蒙古文网站Logo
ᠰᠢᠨᠬᠤᠸᠠ ᠮᠤᠩᠭ᠋ᠤᠯ ᠨᠧᠲ

ᠠᠷᠠᠳ ᠤᠨ ᠳᠡᠬᠡᠳᠦ ᠰᠢᠬᠦᠬᠦ ᠬᠤᠷᠢᠶ᠎ᠠ᠄ ᠡᠷᠬᠡᠳᠦ ᠠᠷᠠᠳ ᠤᠨ ᠬᠠᠤᠯᠢ ᠶᠤᠰᠤᠨ ᠤ ᠵᠠᠰᠠᠭ ᠵᠠᠬᠢᠷᠭᠠᠨ ᠤ ᠵᠠᠷᠭᠤᠯᠳᠤᠬᠤ ᠡᠷᠬᠡ ᠶᠢ ᠦᠨᠡᠨᠬᠦ ᠪᠠᠳᠤᠯᠠᠬᠤ ᠬᠡᠷᠡᠭᠳᠡᠢ

2017-09-15 15:49

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠦᠧᠧ ᠱᠠ) ᠰᠤᠷᠪᠤᠯᠵᠢᠯᠠᠭᠴᠢ 14 ᠤ ᠡᠳᠦᠷ ᠠᠷᠠᠳ ᠤᠨ ᠳᠡᠬᠡᠳᠦ ᠰᠢᠬᠦᠬᠦ ᠬᠤᠷᠢᠶ᠎ᠠ ᠡᠴᠡ ᠤᠶᠢᠯᠠᠭᠠᠭᠰᠠᠨ ᠢᠶᠡᠷ᠂ ᠳᠤᠰ ᠬᠤᠷᠢᠶ᠎ᠠ ᠤᠶᠢᠷ᠎ᠡ ᠶᠢᠨ ᠡᠳᠦᠷ 《ᠳᠤᠬᠠᠢ ᠶᠢᠨ ᠬᠡᠷᠡᠭ ᠲᠤ ᠬᠤᠯᠪᠤᠭᠳᠠᠭᠰᠠᠨ ᠬᠦᠮᠦᠨ ᠤ ᠬᠠᠤᠯᠢ ᠶᠤᠰᠤᠭᠠᠷ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠶᠢ ᠤᠯᠠᠮ ᠨᠢᠬᠡ ᠠᠯᠬᠤᠮ ᠬᠠᠮᠠᠭᠠᠯᠠᠵᠤ ᠳᠦᠷᠢᠮᠵᠢᠬᠦᠯᠬᠦ ᠳᠤᠬᠠᠢ ᠰᠠᠨᠠᠯ ᠤᠳ》 ᠢ ᠳᠠᠷᠬᠠᠭᠠᠵᠤ᠂ ᠳᠤᠬᠠᠢ ᠶᠢᠨ ᠬᠡᠷᠡᠭ ᠲᠤ ᠬᠤᠯᠪᠤᠭᠳᠠᠭᠰᠠᠨ ᠬᠦᠮᠦᠨ ᠤ ᠬᠠᠤᠯᠢ ᠶᠤᠰᠤᠭᠠᠷ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠶᠢ ᠬᠠᠮᠠᠭᠠᠯᠠᠵᠤ ᠳᠦᠷᠢᠮᠵᠢᠬᠦᠯᠦᠨ᠂ ᠳᠤᠬᠠᠢ ᠶᠢᠨ ᠬᠡᠷᠡᠭ ᠲᠤ ᠬᠤᠯᠪᠤᠭᠳᠠᠭᠰᠠᠨ ᠬᠦᠮᠦᠨ ᠤ ᠰᠠᠨᠠᠯ ᠢᠶᠡᠨ ᠶᠤᠰᠤ ᠪᠡᠷ ᠢᠯᠡᠳᠬᠡᠬᠦ ᠳᠤ ᠨᠢ ᠳᠤᠰᠠᠯᠠᠨ ᠵᠠᠰᠠᠭ ᠵᠠᠬᠢᠷᠭᠠᠨ ᠤ ᠮᠠᠷᠭᠤᠭᠠᠨ ᠢ ᠦᠨᠳᠦᠰᠦᠨ ᠡᠴᠡ ᠨᠢ ᠦᠬᠡᠶᠢᠰᠬᠡᠬᠦ ᠶᠢ ᠠᠬᠢᠭᠤᠯᠬᠤ ᠬᠡᠷᠡᠭᠳᠡᠢ ᠬᠡᠵᠡᠢ᠃

