠨ ᠬᠠᠤᠯᠢ ᠲᠤᠭᠳᠠᠭᠠᠬᠤ ᠳᠤ ᠤᠷᠤᠯᠴᠠᠬᠤ ᠵᠠᠭᠪᠤᠷ ᠤᠨ ᠰᠢᠨ᠎ᠠ ᠶᠢ ᠡᠬᠦᠳᠦᠨ᠂ ᠡᠯ᠎ᠠ ᠲᠠᠯ᠎ᠠ ᠶᠢᠨ ᠰᠠᠨᠠᠭᠤᠯᠭ᠎ᠠ ᠪᠠ ᠰᠠᠨᠠᠯ ᠢ ᠳᠠᠯᠠᠶᠢᠴᠠ ᠰᠤᠨᠤᠰᠬᠤ ᠬᠡᠷᠡᠭᠲᠠᠢ ᠬᠡᠵᠤ ᠴᠢᠬᠤᠯᠠᠴᠢᠯᠠᠬᠰᠠᠨ ᠪᠠᠶᠢᠨ᠎ᠠ᠃

    ᠠᠯᠢᠪᠠ ᠤᠴᠢᠷ᠂ ᠬᠠᠤᠯᠢ ᠲᠤᠭᠳᠠᠭᠠᠬᠤ ᠳᠤ ᠬᠦᠴᠢᠷ ᠪᠠᠶᠢᠬᠤ ᠪᠢᠰᠢ᠂ ᠬᠠᠷᠢᠨ ᠬᠠᠤᠯᠢ ᠶᠢ ᠬᠡᠷᠡᠭᠵᠢᠬᠦᠯᠬᠦ ᠳᠤ ᠬᠦᠴᠢᠷ ᠪᠠᠶᠢᠳᠠᠭ᠃ ᠰᠢ ᠵᠢᠨ ᠫᠢᠩ᠂ ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠲᠠᠯ᠎ᠠ ᠪᠡᠷ ᠠᠬᠢᠭᠤᠯᠵᠤ᠂ ᠬᠠᠤᠯᠢ ᠶᠢ ᠴᠢᠩᠭ᠎ᠠ ᠬᠡᠷᠡᠭᠵᠢᠬᠦᠯᠬᠦ ᠶᠢ ᠡᠷᠬᠡᠪᠰᠢ ᠪᠠᠷᠢᠮᠳᠠᠯᠠᠬᠤ ᠬᠡᠷᠡᠭᠲᠠᠢ ᠬᠡᠵᠤ ᠵᠢᠭᠠᠵᠤ ᠭᠠᠷᠭᠠᠬᠰᠠᠨ ᠪᠦᠬᠡᠳ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠬᠠᠤᠯᠢᠵᠢᠯ ᠢ ᠰᠢᠳᠦᠵᠤ᠂ ᠬᠠᠤᠯᠢᠵᠢᠯ ᠢ ᠪᠠᠷᠢᠮᠳᠠᠯᠠᠬᠤ ᠶᠢᠨ ᠵᠡᠷᠭᠡᠴᠡᠭᠡ ᠬᠠᠤᠯᠢ ᠶᠢ ᠮᠡᠳᠡᠬᠦ᠂ ᠬᠠᠤᠯᠢ ᠶᠢ ᠲᠠᠨᠢᠬᠤ᠂ ᠬᠠᠤᠯᠢ ᠶᠢ ᠰᠠᠬᠢᠬᠤ᠂ ᠬᠠᠤᠯᠢ ᠶᠢ ᠬᠠᠮᠠᠭᠠᠯᠠᠬᠤ ᠬᠠᠤᠯᠢ ᠬᠡᠷᠡᠭᠵᠢᠭᠦᠯᠦᠭᠴᠢ ᠪᠤᠯᠵᠤ᠂ ᠦᠨᠠᠨ ᠪᠤᠳᠠᠳᠠᠢ ᠶᠢ ᠯᠡ ᠡᠷᠬᠢᠮᠯᠡᠨ᠂ ᠬᠠᠤᠯᠢ ᠴᠠᠭᠠᠵᠠ ᠶᠢ ᠯᠡ ᠵᠢᠷᠤᠮᠯᠠᠨ᠂ ᠬᠤᠪᠢᠨᠴᠢᠷ ᠬᠤᠪᠳᠤᠭ ᠪᠢᠰᠢ᠂ ᠭᠤᠤᠯᠴᠢ ᠰᠢᠳᠤᠷᠭᠤ ᠪᠡᠷ ᠬᠠᠤᠯᠢ ᠶᠢ ᠬᠡᠷᠡᠭᠵᠢᠬᠦᠯᠬᠦ ᠬᠡᠷᠡᠭᠲᠠᠢ ᠬᠡᠵᠤ ᠴᠢᠬᠤᠯᠠᠴᠢᠯᠠᠪᠠ᠃

