蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠶᠠᠰᠤ ᠴᠢᠨᠠᠷ(ᠱᠠᠩᠬᠠᠢ) ᠤᠨ ᠶᠡᠬᠡ ᠬᠤᠷᠠᠯ ᠳᠤ ᠪᠠᠶᠠᠷ ᠤᠨ ᠵᠠᠬᠢᠶ᠎ᠠ ᠢᠯᠡᠬᠡᠪᠡ

2017-09-15 11:00

    ᠰᠢᠨᠬᠤᠧᠠ ᠬᠤᠷᠢᠶ᠎ᠠ   ᠱᠠᠩᠬᠠᠢ ᠶᠢᠨ 9 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ   ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠶᠠᠰᠤ ᠴᠢᠨᠠᠷ(ᠱᠠᠩᠬᠠᠢ) ᠤᠨ ᠶᠡᠬᠡ ᠬᠤᠷᠠᠯ 15 ᠤ ᠡᠳᠦᠷ ᠱᠠᠩᠬᠠᠢ ᠳᠤ ᠨᠡᠬᠡᠬᠡᠯᠳᠡ ᠪᠡᠨ ᠬᠢᠵᠤ᠂ ᠤᠯᠤᠰ ᠤᠨ ᠲᠡᠷᠢᠬᠦᠯᠡᠭᠴᠢ ᠰᠢ ᠵᠢᠨ ᠫᠢᠩ ᠵᠠᠬᠢᠶ᠎ᠠ ᠢᠯᠡᠬᠡᠨ ᠬᠤᠷᠠᠯ ᠠᠮᠵᠢᠯᠳᠠ ᠲᠠᠢ ᠡᠬᠢᠯᠡᠭᠰᠡᠨ ᠳᠤ ᠪᠠᠶᠠᠷ ᠬᠦᠷᠬᠡᠵᠡᠢ᠃

    ᠰᠢ ᠵᠢᠨ ᠫᠢᠩ᠂ ᠳᠤᠮᠳᠠᠳᠤ ᠤᠯᠤᠰ ᠤᠨ ᠶᠠᠰᠤ ᠴᠢᠨᠠᠷ ᠤᠨ ᠶᠡᠬᠡ ᠬᠤᠷᠠᠯ ᠨᠢ ᠤᠯᠠᠨ ᠤᠯᠤᠰ ᠤᠨ ᠶᠠᠰᠤ ᠴᠢᠨᠠᠷ ᠤᠨ ᠬᠠᠮᠳᠤ ᠶᠢᠨ ᠠᠵᠢᠯᠯᠠᠭ᠎ᠠ ᠶᠢ ᠠᠬᠢᠭᠤᠯᠬᠤ ᠪᠤᠯᠤᠨ᠎ᠠ᠃ ᠶᠠᠰᠤ ᠴᠢᠨᠠᠷ ᠨᠢ ᠬᠦᠮᠦᠨ ᠳᠦᠷᠦᠯᠬᠢᠳᠡᠨ ᠤ ᠬᠦᠳᠡᠯᠮᠦᠷᠢ ᠶᠢᠨ ᠦᠷ᠎ᠡ ᠪᠦᠳᠦᠬᠡᠯ ᠬᠢᠬᠡᠳ ᠤᠶᠤᠨ ᠤᠬᠠᠭᠠᠨ ᠤ ᠳᠠᠯᠠᠰᠳᠤ ᠪᠠᠶᠢᠳᠠᠭ᠂ ᠳᠡᠷᠡ ᠨᠢ ᠬᠦᠮᠦᠨ ᠳᠦᠷᠦᠯᠬᠢᠳᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠮᠦᠷᠦᠬᠡᠳᠦᠯ ᠢ ᠢᠯᠡᠷᠬᠡᠶᠢᠯᠡᠵᠤ ᠪᠠᠶᠢᠳᠠᠭ᠃ ᠳᠤᠮᠳᠠᠳᠤ ᠶᠢᠨ ᠦᠨᠳᠦᠰᠦᠳᠡᠨ ᠶᠠᠰᠤ ᠴᠢᠨᠠᠷ ᠢ ᠴᠢᠬᠤᠯᠠᠴᠢᠯᠠᠭᠰᠠᠭᠠᠷ ᠢᠷᠡᠭᠰᠡᠨ᠂ ᠬᠡᠳᠦᠨ ᠮᠢᠩᠭᠠᠨ ᠵᠢᠯ ᠤᠨ ᠡᠮᠦᠨ᠎ᠡ᠂ ᠬᠡᠬᠡᠨᠴᠢᠷ ᠳᠤᠷᠭ᠎ᠠ᠂ ᠨᠠᠷᠢᠯᠢᠭ ᠸᠠᠭᠠᠷ ᠰᠠᠪᠠᠨ ᠤ ᠡᠳ᠋ᠯᠡᠯ ᠵᠡᠷᠬᠡ ᠳᠤᠮᠳᠠᠳᠤ ᠶᠢᠨ ᠰᠢᠯᠢᠳᠡᠭ ᠪᠦᠳᠦᠬᠡᠭᠳᠡᠬᠦᠨ ᠳᠡᠯᠡᠬᠡᠢ ᠳᠤ ᠭᠠᠷᠴᠤ ᠪᠤᠯᠪᠠᠰᠤᠨ ᠤ ᠬᠠᠷᠢᠯᠴᠠᠭ᠎ᠠ ᠶᠢ ᠠᠬᠢᠭᠤᠯᠤᠭᠰᠠᠨ ᠶᠤᠮ᠃ ᠦᠨᠦᠳᠦᠷ᠂ ᠳᠤᠮᠳᠠᠳᠤ ᠤᠯᠤᠰ ᠶᠠᠰᠤ ᠴᠢᠨᠠᠷ ᠤᠨ ᠪᠠᠶᠢᠭᠤᠯᠤᠯᠳᠠ ᠶᠢ ᠳᠡᠬᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠤ᠂ ᠪᠦᠳᠦᠬᠡᠭᠳᠡᠬᠦᠨ ᠬᠢᠬᠡᠳ ᠦᠢᠯᠡᠴᠢᠯᠡᠬᠡᠨ ᠤ ᠪᠡᠨ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠦᠨ᠂ ᠳᠡᠯᠡᠬᠡᠢ ᠳ᠋ᠠᠬᠢᠨ ᠳᠤ ᠨᠡᠩ ᠰᠢᠯᠢᠳᠡᠭ ᠳᠤᠮᠳᠠᠳᠤ ᠶᠢᠨ ᠪᠦᠳᠦᠬᠡᠭᠳᠡᠬᠦᠨ᠂ ᠳᠤᠮᠳᠠᠳᠤ ᠶᠢᠨ ᠦᠢᠯᠡᠴᠢᠯᠡᠬᠡ ᠬᠠᠩᠭᠠᠬᠤ ᠪᠡᠷ ᠴᠢᠷᠮᠠᠶᠢᠵᠤ ᠪᠤᠢ ᠬᠡᠵᠡᠢ᠃

