蒙古文网站Logo
ᠰᠢᠨᠬᠤᠸᠠ ᠮᠤᠩᠭ᠋ᠤᠯ ᠨᠧᠲ

ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ《ᠰᠢᠨ᠎ᠡ ᠡᠬᠦᠳᠦᠯᠳᠡ ᠶᠢᠨ ᠬᠠᠮᠢᠶᠠᠳᠠᠢ ᠦᠬᠡᠷᠡᠴᠢᠯᠡᠯᠳᠡ ᠶᠢᠨ ᠠᠷᠭ᠎ᠠ ᠠᠪᠴᠠᠯ ᠢ ᠳᠡᠮᠵᠢᠵᠤ ᠳᠦᠬᠡᠮᠡᠯᠵᠢᠬᠦᠯᠬᠦ ᠳᠤᠬᠠᠢ ᠮᠡᠳᠡᠭᠳᠡᠯ》 ᠳᠠᠷᠬᠠᠭᠠᠪᠠ

2017-09-15 15:49

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ   ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠶᠢᠷ᠎ᠠ ᠶᠢᠨ ᠡᠳᠦᠷ《ᠰᠢᠨ᠎ᠡ ᠡᠬᠦᠳᠦᠯᠳᠡ ᠶᠢᠨ ᠬᠠᠮᠢᠶᠠᠳᠠᠢ ᠦᠬᠡᠷᠡᠴᠢᠯᠡᠯᠳᠡ ᠶᠢᠨ ᠠᠷᠭ᠎ᠠ ᠠᠪᠴᠠᠯ ᠢ ᠳᠡᠮᠵᠢᠵᠤ ᠳᠦᠬᠡᠮᠡᠯᠵᠢᠬᠦᠯᠬᠦ ᠳᠤᠬᠠᠢ ᠮᠡᠳᠡᠭᠳᠡᠯ》 ᠳᠠᠷᠬᠠᠭᠠᠪᠠ᠃

    《ᠮᠡᠳᠡᠭᠳᠡᠯ》 ᠳ᠋ᠤ᠂ ᠰᠢᠨ᠎ᠡ ᠡᠬᠦᠳᠦᠯᠳᠡ ᠶᠢ ᠳᠡᠮᠵᠢᠬᠦ ᠬᠦᠴᠦᠯᠡᠴᠡ ᠪᠡᠨ ᠤᠯᠠᠮ ᠨᠡᠮᠡᠭᠳᠡᠬᠦᠯᠵᠤ᠂ ᠤᠯᠠᠨ ᠢᠶᠡᠷ ᠢᠶᠡᠨ ᠦᠢᠯᠡᠰ ᠪᠤᠰᠬᠠᠬᠤ᠂ ᠳᠦᠮᠡᠨ ᠢᠶᠡᠷ ᠢᠶᠡᠨ ᠰᠢᠨ᠎ᠡ ᠶᠢ ᠡᠬᠦᠳᠬᠦ ᠳᠦᠷᠢᠮ ᠤᠨ ᠤᠷᠴᠢᠨ ᠪᠤᠯᠤᠨ ᠡᠷᠬᠡ ᠳᠡᠭᠰᠢ ᠦᠷᠢᠰᠦᠯᠳᠦᠬᠡᠨ ᠤ ᠵᠠᠬ᠎ᠠ ᠵᠡᠬᠡᠯᠢ ᠶᠢᠨ ᠤᠷᠴᠢᠨ ᠢ ᠪᠤᠢ ᠪᠤᠯᠭᠠᠵᠤ᠂ ᠰᠢᠨ᠎ᠡ ᠡᠬᠦᠳᠦᠯᠳᠡ ᠶᠢᠨ ᠬᠦᠭᠵᠢᠯᠳᠡ ᠳᠤ ᠤᠯᠠᠮ ᠰᠢᠯᠢᠳᠡᠭ ᠦᠢᠯᠡᠴᠢᠯᠡᠬᠡ ᠬᠠᠩᠭᠠᠨ᠂ ᠤᠯᠤᠰ ᠲᠠᠶᠠᠭᠠᠷ ᠡᠰᠡᠬᠦᠯ᠎ᠡ ᠪᠡᠬᠡᠵᠢᠩ ᠲᠢᠶᠠᠨᠵᠢᠨ ᠡᠾᠧᠪᠧᠢ᠂ ᠱᠠᠩᠬᠠᠢ᠂ ᠭᠤᠧᠠᠩᠳᠦ᠋ᠩ᠂ ᠠᠨᠾᠦ᠋ᠢ᠂ ᠰᠧᠴᠤᠧᠠᠨ᠂ ᠬᠤᠪᠧᠢ ᠶᠢᠨ ᠦᠬᠠᠨ᠂ ᠱᠠᠨᠰᠢ ᠶᠢᠨ ᠰᠢ ᠠᠨ᠂ ᠯᠢᠶᠤᠤᠨᠢᠩ ᠤᠨ ᠮᠦᠭᠳᠡᠨ ᠵᠡᠷᠬᠡ ᠪᠦᠬᠦ ᠳᠠᠯ᠎ᠠ ᠪᠡᠷ ᠰᠢᠨ᠎ᠡ ᠶᠢ ᠡᠬᠦᠳᠬᠦ 8 ᠳᠤᠷᠰᠢᠯᠳᠠ ᠶᠢᠨ ᠪᠦᠰᠡ ᠳᠤ 4 ᠳᠠᠯ᠎ᠠ ᠳᠤ ᠬᠤᠯᠪᠤᠭᠳᠠᠭᠰᠠᠨ ᠨᠡᠶᠢᠳᠡ 13 ᠠᠷᠭ᠎ᠠ ᠠᠪᠴᠠᠯ ᠢ ᠬᠡᠷᠡᠭᠵᠢᠬᠦᠯᠦᠨ᠎ᠡ ᠬᠡᠵᠤ ᠳᠤᠷᠠᠳᠴᠠᠢ᠃ ᠡᠨᠡ ᠨᠢ ᠳᠠᠷᠤᠢ ᠰᠢᠨᠵᠢᠯᠡᠬᠦ ᠤᠬᠠᠭᠠᠨ ᠲᠧᠭᠨᠤᠯᠤᠬᠢ ᠮᠦᠩᠬᠦᠨ ᠬᠦᠢᠯᠬᠡᠬᠡᠨ ᠤ ᠰᠢᠨ᠎ᠡ ᠡᠬᠦᠳᠦᠯᠳᠡ᠂ ᠰᠢᠨ᠎ᠡ ᠶᠢ ᠡᠬᠦᠳᠴᠤ ᠦᠢᠯᠡᠰ ᠪᠤᠰᠬᠠᠬᠤ ᠳᠦᠷᠦ ᠶᠢᠨ ᠪᠤᠳᠤᠯᠭ᠎ᠠ ᠶᠢᠨ ᠤᠷᠴᠢᠨ᠂ ᠬᠠᠷᠢ ᠬᠦᠷᠦᠨ ᠤ ᠬᠠᠷᠢᠶᠠᠯᠠᠯ ᠲᠠᠢ ᠴᠢᠳᠠᠪᠤᠷᠢᠳᠠᠨ ᠢ ᠪᠠᠳᠤᠯᠠᠨ ᠳᠠᠨᠢᠯᠴᠠᠭᠤᠯᠬᠤ᠂ ᠴᠡᠷᠢᠭ᠌ ᠠᠷᠠᠳ ᠠᠭᠤᠰᠤᠯᠴᠠᠨ ᠰᠢᠨ᠎ᠡ ᠶᠢ ᠡᠬᠦᠳᠬᠦ ᠵᠡᠷᠬᠡ 4 ᠳᠠᠯ᠎ᠠ ᠶᠢ ᠵᠢᠭᠠᠵᠤ ᠪᠤᠢ᠃

    《ᠮᠡᠳᠡᠭᠳᠡᠯ》 ᠳ᠋ᠤ᠂ ᠡᠯ᠎ᠡ ᠭᠠᠵᠠᠷ ᠤᠷᠤᠨ ᠡᠯ᠎ᠡ ᠪᠠᠶᠢᠭᠤᠯᠤᠯᠭ᠎ᠠ ᠰᠢᠨ᠎ᠡ ᠡᠬᠦᠳᠦᠯᠳᠡ ᠲᠠᠢ ᠬᠠᠮᠢᠶᠠᠳᠠᠢ ᠦᠬᠡᠷᠡᠴᠢᠯᠡᠯᠳᠡ ᠶᠢᠨ ᠠᠷᠭ᠎ᠠ ᠠᠪᠴᠠᠯ ᠢ ᠳᠡᠮᠵᠢᠵᠤ ᠳᠦᠬᠡᠮᠡᠯᠵᠢᠬᠦᠯᠬᠦ ᠶᠢᠨ ᠬᠦᠨᠳᠦ ᠴᠢᠬᠤᠯᠠ ᠤᠳᠬ᠎ᠠ ᠠᠭᠤᠯᠭ᠎ᠠ ᠶᠢ ᠬᠦᠨᠵᠡᠬᠡᠢ ᠳᠠᠨᠢᠵᠤ᠂ ᠡᠬᠦᠨ  ᠢᠶᠡᠷ ᠰᠢᠨ᠎ᠡ ᠡᠬᠦᠳᠦᠯᠳᠡ᠂ ᠵᠤᠬᠢᠴᠠᠯ ᠲᠠᠢ᠂ ᠪᠤᠬᠢᠷᠳᠤᠯ ᠦᠬᠡᠢ᠂ ᠨᠡᠬᠡᠬᠡᠯᠳᠡ ᠲᠠᠢ ᠬᠠᠮᠳᠤᠪᠠᠷ ᠬᠤᠪᠢᠶᠠᠯᠴᠠᠬᠤ ᠬᠦᠭᠵᠢᠯᠳᠡ ᠶᠢᠨ ᠤᠶᠢᠯᠠᠭᠠᠭᠳᠠᠬᠤᠨ ᠢ ᠬᠦᠨᠵᠡᠬᠡᠢ ᠳᠤᠤᠱᠯᠠᠭᠤᠯᠬᠤ ᠪᠠ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠬᠤ ᠴᠢᠬᠤᠯᠠ ᠠᠳᠬᠤᠴᠠ ᠪᠤᠯᠭᠠᠬᠤ ᠬᠡᠷᠡᠭᠳᠡᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121670312