    ᠲᠦᠪ ᠭᠤᠤᠯᠴᠢ ᠪᠤᠯ ᠬᠠᠤᠯᠢ ᠵᠦᠢ ᠶᠢᠨ ᠠᠮᠢ ᠨᠠᠰᠤ ᠪᠠ ᠰᠦᠭ ᠰᠦᠯᠳᠡ ᠮᠦᠨ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠳᠦᠷᠪᠡᠳᠤᠭᠡᠷ ᠤᠳᠠᠭᠠᠨ ᠤ ᠬᠠᠮᠲᠤ ᠶᠢᠨ ᠰᠤᠷᠤᠯᠴᠠᠭ᠎ᠠ ᠳᠤ ᠰᠢ ᠵᠢᠨ ᠫᠢᠩ᠂ ᠠᠯᠢᠪᠠ ᠬᠠᠤᠯᠢ ᠴᠠᠭᠠᠵᠠ ᠶᠢᠨ ᠪᠠᠶᠢᠭᠤᠯᠤᠯᠭ᠎ᠠ ᠴᠦᠮ 《ᠲᠦᠪ ᠭᠤᠤᠯᠴᠢ ᠰᠢᠳᠤᠷᠭᠤ ᠶᠤᠰᠤ》ᠬᠡᠬᠦ ᠬᠠᠷᠠᠯᠲᠠ ᠶᠢᠨ ᠲᠤᠭᠤᠷᠢᠨ ᠳᠤ ᠠᠵᠢᠯ ᠢᠶᠡᠨ ᠥᠬᠡᠷᠡᠴᠢᠯᠡᠨ ᠰᠠᠶᠢᠵᠢᠷᠠᠭᠤᠯᠵᠤ᠂ ᠬᠠᠤᠯᠢ ᠴᠠᠭᠠᠵᠠ ᠶᠢᠨ ᠲᠦᠪ ᠭᠤᠤᠯᠴᠢ ᠪᠠ ᠬᠠᠤᠯᠢ ᠴᠠᠭᠠᠵᠠ ᠶᠢᠨ ᠴᠢᠳᠠᠪᠤᠷᠢ ᠶᠢ ᠬᠢᠵᠠᠭᠠᠷᠯᠠᠬᠤ ᠬᠦᠨ ᠳᠠᠪᠬᠤᠷᠭᠠᠨ ᠤ ᠠᠰᠠᠭᠤᠳᠠᠯ ᠢ ᠴᠢᠬᠤᠯᠠᠴᠢᠯᠠᠨ ᠰᠢᠢᠳᠪᠤᠷᠢᠯᠠᠭᠡᠳ ᠬᠠᠤᠯᠢ ᠴᠠᠭᠠᠵᠠ ᠶᠢᠨ ᠠᠵᠢᠯ ᠤᠨ ᠰᠤᠷᠳᠠᠯ ᠢ ᠥᠬᠡᠷᠡᠴᠢᠯᠡᠨ ᠰᠠᠶᠢᠵᠢᠷᠠᠭᠤᠯᠵᠤ᠂ ᠬᠠᠤᠯᠢ ᠴᠠᠭᠠᠵᠠ ᠶᠢᠨ ᠠᠵᠢᠯᠯᠠᠭ᠎ᠠ ᠶᠢ ᠳᠦᠷᠢᠮᠵᠢᠭᠦᠯᠵᠤ᠂ ᠬᠠᠤᠯᠢ ᠴᠠᠭᠠᠵᠠ ᠶᠢᠨ ᠢᠯᠡ ᠳᠤᠳᠤ ᠶᠢ ᠡᠷᠴᠢᠮᠵᠢᠭᠦᠯᠦᠨ᠂ ᠢᠷᠭᠡᠳ ᠤᠨ ᠬᠠᠤᠯᠢ ᠴᠠᠭᠠᠵᠠ ᠶᠢᠨ ᠲᠦᠪ ᠭᠤᠤᠯᠴᠢ ᠢᠯᠡ ᠲᠤᠳᠤ ᠶᠢᠨ ᠲᠤᠬᠠᠢ ᠬᠦᠰᠡᠯ ᠪᠠ ᠠᠩᠬᠠᠷᠤᠯ ᠳᠤ ᠬᠠᠷᠢᠭᠤ ᠦᠭ᠍ᠬᠦ ᠬᠡᠷᠡᠭᠲᠠᠢ ᠬᠡᠵᠤ ᠴᠢᠬᠤᠯᠠᠴᠢᠯᠠᠬᠰᠠᠨ ᠪᠠᠶᠢᠨ᠎ᠠ᠃

    ᠬᠠᠤᠯᠢ ᠴᠠᠭᠠᠵᠠ ᠥᠢᠯᠡᠳᠤᠯ ᠢᠶᠡᠨ ᠪᠠᠳᠠᠷᠠᠭᠤᠯᠤᠶ᠎ᠠ ᠬᠡᠪᠡᠯ ᠨᠡᠶᠢᠬᠡᠮ ᠲᠠᠶᠠᠭᠠᠷ ᠢᠶᠡᠷ ᠢᠶᠡᠨ ᠬᠠᠤᠯᠢ ᠶᠢ ᠰᠢᠳᠦᠬᠦ ᠴᠢᠬᠤᠯᠠᠲᠠᠢ᠃ ᠰᠢ ᠵᠢᠨ ᠫᠢᠩ᠂ 《ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠦ᠂ ᠨᠡᠶᠢᠬᠡᠮ ᠵᠢᠷᠤᠮᠲᠦ ᠬᠠᠤᠯᠢᠵᠢᠯ ᠤᠨ ᠵᠤᠷᠢᠭ ᠰᠠᠨᠠᠭ᠎ᠠ ᠶᠢ ᠮᠠᠨᠳᠤᠭᠤᠯᠵᠤ᠂ ᠢᠷᠬᠡᠳ ᠢ ᠤᠳᠤᠷᠢᠳᠤᠨ ᠬᠡᠷᠡᠭ ᠤᠴᠢᠷ ᠲᠤ ᠬᠤᠯᠪᠤᠭᠳᠠᠪᠠᠯ ᠬᠠᠤᠯᠢ ᠪᠡᠷ ᠰᠢᠶ᠋ᠳᠪᠦᠷᠢᠯᠡᠬᠦ᠂ ᠠᠰᠠᠭᠤᠳᠠᠯ ᠢ ᠰᠢᠢᠳᠪᠤᠷᠢᠯᠡᠬᠦ ᠳᠤ ᠬᠠᠤᠯᠢ ᠶᠢ ᠲᠦᠰᠢᠭᠯᠡᠬᠦ ᠤᠬᠠᠮᠰᠠᠷ ᠲᠠᠢ ᠪᠤᠯᠭᠠᠬᠤ ᠬᠡᠷᠡᠭᠲᠠᠢ》ᠬᠡᠵᠡᠢ᠃ ᠬᠠᠤᠯᠢ ᠨᠡᠶᠢᠷ ᠲᠠᠯᠪᠢᠳᠠᠭ ᠦᠬᠡᠢ᠂ ᠬᠠᠤᠯᠢ ᠪᠠᠶᠠᠳ ᠨᠤᠶᠠᠳ ᠢ ᠳᠤᠯᠳᠤᠶᠢᠳᠠᠬᠤ ᠦᠬᠡᠢ ᠬᠡᠰᠡᠨ ᠢ ᠪᠤᠳᠠᠲᠠᠢ ᠠᠵᠢᠯᠯᠠᠭ᠎ᠠ ᠪᠡᠷ ᠢᠶᠡᠨ ᠢᠷᠭᠡᠳ ᠲᠤ ᠦᠨᠡᠮᠰᠢᠬᠦᠯᠬᠦ ᠬᠡᠷᠡᠭᠲᠠᠢ ᠬᠡᠵᠤ ᠵᠢᠭᠠᠵᠤ ᠭᠠᠷᠭᠠᠪᠠ᠃

