蒙古文网站Logo
ᠰᠢᠨᠬᠤᠸᠠ ᠮᠤᠩᠭ᠋ᠤᠯ ᠨᠧᠲ

《ᠨᠢᠭᠡᠳᠤᠭ᠍ᠰᠡᠨ ᠦᠨᠳᠦᠰᠤᠨ ᠤ ᠪᠠᠢᠢᠭᠤᠯᠤᠯᠭ᠎ᠠ ᠵᠢᠨ ᠴᠦᠯᠵᠢᠯ ᠢ ᠰᠡᠷᠬᠡᠢᠢᠯᠨᠨ ᠵᠠᠰᠠᠬᠤ ᠨᠡᠢᠢᠳᠡ ᠵᠢᠨ ᠬᠡᠷ᠎ᠠ 》ᠵᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠤ ᠲᠠᠯ᠎ᠠ ᠵᠢᠨ ᠶᠡᠬᠡ ᠬᠤᠷᠠᠯ ᠳᠤ《ᠤᠷᠳᠤᠰ ᠤᠨ ᠲᠤᠩᠬᠠᠬ》 ᠢ᠋ ᠨᠡᠢᠢᠳᠡᠯᠡᠵᠠᠢ

2017-09-17 13:15

    ᠰᠢᠨᠬᠤᠸᠠ ᠬᠤᠷᠢᠶ᠎ᠠ ᠬᠦᠬᠡᠬᠤᠳᠠ ᠶᠢᠨ 9 ᠰᠠᠷ᠎ᠠ ᠶᠢᠨ 16 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠤᠷᠢᠬᠠᠨ᠂ ᠢᠤᠢ ᠵᠢᠶᠠ) 15 ᠤ ᠡᠳᠤᠷ᠂ ᠠᠷᠪᠠᠨ ᠡᠳᠤᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠭᠰᠠᠨ 《ᠨᠢᠭᠡᠳᠤᠭ᠍ᠰᠡᠨ ᠦᠨᠳᠦᠰᠤᠨ ᠤ ᠪᠠᠢᠢᠭᠤᠯᠤᠯᠭ᠎ᠠ ᠵᠢᠨ ᠴᠦᠯᠵᠢᠯ ᠢ ᠰᠡᠷᠬᠡᠢᠢᠯᠨᠨ ᠵᠠᠰᠠᠬᠤ ᠨᠡᠢᠢᠳᠡ ᠵᠢᠨ ᠬᠡᠷ᠎ᠠ 》ᠵᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠤ ᠲᠠᠯ᠎ᠠ ᠵᠢᠨ ᠶᠡᠬᠡ ᠬᠤᠷᠠᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠳᠤ ᠬᠠᠭᠠᠯᠳᠠ ᠪᠠᠨ ᠬᠢᠯ᠎ᠠ᠃ ᠶᠡᠬᠡ ᠬᠤᠷᠠᠯ ᠳᠤ《 ᠤᠷᠳᠤᠰ ᠤᠨ ᠲᠤᠩᠬᠠᠭ》 ᠢ ᠪᠠᠭᠳᠠᠭᠠᠭᠠᠳ 5 ᠲᠦᠷᠦᠯ ᠳᠤ ᠴᠢᠬᠤᠯᠠ ᠠᠮᠵᠢᠯᠳᠠ ᠤᠯᠵᠠᠢ᠃

    ᠲᠤᠰ ᠤᠳᠠᠭᠠᠨ ᠤ ᠬᠤᠷᠠᠯ ᠳᠤ ᠤᠯᠤᠭᠰᠠᠨ ᠲᠡᠦᠬᠡᠳᠤ ᠴᠢᠨᠠᠷᠲᠠᠢ ᠠᠮᠵᠢᠯᠳᠠ ᠪᠤᠯ 《 ᠤᠷᠳᠤᠰ ᠤᠨ ᠲᠤᠩᠬᠠᠭ》 ᠢ ᠨᠡᠶᠢᠳᠡᠯᠡᠭᠰᠡᠨ ᠶᠠᠪᠤᠳᠠᠯ ᠪᠤᠯᠤᠨ᠎ᠠ᠃ ᠲᠤᠩᠬᠠᠭ ᠨᠡᠶᠢᠳᠡ 46 ᠵᠤᠷᠪᠤᠰ ᠢᠶᠡᠷ ᠪᠦᠷᠢᠯᠳᠤᠵᠡᠢ᠃ ᠲᠤᠩᠬᠠᠭ ᠲᠤ ᠴᠦᠯᠵᠢᠯ ᠢ ᠰᠡᠷᠭᠡᠢᠢᠯᠡᠨ ᠵᠠᠰᠠᠬᠤ᠂ ᠬᠦᠷᠦᠰᠦ ᠰᠢᠷᠤᠢ ᠵᠢᠨ ᠮᠠᠭᠤᠳᠠᠯ ᠢ ᠬᠤᠷᠢᠠᠠᠯᠠᠬᠤ᠂ ᠭᠠᠩ ᠬᠠᠭᠰᠠᠷᠠᠭᠠᠨ ᠢ ᠨᠠᠮᠳᠠᠭᠠᠬᠤ ᠂ ᠡᠯᠡᠰᠤᠨ ᠰᠢᠭᠤᠷᠭ᠎ᠠ ᠵᠢᠨ ᠬᠤᠤᠷ ᠬᠦᠨᠦᠭᠡᠯ ᠢ ᠪᠠᠭᠠᠰᠬᠠᠬᠤ ᠬᠢᠭᠡᠳ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ᠂ ᠠᠮᠤ ᠬᠦᠨᠡᠰᠦᠨ ᠤ ᠠᠶᠤᠯᠬᠦᠢ ᠶᠢ ᠬᠠᠮᠠᠭᠠᠯᠠᠬᠤ ᠵᠢᠨ ᠨᠢᠬᠳᠠ ᠬᠠᠷᠢᠴᠠᠭ᠎ᠠ ᠶᠢ ᠨᠤᠳᠠᠯᠠᠨ ᠵᠦᠪᠰᠢᠶᠡᠷᠡᠵᠦ᠂ ᠡᠯ᠎ᠡ ᠤᠯᠤᠰ ᠤᠨ 《 ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠡ》 ᠶᠢ ᠪᠦᠲᠦᠮᠵᠢᠲᠡᠢ ᠬᠡᠷᠡᠭᠵᠢᠬᠦᠯᠵᠤ᠂ ᠴᠦᠯᠵᠢᠯ ᠢ ᠰᠡᠷᠭᠡᠢᠢᠯᠡᠨ ᠵᠠᠰᠠᠬᠤ᠂ ᠬᠦᠷᠤᠰᠦ ᠰᠢᠷᠤᠢ ᠵᠢᠨ ᠮᠠᠭᠤᠳᠠᠯ ᠢ ᠬᠤᠷᠢᠠᠠᠯᠠᠬᠤ᠂ ᠡᠪᠳᠡᠭᠳᠡᠭᠰᠡᠨ ᠠᠮᠢ ᠠᠬᠤᠢ ᠵᠢᠨ ᠰᠢᠰᠲ᠋ᠸ᠋ᠮ ᠢ ᠰᠡᠷᠭᠦᠭᠡᠬᠦ ᠵᠡᠷᠭᠡ ᠶᠢ ᠴᠢᠩᠭ᠋ᠠᠳᠬᠠᠬᠤ ᠲᠠᠯ᠎ᠠ ᠪᠡᠷ ᠠᠮᠠᠯᠳᠠᠭᠰᠠᠨ ᠪᠠᠶᠢᠨ᠎ᠠ᠃

    ᠶᠡᠬᠡ ᠬᠤᠷᠠᠯ ᠳᠤ ᠤᠯᠤᠭᠰᠠᠨ ᠪᠤᠰᠤᠳ ᠲᠦᠷᠪᠡᠨ ᠠᠮᠵᠢᠯᠳᠠ ᠶᠢ ᠲᠤᠳᠤᠷᠠᠭᠤᠯᠪᠠᠯ᠄

    ᠨᠢᠬᠡ᠂ ᠨᠡᠢᠢᠳᠡ ᠵᠢᠨ ᠬᠡᠷ᠎ᠠ ᠵᠢᠨ 2018 - 2030 ᠤᠨ ᠪᠤᠯᠳᠠᠯᠠᠬᠢ ᠪᠠᠢᠢᠯᠳᠤᠬᠤ ᠪᠤᠳᠤᠯᠭ᠎ᠠ ᠵᠢᠨ ᠲᠦᠢᠮᠦ ᠲᠦᠰᠦᠯ ᠢ ᠪᠠᠲᠤᠯᠠᠵᠦ᠂ 2030 ᠤᠨ ᠬᠦᠷᠳᠡᠯᠡᠬᠢ ᠪᠦᠬᠦ ᠪᠦᠮᠪᠦᠷᠴᠡᠭ ᠤᠨ ᠭᠠᠵᠠᠷ ᠰᠢᠷᠤᠢ ᠵᠢᠨ ᠴᠦᠯᠵᠢᠯ ᠤᠨ ᠲᠠᠯᠠᠪᠠᠢ ᠵᠢ ᠦᠯᠦ ᠨᠡᠮᠡᠭᠳᠡᠬᠦᠯᠬᠦ ᠬᠠᠷᠠᠯᠳᠠ ᠵᠢ ᠪᠡᠶᠡᠯᠡᠬᠦᠯᠬᠦ ᠪᠠᠢᠢᠯᠳᠤᠬᠤ ᠪᠤᠳᠤᠯᠭ᠎ᠠ ᠵᠢᠨ ᠠᠷᠭ᠎ᠠ ᠵᠠᠮ᠂ ᠠᠯᠬᠤᠮ ᠲᠠᠷᠠᠭ᠎ᠠ ᠪᠠ ᠬᠢᠨᠠᠨ ᠬᠡᠮᠵᠢᠬᠦ ᠬᠦᠢᠴᠡᠳᠬᠡᠬᠦ ᠲᠤᠭ᠎ᠠ ᠵᠢ ᠲᠤᠳᠤᠷᠬᠠᠢᠢᠯᠠᠬᠰᠠᠨ ᠪᠠᠢᠢᠨ᠎ᠠ᠃ ᠢᠷᠡᠬᠦ ᠬᠤᠶᠠᠷ ᠵᠢᠯ ᠤᠨ ᠨᠡᠢᠢᠳᠡ ᠵᠢᠨ ᠬᠡᠷ᠎ᠠ ᠵᠢᠨ ᠠᠵᠢᠯ ᠤᠨ ᠲᠦᠯᠦᠪᠯᠡᠬᠡ ᠪᠠ ᠲᠦᠰᠦᠯ ᠢ ᠪᠠᠳᠤᠯᠠᠵᠦ᠂ ᠰᠢᠨᠵᠢᠯᠡᠬᠦ ᠤᠬᠠᠭᠠᠨ ᠲᠧᠭᠨᠤᠯᠤᠬᠢ᠂ ᠲᠦᠷᠦ ᠵᠢᠨ ᠪᠤᠳᠤᠯᠭ᠎ᠠ ᠵᠢᠨ ᠬᠠᠷᠢᠯᠴᠠᠭᠠᠨ ᠤ ᠲᠠᠪᠴᠠᠩ ᠤᠨ ᠠᠵᠢᠯ ᠤᠨ ᠲᠦᠯᠦᠪᠯᠡᠬᠡ ᠪᠠ ᠪᠤᠳᠠᠳᠠᠢ ᠲᠦᠰᠦᠯ ᠢ ᠲᠤᠬᠳᠠᠭᠠᠵᠦ᠂ ᠬᠡᠷ᠎ᠠ ᠬᠡᠷᠡᠭᠵᠢᠬᠦᠯᠬᠦ ᠵᠢ ᠬᠢᠨᠠᠨ ᠰᠢᠯᠭᠠᠬᠤ ᠵᠦᠪᠯᠡᠯ ᠤᠨ ᠢᠷᠡᠬᠡᠳᠦᠢ ᠵᠢᠨ ᠡᠬᠦᠷᠬᠡ ᠬᠠᠷᠢᠭᠤᠴᠠᠯᠭ᠎ᠠ᠂ ᠬᠤᠷᠠᠯ ᠤᠨ ᠲᠤᠬᠳᠠᠯᠴᠠᠭ᠎ᠠ ᠵᠢᠴᠢ ᠤᠯᠤᠰ ᠶᠢᠨ ᠮᠡᠳᠡᠬᠦᠯᠤᠯᠳᠡ ᠬᠢᠬᠦ ᠦᠶᠡᠯᠡᠯ ᠬᠤᠭᠤᠴᠠᠭ᠎ᠠ ᠪᠠ ᠱᠠᠭᠠᠷᠳᠠᠯᠭ᠎ᠠ ᠶᠢ ᠲᠤᠳᠤᠷᠬᠠᠢᠢᠯᠠᠬᠰᠠᠨ ᠪᠠᠢᠢᠨ᠎ᠠ᠃

    ᠬᠤᠶᠠᠷ᠂ 112 ᠤᠯᠤᠰ《ᠭᠠᠵᠠᠷ ᠰᠢᠷᠤᠢ ᠵᠢᠨ ᠴᠦᠯᠵᠢᠯ ᠤᠨ ᠲᠠᠯᠠᠪᠠᠢ ᠵᠢ ᠦᠯᠦ ᠨᠡᠮᠡᠭᠳᠡᠬᠦᠯᠬᠦ》ᠰᠠᠢᠢᠨ ᠲᠤᠷ᠎ᠠ ᠵᠢᠨ ᠬᠠᠷᠠᠯᠳᠠ ᠲᠤᠭᠳᠠᠭᠠᠬᠤ ᠳᠤ ᠤᠷᠤᠯᠴᠠᠬᠤ ᠪᠡᠷ ᠠᠮᠠᠯᠳᠠᠵᠠᠢ᠃ ᠪᠦᠬᠦ ᠪᠦᠮᠪᠦᠷᠴᠡᠭ ᠤᠨ ᠤᠷᠴᠢᠨ ᠲᠤᠭᠤᠷᠢᠨ ᠤ ᠹᠤᠨᠳ᠋ ᠯᠤᠭ᠎ᠠ ᠵᠢᠨ ᠬᠠᠮᠳᠤᠷᠠᠯᠴᠠᠭ᠎ᠠ ᠵᠢᠴᠢ ᠬᠡᠷ᠎ᠠ ᠵᠢ ᠬᠡᠷᠡᠭᠵᠢᠬᠦᠯᠬᠦ ᠬᠦᠷᠦᠩᠬᠡ ᠮᠦᠩᠬᠦ ᠬᠤᠷᠠᠮᠳᠤᠭᠤᠯᠬᠤ ᠰᠢᠢᠳᠪᠦᠷᠢ ᠵᠢ ᠪᠠᠲᠤᠯᠠᠵᠦ᠂ ᠬᠦᠷᠦᠰᠦ ᠰᠢᠷᠤᠢ ᠵᠢᠨ ᠴᠦᠯᠵᠢᠯ ᠤᠨ ᠲᠠᠯᠠᠪᠠᠢ ᠵᠢ ᠦᠯᠦ ᠨᠡᠮᠡᠭᠳᠡᠬᠦᠯᠬᠦ ᠹᠤᠨᠳ᠋ ᠢ ᠡᠬᠢᠯᠡᠬᠦᠯᠪᠡ᠃

    ᠭᠤᠷᠪᠠ᠂《ᠪᠦᠬᠦ ᠪᠦᠮᠪᠦᠷᠴᠡᠭ ᠤᠨ ᠴᠦᠯᠵᠢᠯ ᠢ ᠰᠡᠷᠭᠡᠢᠢᠯᠡᠨ ᠵᠠᠰᠠᠬᠤ ᠵᠠᠯᠠᠭᠤᠴᠤᠳ ᠤᠨ ᠰᠠᠨᠠᠭᠠᠴᠢᠯᠠᠭ᠎ᠠ》 ᠪᠠ ᠭᠠᠵᠠᠷ ᠰᠢᠷᠤᠢ ᠵᠢᠨ ᠲᠤᠭᠳᠠᠪᠤᠷᠢᠲᠠᠢ ᠬᠠᠮᠢᠶᠠᠷᠤᠯᠳᠠ ᠵᠢᠨ ᠠᠷᠠᠯᠵᠶᠠᠨ ᠤ ᠹᠤᠷᠦ᠋ᠮ ᠤᠨ ᠲᠤᠩᠬᠠᠭ ᠢ ᠨᠡᠢᠢᠳᠡᠯᠡᠵᠦ᠂ ᠠᠷᠠᠳ ᠤᠨ ᠵᠤᠬᠢᠶᠠᠨ ᠪᠠᠢᠢᠭᠤᠯᠤᠯᠳᠠ ᠪᠤᠯᠤᠨ ᠬᠤᠪᠢ ᠵᠢᠨ ᠡᠵᠡᠩᠨᠡᠯᠳᠡ ᠵᠢᠨ ᠰᠠᠯᠠᠭ᠎ᠠ ᠮᠦᠴᠢᠷ ᠢ ᠤᠷᠤᠯᠴᠠᠭᠤᠯᠬᠤ ᠰᠢᠢᠳᠪᠦᠷᠢ ᠶᠢ ᠪᠠᠳᠤᠯᠠᠵᠤ᠂ ᠬᠤᠪᠢ ᠵᠢᠨ ᠡᠵᠡᠩᠨᠡᠯᠳᠡ ᠵᠢᠨ ᠰᠠᠯᠠᠭ᠎ᠠ ᠮᠦᠴᠢᠷ ᠤᠨ ᠠᠯᠪᠠᠨ ᠤ ᠪᠤᠯᠤᠨ ᠬᠤᠪᠢ ᠵᠢᠨ ᠬᠠᠨᠢᠳᠠᠨ ᠤ ᠬᠠᠷᠢᠴᠠᠭ᠎ᠠ ᠪᠠᠢᠢᠭᠤᠯᠬᠤ ᠶᠢ ᠵᠢᠯᠤᠭᠤᠳᠤᠨ ᠵᠤᠷᠢᠠᠠᠵᠢᠭᠤᠯᠵᠠᠢ᠃

    ᠲᠦᠷᠪᠡ᠂ ᠴᠦᠯᠵᠢᠯ ᠪᠤᠯᠤᠨ ᠬᠦᠷᠦᠰᠦ ᠰᠢᠷᠤᠢ ᠵᠢᠨ ᠮᠠᠭᠤᠳᠠᠯ ᠢ ᠰᠡᠷᠭᠡᠢᠢᠯᠡᠨ ᠵᠠᠰᠠᠬᠤ ᠯᠤᠭ᠎ᠠ ᠨᠢᠬᠳᠠ ᠬᠠᠷᠢᠴᠠᠭ᠎ᠠ ᠲᠠᠢ ᠭᠠᠩ ᠬᠠᠭᠰᠠᠷᠠᠭᠠᠨ ᠤ ᠲᠤᠬᠠᠢ ᠲᠦᠷᠦ ᠵᠢᠨ ᠪᠤᠳᠤᠯᠭ᠎ᠠ ᠵᠢᠨ ᠰᠠᠨᠠᠭᠠᠴᠢᠯᠠᠭ᠎ᠠ᠂ ᠡᠯᠡᠰᠤᠨ ᠰᠢᠭᠤᠷᠭ᠎ᠠ ᠵᠢᠨ ᠲᠤᠬᠠᠢ ᠲᠦᠷᠦ ᠵᠢᠨ ᠪᠤᠳᠤᠯᠭ᠎ᠠ ᠵᠢᠨ ᠵᠠᠭᠪᠤᠷ ᠰᠠᠨᠠᠭᠠᠴᠢᠯᠠᠭ᠎ᠠ᠂ ᠴᠦᠯᠵᠢᠯ ᠬᠢᠭᠡᠳ ᠨᠡᠭᠦᠳᠡᠯ ᠢᠷᠭᠡᠳ᠂ ᠴᠢᠳᠠᠪᠬᠢ ᠵᠢᠨ ᠪᠠᠢᠢᠭᠤᠯᠤᠯᠳᠠ᠂ ᠬᠦᠢᠰᠦ ᠶᠢᠨ ᠢᠯᠭᠠᠯ ᠤᠨ ᠡᠷᠭᠡ ᠲᠡᠭᠰᠢ ᠪᠤᠯᠤᠨ ᠡᠷᠭᠡ ᠤᠯᠭᠤᠬᠤ ᠵᠡᠷᠭᠡ ᠰᠢᠢᠳᠪᠦᠷᠢ ᠶᠢ ᠪᠠᠳᠤᠯᠠᠵᠤ᠂ ᠡᠯ᠎ᠠ ᠤᠷᠤᠨ ᠪᠦᠰᠡ ᠵᠢᠨ ᠬᠠᠯᠠᠮᠰᠢᠯ ᠠᠰᠠᠭᠤᠳᠠᠯ ᠪᠤᠯᠤᠨ ᠬᠡᠷᠡᠭᠴᠡᠭᠡ ᠱᠠᠭᠠᠷᠳᠠᠯᠭ᠎ᠠ ᠶᠢ ᠨᠡᠩ ᠢᠯᠡᠭᠦᠦ ᠠᠩᠬᠠᠷᠴᠤ᠂ ᠪᠤᠰᠤᠳ ᠨᠡᠢᠢᠳᠡ ᠵᠢᠨ ᠭᠡᠷ᠎ᠠ ᠪᠤᠯᠤᠨ ᠤᠯᠠᠨ ᠤᠯᠤᠰ ᠤᠨ ᠵᠤᠬᠢᠶᠠᠨ ᠪᠠᠢᠢᠭᠤᠯᠤᠯᠳᠠ ᠲᠠᠢ ᠵᠤᠬᠢᠴᠠᠩᠭ᠋ᠤᠢ ᠪᠡᠷ ᠬᠠᠮᠳᠤᠷᠠᠨ ᠠᠵᠢᠯᠯᠠᠬᠤ ᠶᠢ ᠴᠢᠩ᠋ᠭᠠᠳᠬᠠᠵᠠᠢ᠃

    9 ᠰᠠᠷ᠎ᠠ ᠶᠢᠨ 6 ᠤ ᠡᠳᠤᠷ ᠨᠡᠬᠡᠬᠡᠯᠳᠡ ᠪᠡᠨ ᠬᠢᠭ᠍ᠰᠡᠨ 《 ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠡ》 ᠶᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠤ ᠲᠠᠯ᠎ᠠ ᠶᠢᠨ ᠶᠡᠬᠡ ᠬᠤᠷᠯ ᠳᠤ 190 ᠭᠠᠷᠤᠢ ᠬᠡᠷᠡᠳᠤ ᠲᠠᠯ᠎ᠠ ᠶᠢᠨ ᠵᠠᠰᠠᠭ ᠤᠨ ᠤᠷᠳᠤᠨ ᠪᠠ 20 ᠭᠠᠷᠤᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ 2000 ᠭᠠᠷᠤᠢ ᠲᠦᠯᠦᠭᠡᠯᠡᠭᠴᠢ ᠤᠷᠤᠯᠴᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121676889