ᠯᠢ ᠺᠧ ᠴᠢᠶᠠᠩ᠄ ᠠᠭᠤᠰᠤᠯᠴᠠᠬᠤ᠂ ᠬᠠᠮᠳᠤᠷᠠᠬᠤ᠂ ᠬᠠᠮᠳᠤ ᠪᠡᠷ ᠡᠳ᠋ᠯᠡᠡᠬᠦ ᠬᠤᠤᠰ ᠡᠬᠦᠳᠦᠯᠳᠡ ᠶᠢᠨ ᠠᠮᠢ ᠠᠬᠤᠢ ᠶᠢᠨ ᠤᠷᠴᠢᠨ ᠢ ᠤᠯᠠᠮ ᠢᠶᠡᠷ ᠬᠦᠭ᠍ᠵᠢᠬᠦᠯᠦᠨ᠎ᠠ 2017-09-16 14:05

    ᠰᠢᠨᠬᠤᠸᠠ ᠬᠤᠷᠢᠶ᠎ᠠ ᠪᠡᠭᠡᠵᠢᠩ ᠤᠨ 9 ᠰᠠᠷ᠎ᠠ ᠶᠢᠨ 15 ᠤ ᠡᠳᠤᠷ ᠤᠨ ᠴᠠᠬᠢᠯᠭᠠᠨ ᠮᠡᠳᠡᠬᠡ  2017 ᠤᠨ ᠤ ᠤᠯᠤᠰ ᠲᠠᠶᠭᠠᠠᠷ ᠤᠨ ᠤᠯᠠᠨ ᠢᠶᠡᠷ ᠢᠶᠡᠨ ᠦᠢᠯᠡᠰ ᠪᠤᠰᠬᠠᠵᠤ ᠨᠡᠶᠢᠳᠡ ᠪᠡᠷ ᠢᠶᠡᠨ ᠰᠢᠨ᠎ᠡ ᠶᠢ ᠡᠬᠦᠳᠬᠦ ᠠᠵᠢᠯᠯᠠᠭ᠎ᠠ ᠶᠢᠨ ᠭᠠᠷᠠᠭ ᠤᠨ ᠨᠡᠬᠡᠬᠡᠯᠳᠡ ᠶᠢᠨ ᠲᠠᠰᠢᠷᠠᠮ ᠢᠶᠡᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠴᠤᠬᠤᠯᠠᠪᠤᠷᠢ ᠦᠭ᠍ᠪᠡ᠃ ᠴᠤᠬᠤᠯᠠᠪᠤᠷᠢ ᠳᠤ ᠪᠠᠨ᠂ ᠤᠯᠤᠰ ᠲᠠᠶᠠᠭᠠᠷ ᠤᠨ ᠤᠯᠠᠨ ᠢᠶᠡᠷ ᠢᠶᠡᠨ ᠦᠢᠯᠡᠰ ᠪᠤᠰᠬᠠᠵᠤ ᠨᠡᠶᠢᠳᠡ ᠪᠡᠷ ᠢᠶᠡᠨ ᠰᠢᠨ᠎ᠡ ᠶᠢ ᠡᠬᠦᠳᠬᠦ ᠠᠵᠢᠯᠯᠠᠭ᠎ᠠ ᠶᠢᠨ ᠭᠠᠷᠠᠭ ᠪᠤᠯ ᠰᠢᠨ᠎ᠡ ᠶᠢ ᠡᠬᠦᠳᠴᠦ ᠦᠢᠯᠡᠰ ᠪᠤᠰᠬᠠᠭᠴᠢᠳ ᠤᠨ ᠦᠵᠡᠯ ᠪᠤᠳᠤᠯ᠂ ᠠᠮᠵᠢᠯᠳᠠ ᠪᠦᠲᠦᠬᠡᠯ ᠢᠶᠡᠨ ᠰᠤᠯᠢᠯᠴᠠᠬᠤ ᠪᠠ ᠴᠤᠭ ᠵᠤᠯᠪᠤᠭ᠎ᠠ ᠪᠡᠨ ᠢᠯᠡᠷᠡᠬᠦᠯᠬᠦ ᠴᠢᠬᠤᠯᠠ ᠲᠠᠪᠴᠠᠩ ᠪᠤᠯᠤᠨ᠎ᠠ᠃ ᠤᠳᠤᠬᠠᠨ ᠳᠤ ᠬᠤᠤᠰ ᠡᠬᠦᠳᠦᠯᠳᠡ ᠪᠤᠯᠤᠨ ᠡᠯ᠎ᠡ ᠠᠵᠢᠯ ᠲᠦᠷᠤᠯ ᠠᠭᠤᠰᠤᠯᠴᠠᠨ ᠬᠦᠭ᠍ᠵᠢᠵᠤ᠂ ᠵᠠᠬ᠎ᠠ ᠵᠡᠬᠡᠯᠢ ᠶᠢᠨ ᠬᠡᠷᠡᠭᠯᠡᠭᠡ ᠪᠤᠯᠤᠨ ᠨᠡᠶᠢᠬᠡᠮ ᠤᠨ ᠤᠯᠠᠨ ᠰᠢᠨ᠎ᠡ ᠡᠬᠦᠳᠦᠯᠳᠡ ᠶᠢᠨ ᠡᠬᠢ ᠰᠤᠷᠪᠤᠯᠵᠢ ᠤᠨᠤᠪᠴᠢᠲᠠᠢ ᠲᠤᠬᠢᠷᠠᠯᠴᠠᠨ ᠬᠤᠯᠪᠤᠯᠳᠤᠵᠤ᠂ ᠵᠠᠬ᠎ᠠ ᠵᠡᠬᠡᠯᠢ ᠶᠢᠨ ᠠᠮᠢᠵᠢᠷᠠᠯ ᠪᠤᠯᠤᠨ ᠨᠡᠶᠢᠬᠡᠮ ᠤᠨ ᠪᠦᠲᠦᠬᠡᠯᠴᠢ ᠬᠦᠴᠦ ᠶᠢ ᠪᠦᠲᠦᠮᠵᠢᠲᠡᠢ ᠲᠠᠶᠢᠴᠢᠯᠠᠨ ᠰᠢᠨ᠎ᠡ ᠬᠠᠭᠤᠴᠢᠨ ᠡᠨᠧᠷᠬᠢ ᠶᠢᠨ ᠬᠦᠴᠦᠨ ᠤ ᠰᠢᠯᠵᠢᠯᠳᠡ ᠶᠢ ᠠᠬᠢᠭᠤᠯᠵᠤ᠂ ᠡᠷᠬᠡ ᠲᠡᠭᠰᠢ ᠲᠤᠬᠢᠶᠠᠯ ᠬᠠᠩᠭ᠋ᠠᠭᠰᠠᠨ ᠪᠠ ᠠᠵᠢᠯ ᠤᠯᠭᠤᠯᠳᠠ ᠶᠢ ᠦᠷᠭᠡᠳᠭᠡᠭ᠍ᠰᠡᠨ ᠪᠠᠶᠢᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠶ᠋ᠳᠪᠦᠷᠢ ᠪᠠᠶᠢᠷᠢᠭᠤᠯᠤᠯᠳᠠ ᠶᠢ ᠦᠷᠬᠦᠯᠵᠢᠯᠡᠨ ᠨᠠᠷᠢᠨ ᠲᠤᠤᠱᠯᠠᠭᠤᠯᠵᠤ᠂ ᠰᠢᠨ᠎ᠡ ᠬᠦᠭ᠍ᠵᠢᠯᠳᠡ ᠶᠢᠨ ᠤᠶᠢᠯᠠᠭᠠᠭᠳᠠᠬᠤᠨ ᠶᠢ ᠨᠠᠶᠢᠳᠠᠪᠤᠷᠢᠵᠢᠭᠤᠯᠤᠨ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠳᠡ ᠪᠡᠷ ᠭᠤᠤᠯ ᠱᠤᠭᠤᠮ ᠪᠤᠯᠭᠠᠨ ᠰᠢᠨ᠎ᠡ ᠶᠢ ᠡᠬᠦᠳᠬᠦ ᠬᠦᠳᠡᠯᠭᠡᠭ᠍ᠴᠢ ᠬᠦᠴᠦᠨ ᠤ ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭ᠍ᠵᠢᠬᠦᠯᠵᠤ᠂ ᠠᠭᠤᠰᠤᠯᠴᠠᠬᠤ᠂ ᠬᠠᠮᠳᠤᠷᠠᠬᠤ᠂ ᠬᠠᠮᠳᠤ ᠪᠡᠷ ᠡᠳ᠋ᠯᠡᠡᠬᠦ ᠬᠤᠤᠰ ᠡᠬᠦᠳᠦᠯᠳᠡ ᠶᠢᠨ ᠠᠮᠢ ᠠᠬᠤᠢ ᠶᠢᠨ ᠤᠷᠴᠢᠨ ᠢ ᠤᠯᠠᠮ ᠢᠶᠡᠷ ᠬᠦᠭ᠍ᠵᠢᠬᠦᠯᠦᠨ᠂ ᠡᠷᠭᠡ ᠲᠡᠭᠰᠢ ᠦᠷᠢᠰᠦᠯᠳᠦᠬᠦ ᠵᠠᠬ᠎ᠠ ᠵᠡᠬᠡᠯᠢ ᠶᠢᠨ ᠡᠮᠬᠢ ᠲᠢᠭ᠍ᠯᠢᠨ ᠢ ᠪᠤᠢ ᠪᠤᠯᠭᠠᠵᠤ᠂ ᠪᠠᠭᠳᠠᠭᠠᠮᠵᠢᠳᠠᠢ ᠪᠤᠯᠭᠤᠮᠵᠢᠲᠠᠢ ᠬᠢᠨᠠᠨ ᠬᠠᠮᠢᠶᠠᠷᠬᠤ ᠲᠦᠷᠢᠮ ᠢᠶᠡᠨ ᠲᠡᠬᠦᠯᠳᠡᠷᠵᠢᠬᠦᠯᠵᠤ᠂ ᠲᠤᠮᠤ ᠲᠤᠮᠳᠠ ᠵᠢᠵᠢᠭ᠌᠌ ᠠᠵᠤ ᠠᠬᠤᠶᠢᠯᠠᠯ ᠤᠨ ᠠᠭᠤᠰᠤᠯᠴᠠᠨ ᠬᠦᠭ᠍ᠵᠢᠬᠦ ᠰᠢᠨ᠎ᠡ ᠲᠤᠭᠳᠠᠯᠴᠠᠭ᠎ᠠ ᠶᠢ ᠪᠠᠶᠢᠭᠤᠯᠵᠤ᠂ ᠲᠤᠭᠠᠴᠢᠯᠠᠭᠰᠠᠨ ᠡᠳ᠋ ᠤᠨ ᠵᠠᠰᠠᠭ᠂ ᠫᠯᠠᠲ᠋ᠹᠣᠷᠮ ᠡᠳ᠋ ᠤᠨ ᠵᠠᠰᠠᠭ ᠤᠨ ᠬᠦᠭ᠍ᠵᠢᠯᠳᠡ ᠶᠢ ᠠᠬᠢᠭᠤᠯᠵᠤ᠂ ᠨᠡᠩ ᠲᠡᠭᠡᠳᠤ ᠲᠦᠪᠰᠢᠨ ᠤ ᠬᠤᠤᠰ ᠡᠬᠦᠳᠦᠯᠳᠡ ᠶᠢᠨ ᠦᠷ᠎ᠡ ᠪᠦᠲᠦᠮᠵᠢ ᠤᠯᠬᠤ ᠪᠡᠷ ᠴᠢᠷᠮᠠᠶᠢᠨ᠂ ᠰᠢᠨ᠎ᠡ ᠠᠵᠤ ᠦᠢᠯᠡᠰ ᠤᠨ ᠦᠷᠨᠢᠨ ᠬᠦᠭ᠍ᠵᠢᠬᠦ᠂ ᠰᠢᠨ᠎ᠡ ᠡᠨᠧᠷᠬᠢ ᠬᠦᠴᠦᠨ ᠤ ᠪᠤᠵᠠᠭᠠᠶᠢᠷᠠᠬᠤ᠂ ᠴᠢᠳᠠᠪᠤᠷᠢᠳᠠᠨ ᠤ ᠲᠠᠰᠤᠷᠠᠯᠳᠠ ᠦᠭᠡᠢ ᠴᠤᠯᠭᠤᠷᠠᠨ ᠭᠠᠷᠬᠤ ᠪᠡᠷ ᠡᠳ᠋ ᠤᠨ ᠵᠠᠰᠠᠭ ᠤᠨ ᠵᠠᠭᠪᠤᠷ ᠢᠶᠡᠨ ᠦᠬᠡᠷᠡᠴᠢᠯᠡᠨ ᠲᠡᠰ ᠲᠡᠪᠰᠢᠬᠦ ᠳᠤ ᠲᠤᠯᠭᠠᠭᠤᠷᠢ ᠬᠦᠴᠦᠨ ᠬᠠᠩᠭ᠋ᠠᠬᠤ ᠬᠡᠷᠡᠭᠲᠡᠢ ᠬᠡᠵᠡᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120691121674091