    《ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠲᠠᠯ᠎ᠠ ᠪᠡᠷ ᠠᠬᠢᠭᠤᠯᠬᠤ ᠨᠢ ᠥᠭᠡᠷᠡᠴᠢᠯᠡᠯᠲᠠ ᠬᠦᠭ᠍ᠵᠢᠯᠲᠠ ᠲᠤᠭᠲᠠᠪᠤᠷᠢᠲᠠᠢ ᠪᠠᠶᠢᠬᠤ᠂ ᠨᠠᠮ ᠢᠶᠡᠨ ᠵᠠᠰᠠᠬᠤ ᠤᠯᠤᠰ ᠢᠶᠡᠨ ᠵᠠᠰᠠᠬᠤ ᠴᠡᠷᠢᠭ ᠢᠶᠡᠨ ᠵᠠᠰᠠᠬᠤ᠂ ᠳᠤᠳᠤᠭᠠᠲᠤ ᠬᠡᠷᠡᠭ ᠭᠠᠳᠠᠭᠠᠲᠤ ᠬᠠᠷᠢᠯᠴᠠᠭ᠎ᠠ ᠪᠠᠲᠤᠯᠠᠨ ᠬᠠᠮᠠᠭᠠᠯᠠᠯᠲᠠ ᠵᠡᠷᠭᠡ ᠡᠯ᠎ᠠ ᠬᠦᠷᠢᠶ᠎ᠠ ᠴᠠᠷᠠᠭ᠎ᠠ ᠳᠤ ᠬᠤᠯᠪᠤᠭᠳᠠᠬᠤ ᠪᠤᠯᠬᠤᠷ ᠡᠷᠭᠡᠪᠰᠢ ᠶᠡᠷᠦᠩᠬᠡᠢ ᠪᠠᠶᠢᠳᠠᠯ ᠬᠢᠬᠡᠳ ᠠᠯᠤᠰ ᠬᠤᠯᠠ ᠶᠢᠨ ᠨᠢᠬᠡᠳᠦᠯᠳᠡᠢ ᠲᠦᠯᠦᠪᠵᠢᠬᠦᠯᠬᠡ ᠪᠠᠶᠢᠬᠤ ᠬᠡᠷᠡᠭᠲᠠᠢ》ᠬᠡᠵᠤ ᠰᠢ ᠵᠢᠨ ᠫᠢᠩ ᠢᠯᠡᠷᠭᠡᠢ ᠵᠢᠭᠠᠵᠤ ᠭᠠᠷᠭᠠᠬᠤ ᠶᠢᠨ ᠬᠠᠮᠳᠤ《ᠪᠢᠳᠡ ᠬᠠᠤᠯᠢ ᠪᠡᠷ ᠤᠯᠤᠰ ᠢᠶᠡᠨ ᠵᠠᠰᠬᠠᠤ ᠶᠢ ᠪᠦᠬᠦ ᠲᠠᠯ᠎ᠠ ᠪᠡᠷ ᠠᠬᠢᠭᠤᠯᠬᠤ ᠳᠤᠬᠠᠢ ᠳᠤᠷᠠᠳᠴᠤ᠂ ᠬᠠᠤᠯᠢᠵᠢᠯ ᠢ ᠭᠤᠶᠢᠪᠢᠰᠢ ᠦᠬᠡᠢ ᠰᠢᠢᠳᠮᠡᠬᠡᠢ ᠬᠡᠷᠡᠭᠵᠢᠬᠦᠯᠬᠦ ᠶᠢᠨ ᠴᠢᠬᠤᠯᠠ ᠰᠠᠨᠠᠭ᠎ᠠ ᠪᠤᠯ 〈ᠦᠷ᠎ᠡ ᠬᠤᠶᠢᠴᠢᠰ ᠤᠨ  ᠢᠶᠡᠨ ᠲᠦᠯᠦᠬᠡ ᠠᠷᠭ᠎ᠠ ᠤᠬᠠᠭᠠᠨ ᠰᠦᠪᠡᠭ᠍ᠴᠢᠯᠡᠵᠤ ᠠᠯᠤᠰ ᠬᠤᠯᠠ ᠶᠢᠨ ᠬᠦᠭ᠍ᠵᠢᠯᠲᠠ ᠶᠢᠨ ᠲᠦᠯᠦᠬᠡ ᠰᠠᠨᠠᠭᠠᠰᠢᠷᠠᠭᠰᠠᠨ 〉ᠤᠴᠢᠷ ᠪᠤᠯᠬᠤ ᠶᠤᠮ》ᠬᠡᠵᠡᠢ᠃

    《ᠦᠷ᠎ᠡ ᠬᠤᠶᠢᠴᠢᠰ ᠤᠨ ᠢᠶᠡᠨ ᠲᠦᠯᠦᠬᠡ ᠠᠷᠭ᠎ᠠ ᠤᠬᠠᠭᠠᠨ ᠰᠦᠪᠡᠭ᠍ᠴᠢᠯᠡᠨ᠎ᠠ 》᠂ ᠡᠬᠦᠨ ᠳᠤ ᠢᠷᠬᠡᠳ ᠶᠠᠷᠢᠶᠠᠨ ᠦᠬᠡᠢ ᠭᠤᠤᠯ ᠪᠤᠯᠬᠤ ᠤᠴᠢᠷ ᠲᠠᠢ᠃

    2014 ᠤᠨ ᠳᠤ᠂ ᠰᠢ ᠵᠢᠨ ᠫᠢᠩ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠳᠡᠭᠡᠷ᠎ᠠ ᠲᠦᠷᠪᠡᠨ《ᠤᠭᠲᠤ ᠵᠦᠪᠰᠢᠶᠡᠷᠡᠬᠦ ᠦᠭᠡᠢ》 ᠶᠢ ᠲᠤᠷᠠᠳᠴᠤ᠂ ᠤᠯᠠᠨ ᠳᠦᠮᠡᠨ ᠬᠡᠷᠡᠭ ᠮᠡᠳᠡᠭᠦᠯᠵᠤ ᠠᠪᠤᠷᠠᠯᠳᠠ ᠬᠦᠰᠡᠭᠰᠡᠨ ᠢ ᠴᠠᠭᠳᠠᠭ᠎ᠠ ᠨᠠᠷ ᠤᠶᠢᠰᠢᠶᠠᠬᠤ ᠦᠭᠡᠢ ᠠᠵᠢᠯᠯᠠᠭ᠎ᠠ ᠶᠢ ᠤᠭᠳᠤ ᠵᠦᠪᠰᠢᠶᠡᠷᠡᠬᠦ ᠦᠭᠡᠢ᠂ ᠡᠬᠡᠯ ᠢᠷᠭᠡᠳ ᠤᠨ ᠵᠠᠷᠭᠤᠯᠳᠤᠬᠤ ᠲᠡᠩᠬᠡᠭᠡ ᠦᠭᠡᠢ ᠤᠴᠢᠷ ᠢ ᠤᠭᠳᠤ ᠵᠦᠪᠰᠢᠶᠡᠷᠡᠬᠦ ᠦᠭᠡᠢ᠂ ᠡᠷᠬᠡ ᠪᠡᠨ ᠲᠤᠷ᠎ᠠ ᠪᠡᠷ ᠠᠰᠢᠭᠯᠠᠵᠤ ᠢᠷᠭᠡᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠲᠠᠬᠤ ᠶᠢ ᠤᠭᠳᠤ ᠵᠦᠪᠰᠢᠶᠡᠷᠡᠭᠦ ᠦᠬᠡᠢ᠂ ᠬᠠᠤᠯᠢ ᠬᠡᠷᠡᠭᠵᠢᠭᠦᠯᠦᠭᠴᠢ ᠬᠠᠤᠯᠢ ᠵᠦᠷᠢᠴᠡᠵᠤ ᠬᠢᠯᠢᠰ ᠪᠤᠷᠤᠭᠤ ᠲᠠᠰᠤᠯᠬᠤ ᠶᠢ ᠤᠭᠳᠤ ᠵᠦᠪᠰᠢᠶᠡᠷᠡᠬᠦ ᠦᠭᠡᠢ ᠬᠡᠵᠡᠢ᠃ ᠳᠡᠷᠡᠪᠡᠷ ᠪᠠᠰᠠ᠂ ᠤᠯᠤᠰ ᠳᠦᠷᠦ ᠬᠠᠤᠯᠢ ᠴᠠᠭᠠᠵᠠ ᠶᠢᠨ ᠹᠷᠤᠨᠲ ᠤᠨ ᠬᠢᠨ《ᠮᠦᠷᠦᠨ ᠳ᠋ᠡᠬᠡᠨ ᠲᠦᠪ ᠭᠤᠤᠯᠴᠢ ᠶᠢᠨ ᠳᠡᠩᠨᠡᠬᠦᠷ ᠢ ᠳᠠᠯᠪᠢᠵᠤ᠂ ᠭᠠᠷ ᠲᠠᠭᠠᠨ ᠰᠢᠳᠤᠷᠭᠤ ᠶᠤᠰᠤᠨ ᠤ ᠢᠯᠳᠡ ᠶᠢ ᠠᠳᠬᠤᠵᠤ》᠂ ᠪᠤᠲᠠᠲᠠᠢ ᠠᠵᠢᠯᠯᠠᠭ᠎ᠠ ᠪᠡᠷ ᠢᠶᠡᠨ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠤ᠂ ᠲᠦᠪ ᠭᠤᠤᠯᠴᠢ ᠰᠢᠳᠤᠷᠭᠤ ᠶᠤᠰᠤ ᠲᠡᠷᠭᠡᠳᠡ ᠨᠢ ᠪᠠᠶᠢᠬᠤ ᠮᠡᠳᠡᠷᠡᠮᠵᠢ ᠶᠢ ᠢᠷᠬᠡᠳ ᠲᠤ ᠤᠯᠭᠤᠬᠤ ᠬᠡᠷᠡᠭᠳᠡᠢ ᠭᠡᠵᠤ ᠴᠢᠬᠤᠯᠠᠴᠢᠯᠠᠪᠠ᠃

    ᠲᠠᠪᠤᠨ ᠵᠢᠯ ᠤᠨ ᠲᠤᠷᠰᠢ᠂ ᠰᠢ ᠵᠢᠨ ᠫᠢᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠬᠢᠭ᠍ᠰᠡᠨ ᠴᠢᠬᠤᠯᠠ ᠵᠢᠭᠠᠪᠤᠷᠢ ᠨᠢ ᠴᠦᠮ ᠲᠦᠪ ᠭᠤᠤᠯᠴᠢ ᠰᠢᠳᠤᠷᠭᠤ ᠶᠤᠰᠤ ᠪᠠ ᠢᠷᠬᠡᠳ ᠲᠤ ᠦᠢᠯᠡᠴᠢᠯᠡᠬᠦ ᠲᠡᠢ ᠬᠤᠯᠪᠤᠬ᠎ᠠ ᠲᠡᠢ ᠪᠠᠶᠢᠯ ᠠ᠃ ᠨᠠᠮ ᠤᠨ ᠤᠳᠤᠷᠢᠳᠤᠯᠭ᠎ᠠ ᠪᠤᠯ ᠬᠠᠤᠯᠢ ᠪᠡᠷ ᠵᠠᠰᠠᠬᠤ ᠶᠢᠨ ᠰᠦᠭ ᠰᠦᠯᠳᠡ ᠬᠠᠤᠯᠢ ᠪᠡᠷ ᠤᠯᠤᠰ ᠢᠶᠡᠨ ᠵᠠᠰᠠᠬᠤ ᠪᠤᠯ ᠨᠠᠮ ᠤᠨ ᠤᠳᠤᠷᠢᠳᠬᠤ ᠬᠦᠮᠦᠰ ᠤᠨ ᠤᠯᠤᠰ ᠢ ᠵᠠᠰᠠᠬᠤ ᠦᠨᠳᠦᠰᠦᠨ ᠠᠷᠭ᠎ᠠ᠎ ᠠᠪᠴᠠᠯ᠂ ᠬᠠᠤᠯᠢᠵᠢᠯ ᠪᠤᠯ ᠤᠯᠤᠰ ᠢ ᠵᠠᠰᠠᠵᠤ ᠲᠦᠷᠦ ᠪᠠᠷᠢᠬᠤ ᠦᠨᠳᠦᠰᠦᠨ ᠠᠷᠭ᠎ᠠ ᠪᠠᠷᠢᠯ ᠮᠦᠨ᠃