    《ᠰᠠᠨᠠᠯ ᠤᠳ》 ᠳᠤ᠂ ᠬᠠᠤᠯᠢ ᠳᠦᠷᠢᠮ ᠡᠴᠡ ᠭᠠᠳᠠᠭᠤᠷ ᠬᠡᠷᠡᠭ ᠤᠨ ᠬᠦᠴᠢᠷ ᠪᠤᠳᠤᠯᠢᠶᠠᠨ ᠬᠢᠬᠡᠳ ᠪᠠᠶᠢᠭᠤᠯᠤᠯᠭ᠎ᠠ ᠶᠢᠨ ᠡᠷᠬᠡ ᠠᠰᠢᠭ ᠢ ᠳᠡᠩᠴᠡᠬᠦᠯᠬᠦ᠂ ᠵᠢᠯ ᠤᠨ ᠰᠡᠬᠦᠯᠴᠢ ᠪᠤᠯᠳᠠᠯ᠎ᠠ ᠬᠡᠷᠡᠭ ᠢ ᠰᠢᠶ᠋ᠳᠪᠦᠷᠢᠯᠡᠵᠤ ᠳᠠᠭᠤᠰᠬᠠᠬᠤ ᠶᠢ ᠨᠦᠯᠦᠬᠡᠯᠡᠬᠦ ᠵᠡᠷᠬᠡ ᠳᠤ ᠰᠢᠯᠳᠠᠭᠯᠠᠨ ᠵᠠᠷᠭᠤ ᠶᠢᠨ ᠪᠢᠴᠢᠭ᠌ ᠢ ᠬᠦᠯᠢᠶᠡᠬᠦ ᠦᠬᠡᠢ ᠪᠤᠶᠤ ᠬᠦᠯᠢᠶᠡᠭᠰᠡᠨ ᠤ ᠳᠠᠷᠠᠭ᠎ᠠ ᠠᠯᠪᠠᠨ ᠤ ᠪᠢᠴᠢᠭ᠌ ᠪᠠᠷᠢᠮᠳᠠ ᠭᠠᠷᠭᠠᠵᠤ ᠦᠭᠬᠦ ᠦᠬᠡᠢ ᠪᠠᠶᠢᠳᠠᠯ ᠢ ᠡᠷᠡᠰ ᠬᠤᠷᠢᠭᠯᠠᠬᠤ ᠬᠡᠷᠡᠭᠳᠡᠢ; ᠬᠢᠨᠠᠨ ᠦᠵᠡᠬᠦ ᠳᠤ ᠬᠠᠷᠢᠶᠠᠯᠠᠭᠳᠠᠬᠤ ᠡᠴᠡ ᠡᠮᠦᠨ᠎ᠡ ᠪᠠᠶᠢᠷᠢᠯᠠᠭᠤᠯᠤᠭᠰᠠᠨ ᠬᠡᠷᠡᠭ ᠢ ᠠᠷᠠᠳ ᠤᠨ ᠰᠢᠬᠦᠬᠦ ᠬᠤᠷᠢᠶ᠎ᠠ ᠨᠢ ᠳᠤᠬᠠᠢ ᠶᠢᠨ ᠬᠡᠷᠡᠭ ᠲᠤ ᠬᠤᠯᠪᠤᠭᠳᠠᠭᠰᠠᠨ ᠬᠦᠮᠦᠨ ᠤ ᠵᠠᠷᠭᠤᠯᠳᠤᠭᠠᠨ ᠢ ᠵᠠᠰᠠᠭ ᠵᠠᠬᠢᠷᠭᠠᠨ ᠤ ᠪᠠᠶᠢᠭᠤᠯᠤᠯᠭ᠎ᠠ ᠬᠢᠨᠠᠨ ᠦᠵᠡᠭᠰᠡᠨ ᠦᠬᠡᠢ ᠬᠡᠮᠡᠬᠦ ᠰᠢᠯᠳᠠᠭ ᠢᠶᠡᠷ ᠬᠡᠷᠡᠭ ᠳᠠᠩᠰᠠᠯᠠᠵᠤ ᠦᠭᠬᠦ ᠦᠬᠡᠢ ᠪᠤᠶᠤ ᠵᠠᠷᠭᠤᠯᠳᠤᠬᠤ ᠮᠠᠲ᠋ᠧᠷᠢᠶᠠᠯ ᠢ ᠬᠦᠯᠢᠶᠡᠵᠤ ᠠᠪᠬᠤ ᠦᠬᠡᠢ ᠪᠠᠶᠢᠵᠤ ᠪᠤᠯᠬᠤ ᠦᠬᠡᠢ; ᠦᠰᠢᠡ ᠵᠠᠷᠭᠤᠯᠳᠤᠬᠤ ᠪᠠ ᠶᠤᠰᠤ ᠪᠤᠰᠤ ᠪᠡᠷ ᠵᠢᠭᠤᠷᠠᠯᠳᠤᠨ ᠵᠠᠷᠭᠤᠯᠳᠤᠬᠤ ᠵᠡᠷᠬᠡ ᠠᠵᠢᠯᠯᠠᠭ᠎ᠠ ᠶᠢ ᠴᠢᠩᠭ᠎ᠠ ᠳᠦᠷᠢᠮᠵᠢᠬᠦᠯᠵᠤ ᠵᠠᠷᠭᠤᠯᠳᠤᠬᠤ ᠡᠷᠬᠡ ᠪᠡᠨ ᠳᠤᠷᠠᠪᠠᠷ ᠠᠰᠢᠭᠯᠠᠬᠤ᠂ ᠦᠰᠢᠨ ᠵᠠᠷᠭᠤᠯᠳᠤᠬᠤ ᠵᠡᠷᠬᠡ ᠠᠵᠢᠯᠯᠠᠭ᠎ᠠ ᠶᠢ ᠬᠠᠤᠯᠢ ᠶᠤᠰᠤᠭᠠᠷ ᠬᠤᠷᠢᠭᠯᠠᠨ ᠵᠤᠭᠰᠤᠭᠠᠬᠤ ᠬᠡᠷᠡᠭᠳᠡᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121670308