    ᠰᠢ ᠵᠢᠨ ᠫᠢᠩ ᠡᠯ᠎ᠡ ᠤᠯᠤᠰ ᠡᠴᠡ ᠬᠤᠷᠠᠯ ᠳᠤ ᠤᠷᠤᠯᠴᠠᠭ᠎ᠠ ᠳᠦᠯᠦᠬᠡᠯᠡᠭᠴᠢ ᠤᠯᠠᠨ ᠤᠯᠤᠰ ᠤᠨ ᠶᠠᠰᠤ ᠴᠢᠨᠠᠷ ᠤᠨ ᠬᠦᠭᠵᠢᠯᠳᠡ ᠶᠢᠨ ᠬᠠᠨᠳᠤᠰᠢ ᠶᠢ ᠬᠠᠮᠳᠤ ᠪᠡᠷ ᠵᠠᠳᠠᠯᠵᠤ᠂ ᠶᠠᠰᠤ ᠴᠢᠨᠠᠷ ᠤᠨ ᠬᠠᠮᠢᠶᠠᠷᠤᠯᠳᠠ ᠶᠢᠨ ᠳᠤᠷᠰᠢᠯᠭ᠎ᠠ ᠪᠡᠨ ᠰᠤᠯᠢᠯᠴᠠᠨ᠂ ᠶᠠᠰᠤ ᠴᠢᠨᠠᠷ ᠲᠠᠢ ᠳᠡᠳ᠋ ᠪᠦᠳᠦᠴᠡ ᠶᠢᠨ ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠤ᠂ ᠶᠠᠰᠤ ᠴᠢᠨᠠᠷ ᠢ ᠰᠠᠶᠢᠵᠢᠷᠠᠭᠤᠯᠬᠤ ᠪᠡᠷ ᠳᠠᠮᠵᠢᠭᠤᠯᠤᠨ ᠡᠳ᠋ ᠤᠨ ᠵᠠᠰᠠᠭ ᠤᠨ ᠬᠦᠭᠵᠢᠯᠳᠡ᠂ ᠢᠷᠬᠡᠳ ᠤᠨ ᠠᠮᠢᠵᠢᠷᠠᠭᠠᠨ ᠤ ᠰᠠᠶᠢᠵᠢᠷᠠᠯᠳᠠ ᠶᠢ ᠠᠬᠢᠭᠤᠯᠵᠤ᠂ ᠡᠯ᠎ᠡ ᠤᠯᠤᠰ ᠤᠨ ᠢᠷᠬᠡᠳ ᠤᠨ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠮᠦᠷᠦᠬᠡᠳᠦᠯ ᠢ ᠪᠡᠶᠡᠯᠡᠬᠦᠯᠬᠦ ᠳᠤ ᠬᠦᠴᠦᠨ ᠨᠡᠮᠡᠷᠢᠯᠡᠬᠦ ᠬᠡᠷᠡᠭᠳᠡᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121668789