    ᠳᠤᠮᠳᠠᠳᠤ ᠤᠯᠤᠰ ᠤᠨ ᠤᠴᠢᠷ ᠢ ᠰᠠᠶᠢᠲᠤᠷ ᠰᠢᠶ᠋ᠳᠪᠦᠷᠢᠯᠡᠬᠦ ᠶᠢᠨ ᠭᠤᠤᠯᠳᠠᠯᠭ᠎ᠠ ᠨᠢ ᠨᠠᠮ ᠳᠤ ᠪᠤᠢ

    ᠪᠦᠬᠦ ᠲᠠᠯ᠎ᠠ ᠪᠡᠷ ᠬᠠᠤᠯᠢ ᠪᠡᠷ ᠤᠯᠤᠰ ᠢᠶᠡᠨ ᠵᠠᠰᠠᠬᠤ ᠶᠢᠨ《ᠭᠤᠤᠯᠳᠠᠯᠭ᠎ᠠ ᠨᠢ ᠨᠠᠮ ᠳᠤ ᠪᠤᠢ》᠃ ᠰᠢ ᠵᠢᠨ ᠫᠢᠩ᠂ ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠬᠠᠤᠯᠢ ᠪᠡᠷ ᠵᠠᠰᠠᠬᠤ ᠰᠦᠭ ᠰᠦᠯᠳᠡ ᠮᠦᠨ ᠭᠡᠳᠡᠭ ᠢ ᠪᠢᠳᠡ ᠡᠷᠬᠡᠪᠰᠢ ᠪᠠᠲᠤ ᠴᠡᠭᠡᠵᠢᠯᠡᠬᠦ ᠬᠡᠷᠡᠭᠲᠠᠢ᠂ ᠮᠠᠨ ᠤ ᠤᠯᠤᠰ ᠤᠨ ᠬᠠᠤᠯᠢᠵᠢᠯ ᠨᠢ ᠦᠷᠦᠨᠡᠳᠠᠬᠢᠨ ᠤ ᠬᠦᠷᠦᠩᠭᠡᠲᠤ ᠤᠯᠤᠰ ᠤᠨ ᠬᠠᠤᠯᠢᠵᠢᠯ ᠲᠠᠢ ᠢᠯᠭᠠᠭ᠎ᠠ ᠲᠠᠢ ᠪᠠᠶᠢᠳᠠᠭ᠃ ᠨᠠᠮ ᠤᠨ ᠤᠳᠤᠷᠢᠳᠤᠯᠭ᠎ᠠ ᠶᠢ ᠬᠠᠤᠯᠢ ᠪᠡᠷ ᠤᠯᠤᠰ ᠪᠠᠨ ᠵᠠᠰᠠᠬᠤ ᠪᠦᠬᠦᠶᠢᠯᠡ ᠶᠠᠪᠤᠴᠠ ᠪᠤᠯᠤᠨ ᠡᠯ᠎ᠠ ᠲᠠᠯ᠎ᠠ ᠳᠤ ᠲᠤᠤᠱᠯᠠᠭᠤᠯᠬᠤ ᠨᠢ ᠮᠠᠨ ᠤ ᠤᠯᠤᠰ ᠤᠨ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠳᠠ ᠶᠢᠨ ᠨᠢᠭᠡᠨ ᠦᠨᠳᠦᠰᠦᠨ ᠲᠤᠷᠰᠢᠯᠭ᠎ᠠ ᠶᠤᠮ ᠭᠡᠵᠤ ᠴᠢᠬᠤᠯᠠᠴᠢᠯᠠᠪᠠ᠃

    7 ᠰᠠᠷ᠎ᠠ ᠶᠢᠨ 26 ᠤ ᠡᠳᠦᠷ ᠶᠠᠪᠤᠭᠳᠠᠭᠰᠠᠨ ᠮᠤᠵᠢ ᠶᠢᠨ ᠵᠡᠷᠭᠡᠯᠡᠯ ᠤᠨ ᠭᠤᠤᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠤ ᠰᠤᠳᠤᠯᠤᠨ ᠶᠠᠷᠢᠯᠴᠠᠬᠤ ᠠᠩᠬᠢ ᠡᠬᠢᠯᠡᠬᠦ ᠶᠤᠰᠤᠯᠠᠯ ᠳᠡᠭᠡᠷ᠎ᠠ᠂ ᠰᠢ ᠵᠢᠨ ᠫᠢᠩ 5 ᠵᠢᠯ ᠤᠨ ᠲᠤᠷᠰᠢᠬᠢ ᠡᠯ᠎ᠠ ᠲᠦᠷᠦᠯ ᠤᠨ ᠠᠵᠢᠯ ᠤᠨ ᠪᠠᠶᠢᠳᠠᠯ ᠢ ᠲᠤᠶᠢᠮᠤᠯᠠᠬᠤ ᠳᠤ ᠪᠡᠨ᠄《ᠪᠢᠳᠡ ᠬᠠᠤᠯᠢ ᠪᠡᠷ ᠤᠯᠤᠰ ᠪᠡᠨ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠭᠰᠠᠨ ᠢᠶᠡᠷ ᠮᠠᠨ ᠤ ᠨᠠᠮ ᠤᠨ ᠬᠠᠤᠯᠢ ᠶᠢᠨ ᠠᠷᠭ᠎ᠠ ᠪᠠᠷᠢᠯ  ᠶᠢᠡᠷ ᠤᠳᠤᠷᠢᠳᠬᠤ ᠪᠤᠯᠤᠨ ᠤᠯᠤᠰ ᠪᠡᠨ ᠵᠠᠰᠠᠬᠤ ᠴᠢᠳᠠᠪᠦᠷᠢ ᠮᠡᠳᠡᠭᠳᠡᠮ᠎ᠠ ᠳᠡᠭᠡᠭ᠍ᠰᠢᠯᠡᠵᠠᠢ》 ᠬᠡᠮᠡᠨ ᠵᠢᠭᠠᠵᠤ ᠭᠠᠷᠭᠠᠪᠠ᠃

    ᠢᠷᠭᠡᠨ ᠤ ᠬᠠᠤᠯᠢ ᠶᠢᠨ ᠶᠡᠷᠦᠩᠬᠡᠢ ᠵᠦᠢᠯ᠂ ᠬᠦᠳᠡᠯᠮᠦᠷᠢ ᠪᠡᠷ ᠵᠠᠰᠠᠨ ᠬᠦᠮᠦᠵᠢᠭᠦᠯᠬᠦ ᠶᠢ ᠬᠦᠴᠦᠨ ᠦᠭᠡᠢ ᠪᠤᠯᠭᠠᠬᠤ ᠬᠠᠤᠯᠢ ᠴᠠᠭᠠᠵᠠ ᠶᠢᠨ ᠳᠦᠷᠢᠮ ᠲᠤᠭᠲᠠᠭᠠᠯ ᠢ ᠲᠤᠭᠲᠠᠭᠠᠵᠤ᠂ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ᠂ ᠲᠦᠰᠦᠪ ᠤᠨ ᠬᠠᠤᠯᠢ ᠵᠡᠷᠭᠡ ᠶᠢ ᠬᠢᠨᠠᠨ ᠵᠠᠰᠠᠵᠤ᠂ ᠨᠢᠭᠡ ᠪᠦᠯᠦᠭ ᠤᠯᠤᠰ ᠤᠨ ᠡᠳ᠋ ᠤᠨ ᠵᠠᠰᠠᠬ ᠪᠠ ᠢᠷᠭᠡᠳ ᠤᠨ ᠠᠮᠢᠵᠢᠷᠠᠭᠠᠨ ᠳᠤ ᠬᠤᠯᠪᠤᠭᠳᠠᠬᠤ ᠬᠠᠤᠯᠢ ᠴᠠᠭᠠᠵᠠ ᠨᠢ ᠡᠳ᠋ ᠤᠨ ᠵᠠᠰᠠᠭ ᠤᠨ ᠨᠠᠶᠢᠭᠡᠮ ᠤᠨ ᠡᠵᠡᠩᠨᠡᠯᠲᠡ ᠶᠢ ᠤᠯᠠᠮ ᠡᠮᠬᠢ ᠲᠢᠭ᠍ᠯᠢᠮ ᠲᠠᠢ ᠪᠤᠯᠭᠠᠪᠠ᠃ ᠤᠯᠤᠰ ᠤᠨ ᠦᠨᠳᠦᠰᠦᠨ ᠬᠠᠤᠯᠢ ᠶᠢᠨ ᠡᠳᠦᠷ ᠪᠤᠯᠤᠨ ᠦᠨᠳᠦᠰᠦᠨ ᠬᠠᠤᠯᠢ ᠶᠢᠨ ᠲᠤᠩᠬᠠᠭ ᠤᠨ ᠳᠦᠷᠢᠮ ᠢ ᠲᠤᠬᠳᠠᠭᠠᠨ᠂ ᠵᠢᠷᠤᠮᠵᠢᠭᠰᠠᠨ ᠪᠢᠴᠢᠭ᠌ ᠮᠠᠲ᠋ᠧᠷᠢᠶᠠᠯ ᠢ ᠳᠠᠩᠰᠠᠨ ᠳᠤ ᠤᠷᠤᠭᠤᠯᠵᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠵᠡᠷᠭᠡ ᠴᠤᠪᠤᠷᠠᠯ ᠬᠠᠤᠯᠢ ᠴᠠᠭᠠᠵᠠ ᠳᠦᠷᠢᠮ ᠲᠤᠭᠲᠠᠭᠠᠯ ᠢ ᠪᠦᠲᠦᠮᠵᠢᠲᠠᠢ ᠬᠡᠷᠡᠭᠵᠢᠭᠦᠯᠦᠭᠰᠡᠨ ᠡᠴᠡ ᠢᠷᠭᠡᠳ ᠤᠨ ᠡᠷᠬᠡ ᠠᠰᠢᠭ ᠢ ᠬᠠᠮᠠᠭᠠᠯᠠᠨ᠂ ᠬᠠᠤᠯᠢᠵᠢᠯ ᠤᠨ ᠵᠤᠷᠢᠭ ᠰᠠᠨᠠᠭ᠎ᠠ ᠶᠢ ᠬᠦᠮᠦᠰ ᠤᠨ ᠵᠢᠷᠤᠭᠡᠨ ᠳᠤ ᠬᠠᠳᠠᠩᠰᠢᠭᠤᠯᠪᠠ᠃

    《ᠬᠠᠤᠯᠢ ᠪᠡᠷ ᠤᠯᠤᠰ ᠢᠶᠡᠨ ᠵᠠᠰᠠᠬᠤ ᠶᠢ ᠪᠦᠬᠦ ᠲᠠᠯ᠎ᠠ ᠪᠡᠷ ᠠᠬᠢᠭᠤᠯᠬᠤ ᠡᠨᠡᠬᠦ ᠲᠤᠮᠤ ᠠᠵᠢᠯᠯᠠᠭ᠎᠎ᠠ ᠶᠢ ᠰᠠᠶᠢᠲᠤᠷ ᠬᠢᠵᠤ ᠴᠢᠳᠠᠬᠤ ᠡᠰᠡᠬᠦ ᠶᠢᠨ ᠵᠠᠩᠭᠢᠯᠠᠭ᠎ᠠ ᠪᠤᠯ ᠴᠢᠭᠯᠡᠯ ᠨᠢ ᠵᠦᠪ ᠪᠠᠶᠢᠬᠤ ᠡᠰᠡᠬᠦ᠂ ᠤᠯᠤᠰ ᠲᠦᠷᠦ ᠶᠢᠨ ᠪᠠᠲᠤᠯᠠᠭ᠎ᠠ ᠴᠢᠩᠭ᠎ᠠ ᠪᠠᠶᠢᠬᠤ ᠡᠰᠡᠬᠦ ᠳᠤ ᠪᠤᠢ᠃ ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠦᠨ ᠴᠢᠨᠠᠷ ᠤᠨ ᠤᠨᠴᠠᠯᠢᠭ᠂ ᠨᠡᠶᠢᠭᠡᠮ ᠵᠢᠷᠤᠮ ᠤᠨ ᠬᠠᠤᠯᠢᠵᠢᠯ ᠤᠨ ᠬᠠᠮᠤᠭ ᠤᠨ ᠦᠨᠳᠦᠰᠦᠨ ᠪᠠᠲᠤᠯᠠᠭ᠎ᠠ ᠮᠦᠨ》ᠭᠡᠵᠤ ᠰᠢ ᠵᠢᠨ ᠫᠢᠩ ᠵᠢᠭᠠᠵᠤ ᠭᠠᠷᠭᠠᠵᠠᠢ᠃ ᠬᠠᠤᠯᠢ ᠪᠡᠷ ᠤᠯᠤᠰ ᠢᠢᠡᠨ ᠵᠠᠰᠠᠬᠤ ᠵᠠᠮ ᠨᠢ ᠪᠠᠰᠠ ᠴᠤ ᠨᠠᠮ ᠤᠨ ᠬᠠᠤᠯᠢ ᠪᠡᠷ ᠵᠠᠰᠠᠬᠤ ᠶᠢ ᠪᠦᠲᠦᠭᠡᠨ ᠪᠠᠶᠢᠭᠤᠯᠬᠤ ᠵᠠᠮ ᠮᠦᠨ᠃ ᠬᠠᠤᠯᠢ ᠪᠡᠷ ᠤᠯᠤᠰ  ᠢᠢᠡᠨ ᠵᠠᠰᠠᠬᠤ ᠶᠢ ᠪᠦᠬᠦ ᠲᠠᠯ᠎ᠠ ᠪᠡᠷ ᠲᠦᠯᠬᠢᠨ ᠠᠬᠢᠭᠤᠯᠬᠤ ᠳᠤ ᠡᠷᠬᠡᠪᠰᠢ ᠤᠯᠤᠰ ᠤᠨ ᠬᠠᠤᠯᠢ ᠴᠠᠭᠠᠵᠠ ᠳᠦᠷᠢᠮ ᠲᠤᠭᠲᠠᠭᠠᠯ ᠪᠤᠯᠤᠨ ᠨᠠᠮ ᠤᠨ ᠬᠠᠤᠯᠢ ᠳᠦᠷᠢᠮ ᠲᠠᠢ ᠬᠠᠷᠢᠯᠴᠠᠨ ᠨᠦᠬᠦᠴᠡᠯᠳᠤᠵᠤ᠂ ᠬᠠᠷᠢᠯᠴᠠᠨ ᠠᠬᠢᠭᠤᠯᠤᠨ᠂ ᠬᠠᠷᠢᠯᠴᠠᠨ ᠪᠠᠲᠤᠯᠠᠬᠤ ᠪᠦᠲᠦᠴᠡ ᠶᠢ ᠪᠤᠢ ᠪᠤᠯᠭᠠᠬᠤ ᠪᠡᠷ ᠴᠢᠷᠮᠠᠶᠢᠬᠤ ᠬᠡᠷᠡᠭᠲᠠᠢ᠃

    ᠲᠦᠪ ᠤᠨ ᠨᠡᠶ᠋ᠮᠡᠨ ᠵᠤᠷᠪᠤᠰ ᠳᠤᠭᠳᠠᠭᠠᠯ ᠢ ᠲᠤᠭᠲᠠᠭᠠᠬᠤ ᠡᠴᠡ《 ᠳᠤᠮᠳᠠᠳᠤ ᠤᠯᠤᠰ ᠤᠨ ᠡᠪ ᠬᠠᠮᠲᠤ ᠨᠡᠮ ᠤᠨ ᠲᠤᠭᠤᠷᠢᠨ ᠪᠠᠶᠢᠴᠠᠭᠠᠬᠤ ᠠᠵᠢᠯ ᠤᠨ ᠳᠦᠷᠢᠮ》 ᠢ ᠵᠠᠰᠠᠪᠤᠷᠢᠯᠠᠨ ᠪᠠᠲᠤᠯᠠᠬᠤ ᠬᠦᠷᠲᠡᠯ᠎ᠠ᠂ 《ᠳᠤᠮᠳᠠᠳᠤ ᠤᠯᠤᠰ ᠤᠨ ᠡᠪ ᠬᠠᠮᠲᠤ ᠨᠡᠮ ᠤᠨ ᠰᠠᠬᠢᠯᠭ᠎ᠠ ᠪᠠᠲᠤ ᠶᠢᠨ ᠰᠢᠳᠭᠡᠯ ᠤᠨ ᠳᠦᠷᠢᠮ》 ᠢ ᠵᠠᠰᠠᠪᠤᠷᠢᠯᠠᠨ ᠪᠠᠲᠤᠯᠠᠬᠤ ᠡᠴᠡ《ᠳᠤᠮᠳᠠᠳᠤ ᠤᠯᠤᠰ ᠤᠨ ᠡᠪ ᠬᠠᠮᠲᠤ ᠨᠡᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》 ᠢ ᠬᠡᠷᠡᠭᠵᠢᠭᠦᠯᠬᠦ ᠬᠦᠷᠲᠡᠯ᠎ᠠ᠂《ᠳᠤᠮᠳᠠᠳᠤ ᠤᠯᠤᠰ ᠤᠨ ᠡᠪ ᠬᠠᠮᠲᠤ ᠨᠡᠮ ᠤᠨ ᠨᠠᠮ ᠤᠨ ᠲᠤᠳᠤᠭᠠᠲᠤ ᠳ᠋ᠡᠬᠢ ᠬᠢᠨᠠᠯᠲᠠ ᠲᠠᠯᠪᠢᠬᠤ ᠳᠦᠷᠢᠮ》 ᠢ ᠲᠤᠭᠲᠠᠭᠠᠬᠤ ᠡᠴᠡ《ᠨᠠᠮ ᠤᠨ ᠲᠤᠳᠤᠭᠠᠲᠤ ᠳ᠋ᠡᠬᠢ ᠬᠠᠤᠯᠢ ᠴᠠᠭᠠᠵᠠ ᠳᠦᠷᠢᠮ ᠲᠤᠭᠲᠠᠭᠠᠯ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠢ ᠴᠢᠩᠭᠠᠳᠬᠠᠬᠤ ᠲᠤᠬᠠᠢ》 ᠶᠢ ᠬᠡᠪᠯᠡᠨ ᠲᠠᠷᠬᠠᠭᠠᠬᠤ ᠬᠦᠷᠲᠡᠯ᠎ᠠ ᠁ ᠲᠠᠪᠤᠨ ᠵᠢᠯ ᠤᠨ ᠲᠤᠷᠰᠢ᠂ ᠨᠠᠮ ᠤᠨ ᠲᠦᠪ ᠬᠤᠷᠢᠶ᠎ᠠ ᠡᠴᠡ ᠨᠠᠮ ᠤᠨ ᠲᠤᠳᠤᠭᠠᠲᠤ ᠳ᠋ᠡᠬᠢ 80 ᠬᠠᠤᠯᠢ ᠳᠦᠷᠢᠮ ᠢ ᠲᠤᠭᠲᠠᠭᠠᠭᠰᠠᠨ ᠪᠤᠶᠤ ᠵᠠᠰᠠᠪᠤᠷᠢᠯᠠᠨ ᠪᠠᠲᠤᠯᠠᠵᠠᠢ᠃

    ᠨᠠᠮ ᠤᠨ ᠲᠤᠳᠤᠭᠠᠲᠤ ᠳ᠋ᠡᠬᠢ ᠬᠠᠤᠯᠢ ᠳᠦᠷᠢᠮ ᠤᠨ ᠲᠤᠭᠲᠠᠯᠴᠠᠭ᠎ᠠ ᠡᠳᠦᠷ ᠢᠷᠡᠭᠦᠶ᠎ᠠ ᠲᠡᠭᠦᠯᠳᠡᠷᠵᠢᠵᠤ᠂ 《ᠵᠠᠩᠭᠢᠯᠠᠭ᠎ᠠ ᠶᠢᠨ ᠴᠦᠬᠡᠨ ᠲᠤᠭᠠᠨ》 ᠤ ᠬᠢ ᠬᠢᠵᠠᠭᠠᠷᠯᠠᠬᠤ ᠪᠠᠷᠢᠮᠵᠢᠶ᠎ᠠ ᠤᠯᠠᠮ ᠴᠢᠩᠭᠠᠷᠠᠨ᠂ ᠨᠠᠮ ᠤᠨ ᠬᠡᠰᠢᠭᠦᠳ ᠪᠤᠯᠤᠨ ᠺᠠᠳ᠋ᠷᠴᠤᠳ ᠬᠠᠤᠯᠢᠵᠢᠯ ᠢ ᠪᠠᠳᠤ ᠬᠠᠳᠠᠩᠰᠢᠭᠤᠯᠵᠤ᠂ ᠠᠵᠢᠯᠯᠠᠭ᠎ᠠ ᠪᠡᠷ ᠢᠶᠡᠨ ᠦᠢᠯᠡᠳᠦᠯᠬᠡᠵᠢᠬᠦᠯᠬᠦ ᠬᠡᠷᠡᠭᠲᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ  ᠬᠠᠤᠯᠢ ᠶᠢᠨ ᠬᠦᠷᠢᠶ᠎ᠠ ᠴᠡᠷᠠᠭᠠᠨ ᠳᠤ ᠡᠷᠬᠡ ᠪᠡᠨ ᠬᠡᠷᠡᠭᠵᠢᠭᠦᠯᠵᠤ᠂ ᠵᠠᠰᠠᠭ ᠤᠨ ᠤᠷᠳᠤᠨ ᠤ ᠦᠨᠳᠦᠰᠦᠨ ᠬᠠᠤᠯᠢ ᠪᠡᠷ ᠲᠦᠷᠦ ᠪᠠᠷᠢᠵᠤ᠂ ᠬᠠᠤᠯᠢ ᠶᠤᠰᠤᠭᠠᠷ ᠵᠠᠰᠠᠭ ᠪᠠᠷᠢᠬᠤ ᠶᠢ ᠠᠬᠢᠭᠤᠯᠵᠤ᠂ ᠬᠠᠤᠯᠢᠵᠢᠯ ᠤᠨ ᠰᠠᠳᠬᠢᠬᠦᠢ ᠪᠤᠯᠤᠨ ᠬᠠᠤᠯᠢᠵᠢᠯ ᠤᠨ ᠠᠠᠷᠭ᠎ᠠ ᠪᠠᠷᠢᠯ ᠢᠶᠡᠷ ᠡᠭᠦᠷᠭᠡ ᠬᠠᠷᠢᠭᠤᠴᠠᠯᠭ᠎ᠠ ᠪᠡᠨ ᠬᠦᠢᠴᠡᠳᠬᠡᠬᠦ ᠬᠡᠷᠡᠭᠲᠠᠢ᠃

    ᠨᠠᠮ ᠤᠨ ᠤᠳᠤᠷᠢᠳᠤᠯᠭ᠎ᠠ ᠶᠢ ᠪᠠᠷᠢᠮᠳᠠᠯᠠᠪᠠᠯ᠂ ᠪᠦᠬᠦ ᠲᠠᠯ᠎ᠠ ᠪᠡᠷ ᠤᠯᠤᠰ ᠢᠶᠡᠨ ᠬᠠᠤᠯᠢ ᠪᠡᠷ ᠵᠠᠰᠠᠬᠤ ᠠᠵᠢᠯᠯᠠᠭ᠎ᠠ ᠦᠨᠳᠦᠰᠦᠨ ᠪᠠᠲᠤᠯᠠᠭ᠎ᠠ ᠲᠠᠢ ᠪᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠪᠠᠯ᠂ ᠲᠦᠪ ᠭᠤᠤᠯᠴᠢ ᠰᠢᠳᠤᠷᠭᠤ ᠶᠤᠰᠤᠨ ᠤ ᠲᠤᠭ ᠳᠠᠯᠪᠠᠭ᠎ᠠ ᠦᠨᠢᠲᠠ ᠨᠠᠮᠢᠷᠠᠬᠤ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121667345