ᠯᠢ ᠺᠧ ᠴᠢᠶᠠᠩ᠄ ᠤᠨᠢᠨ ᠳᠡᠭᠡᠷ᠎ᠠ ᠨᠢ ᠨᠡᠬᠦᠯᠭᠡᠬᠥ ᠠᠶᠤᠯᠬᠦᠢ ᠨᠡᠬᠦᠯᠭᠡᠬᠦ ᠢᠯᠠ ᠳᠤᠳᠤᠷᠬᠠᠢ ᠨᠡᠬᠦᠯᠭᠡᠬᠦ ᠵᠢ ᠪᠡᠶᠡᠯᠡᠬᠦᠯᠵᠦ ᠨᠢᠭᠡ ᠡᠷᠦᠭᠡ ᠵᠢ ᠨᠡᠬᠦᠯᠭᠡᠪᠡᠯ ᠨᠢᠭᠡ ᠡᠷᠦᠭᠡ ᠵᠢ ᠲᠤᠭᠳᠠᠭᠤᠨ ᠵᠢᠡᠷ ᠶᠠᠳᠠᠭᠤ ᠡᠴᠡ ᠠᠩᠬᠢᠵᠢᠷᠠᠭᠤᠯᠬᠤ ᠶᠢ ᠪᠠᠳᠤᠯᠠᠬᠤ ᠭᠡᠷᠡᠭᠲᠡᠢ 2017-09-18 12:03

    ᠯᠢ ᠺᠧ ᠴᠢᠶᠠᠩ ᠤᠯᠤᠰ ᠲᠠᠶᠠᠭᠠᠷ ᠤᠨ ᠤᠨᠳᠤᠤ ᠭᠠᠵᠠᠷ ᠲᠦ ᠨᠡᠬᠦᠯᠭᠡᠨ ᠶᠠᠳᠠᠭᠤ ᠵᠢ ᠳᠡᠳᠬᠦᠬᠦ ᠲᠤᠬᠠᠢ ᠵᠢᠨ ᠲᠠᠯᠠᠪᠠᠢ ᠵᠢᠨ ᠬᠤᠷᠠᠯ ᠳ᠋ᠦ ᠴᠢᠬᠤᠯᠠ ᠴᠤᠬᠤᠯᠠᠪᠤᠷᠢ ᠦᠭᠴᠦ ᠴᠢᠬᠤᠯᠠᠴᠢᠯᠠᠭᠰᠠᠨ ᠨᠢ

    ᠤᠨᠢᠨ ᠳᠡᠭᠡᠷ᠎ᠠ ᠨᠢ ᠨᠡᠬᠦᠯᠭᠡᠬᠥ ᠠᠶᠤᠯᠬᠦᠢ ᠨᠡᠬᠦᠯᠭᠡᠬᠦ ᠢᠯᠠ ᠳᠤᠳᠤᠷᠬᠠᠢ ᠨᠡᠬᠦᠯᠭᠡᠬᠦ ᠵᠢ ᠪᠡᠶᠡᠯᠡᠬᠦᠯᠵᠦ ᠨᠢᠭᠡ ᠡᠷᠦᠭᠡ ᠵᠢ ᠨᠡᠬᠦᠯᠭᠡᠪᠡᠯ ᠨᠢᠭᠡ ᠡᠷᠦᠭᠡ ᠵᠢ ᠲᠤᠭᠳᠠᠭᠤᠨ ᠵᠢᠡᠷ ᠶᠠᠳᠠᠭᠤ ᠡᠴᠡ ᠠᠩᠬᠢᠵᠢᠷᠠᠭᠤᠯᠬᠤ ᠶᠢ ᠪᠠᠳᠤᠯᠠᠬᠤ ᠭᠡᠷᠡᠭᠲᠡᠢ

    ᠸᠠᠩ ᠶᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

    ᠰᠢᠨᠬᠤᠸᠠ ᠬᠤᠷᠢᠶ᠎ᠠ ᠴᠧᠩᠳᠦ᠋ ᠵᠢᠨ 9 ᠰᠠᠷ᠎ᠠ ᠵᠢᠨ 17 ᠤ ᠡᠳᠤᠷ ᠤᠨ ᠴᠠᠬᠢᠯᠭᠠᠨ ᠮᠡᠳᠡᠭᠡ  ᠤᠯᠤᠰ ᠲᠠᠶᠠᠭᠠᠷ ᠤᠨ ᠤᠨᠳᠤᠤ ᠭᠠᠵᠠᠷ ᠨᠡᠬᠦᠯᠭᠡᠨ ᠶᠠᠳᠠᠭᠤ ᠵᠢ ᠳᠡᠳᠬᠦᠬᠦ ᠲ᠋ᠤᠬᠠᠢ ᠵᠢᠨ ᠲ᠋ᠠᠯᠠᠪᠠᠢ ᠵᠢᠨ ᠬᠤᠷᠠᠯ 9 ᠰᠠᠷ᠎ᠠ ᠵᠢᠨ 16 ᠡᠴᠡ 17 ᠤ ᠡᠳᠦᠷ ᠪᠤᠯᠳᠠᠯ᠎ᠠ ᠰᠸ᠋ᠴᠤᠸᠠᠨ ᠮᠤᠵᠢ ᠵᠢᠨ ᠳ᠋ᠠ ᠵᠧᠦ ᠬᠤᠳᠠ ᠳ᠋ᠦ ᠬᠤᠷᠠᠯᠳᠤᠵᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲ᠋ᠤᠪᠴᠢᠶᠠᠨ ᠤ ᠪᠠᠢᠢᠩᠭ᠋ᠤ ᠶᠢᠨ ᠭᠡᠰᠢᠬᠦᠨ᠂ ᠲᠦᠷᠦ ᠵᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠢᠢᠳ ᠯᠢ ᠺᠧ ᠴᠢᠶᠠᠩ ᠴᠢᠬᠤᠯᠠ ᠴᠤᠬᠤᠯᠠᠪᠤᠷᠢ ᠦᠭᠴᠠᠢ᠃ ᠴᠤᠬᠤᠯᠠᠪᠤᠷᠢ ᠳ᠋ᠦ᠄ ᠤᠨᠳᠤᠤ ᠭᠠᠵᠠᠷ ᠨᠡᠬᠦᠯᠭᠡᠨ ᠶᠠᠳᠠᠭᠤ ᠵᠢ ᠳᠡᠳᠬᠦᠬᠦ ᠪᠤᠯ ᠬᠠᠩᠭᠠᠯᠭ᠎ᠠ ᠵᠢᠨ ᠲ᠋ᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠠ ᠵᠢ ᠠᠬᠢᠭᠤᠯᠬᠤ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠬᠦᠭ᠍ᠵᠢᠯᠳᠠ ᠵᠢᠨ ᠲ᠋ᠤᠳᠠᠭᠤᠳᠠᠯ ᠢ ᠨᠦᠬᠦᠪᠦᠷᠢᠯᠡᠬᠦ᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠲ᠋ᠠᠢᠢᠯᠠᠯᠳᠤᠭᠠᠨ ᠳ᠋ᠦ ᠢᠯᠠᠯᠳᠠ ᠤᠯᠬᠤ ᠴᠢᠬᠤᠯᠠ ᠭᠠᠷᠳᠠᠴᠠ ᠮᠦᠨ᠃ ᠡᠯ᠎ᠠ ᠭᠠᠵᠠᠷ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠠᠮ ᠤᠨ ᠲ᠋ᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠦ ᠪᠤᠳᠤᠯᠭ᠎ᠠ ᠪᠠᠢᠢᠷᠢᠯᠠᠭᠤᠯᠤᠯᠳᠠ ᠶᠤᠰᠤᠭᠠᠷ᠂ ᠲᠦᠯᠦᠪᠵᠢᠬᠦᠯᠵᠦ ᠪᠦᠳᠦᠭᠡᠨ ᠪᠠᠢᠢᠭᠤᠯᠬᠤ᠂ ᠨᠡᠬᠦᠯᠭᠡᠨ ᠲᠦᠪᠬᠢᠨᠡᠬᠦᠯᠬᠦ᠂ ᠠᠵᠢᠯ ᠤᠯᠭᠤᠵᠦ ᠲ᠋ᠤᠬᠢᠷᠠᠭᠤᠯᠬᠤ᠂ ᠲᠠᠷᠠᠭᠠᠴᠢ ᠶᠢᠨ ᠬᠦᠭ᠍ᠵᠢᠯᠳᠠ ᠵᠡᠷᠭᠡ ᠲ᠋ᠠᠯ᠎ᠠ ᠪᠡᠷ ᠶᠡᠭᠡ ᠭᠡᠮᠵᠢᠶᠡᠨ ᠤ ᠠᠵᠢᠯ ᠬᠢᠵᠦ᠂ ᠨᠡᠬᠦᠯᠭᠡᠨ ᠪᠦᠳᠦᠭᠡᠨ ᠪᠠᠢᠢᠭᠤᠯᠬᠤ ᠡᠬᠦᠷᠭᠡ ᠵᠢ ᠬᠠᠭᠠᠰ ᠡᠴᠡ ᠳᠡᠭᠡᠭ᠍ᠰᠢᠬᠢ ᠵᠢ ᠨᠢᠬᠡᠨᠳᠡ ᠪᠡᠶᠡᠯᠡᠬᠦᠯᠵᠤ᠂ ᠦᠷ᠎ᠠ ᠪᠦᠳᠦᠮᠵᠢ ᠳ᠋ᠦ ᠨᠤᠳᠠᠯᠠᠯᠳᠠ ᠦᠭ᠍ᠪᠡᠯ ᠵᠤᠬᠢᠨ᠎ᠠ᠃ ᠶᠡᠷᠦᠩᠭᠡᠢ ᠱᠦᠵᠢ ᠰᠢ ᠵᠢᠨ ᠫᠢᠩ ᠤᠨ ᠴᠤᠪᠤᠷᠠᠯ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠬᠤ ᠲᠦᠷᠦ ᠪᠠᠷᠢᠬᠤ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠭᠡᠢ ᠲ᠋ᠤᠤᠱᠯᠠᠭᠤᠯᠵᠦ᠂ ᠡᠬᠦᠷᠭᠡᠳᠦ ᠤᠬᠠᠮᠰᠠᠷ᠂ ᠬᠠᠷᠢᠭᠤᠴᠠᠯᠭᠠᠳᠦ ᠰᠡᠳᠬᠢᠯᠭᠡ᠂ ᠲ᠋ᠤᠯᠭᠠᠮ᠎ᠠ ᠰᠡᠳᠬᠢᠯᠭᠡ ᠵᠢ ᠴᠢᠨᠠᠭᠰᠢᠳᠠ ᠴᠢᠩ᠋ᠶᠠᠳᠬᠠᠵᠦ᠂ ᠦᠨᠳᠦᠰᠦᠨ ᠱᠠᠳᠤᠨ ᠤ ᠺᠠᠳ᠋ᠷ ᠤᠯᠠᠨ ᠲ᠋ᠦᠮᠡᠨ ᠤ ᠢᠳᠡᠪᠬᠢᠵᠢᠯ᠂ ᠰᠠᠨᠠᠭᠠᠴᠢᠯᠠᠭᠠᠳᠦ ᠴᠢᠨᠠᠷ ᠪᠠ ᠪᠦᠳᠦᠭᠡᠯᠴᠢ ᠴᠢᠨᠠᠷ ᠢ ᠬᠦᠢᠴᠡᠳ ᠪᠠᠳᠠᠷᠠᠭᠤᠯᠵᠦ᠂ ᠨᠡᠬᠦᠯᠭᠡᠬᠦ ᠭᠡᠪᠴᠢᠶ᠎ᠠ ᠪᠠ ᠠᠬᠢᠴᠠ ᠵᠢ ᠵᠤᠬᠢᠰᠳᠠᠢ ᠲ᠋ᠤᠬᠢᠷᠠᠭᠤᠯᠵᠦ᠂ ᠢᠨᠵᠸ᠋ᠨ᠋ᠸ᠋ᠷᠢᠩ ᠤᠨ ᠶᠠᠰᠤ ᠴᠢᠨᠠᠷ ᠢ ᠴᠢᠨᠭᠭ᠎ᠠ ᠠᠳᠬᠤᠵᠦ᠂ ᠪᠡᠯᠡ ᠮᠦᠩᠬᠦ ᠵᠢᠨ ᠲ᠋ᠦᠷᠦᠯ ᠵᠦᠢᠯ ᠤᠨ ᠬᠠᠮᠢᠶᠠᠷᠤᠯᠳᠠ ᠵᠢ ᠲᠦᠷᠢᠮᠵᠢᠬᠦᠯᠵᠦ᠂ ᠤᠨᠢᠨ ᠳᠡᠭᠡᠷ᠎ᠠ ᠨᠢ ᠨᠡᠬᠦᠯᠭᠡᠬᠦ᠂ ᠠᠶᠤᠯᠬᠦᠢ ᠨᠡᠬᠦᠯᠭᠡᠬᠦ᠂ ᠢᠯᠠ ᠳᠤᠳᠤᠷᠬᠠᠢ ᠨᠡᠬᠦᠯᠭᠡᠬᠦ ᠵᠢ ᠪᠡᠶᠡᠯᠡᠬᠦᠯᠬᠦ ᠭᠡᠷᠡᠭᠲᠡᠢ᠃ ᠳᠤᠳᠤᠭᠠᠳᠦ ᠬᠦᠳᠡᠯᠭᠡᠬᠦ ᠬᠦᠴᠦ ᠵᠢ ᠪᠤᠢᠢᠵᠢᠭᠤᠯᠬᠤ ᠳ᠋ᠦ ᠠᠩᠬᠠᠷᠤᠯ ᠲᠦᠪᠯᠡᠷᠡᠬᠦᠯᠵᠦ᠂ ᠡᠯ᠎ᠠ ᠭᠠᠵᠠᠷ ᠤᠨ ᠪᠤᠳᠠᠳᠠᠢ ᠪᠠᠢᠢᠳᠠᠯ ᠲ᠋ᠠᠢ ᠤᠶᠠᠯᠳᠤᠭᠤᠯᠤᠨ ᠨᠡᠬᠦᠯᠭᠡᠭ᠍ᠰᠡᠨ ᠤᠯᠠᠨ ᠲᠦᠮᠡᠨ ᠤ ᠲᠠᠷᠠᠭᠠᠴᠢ ᠶᠢᠨ ᠠᠵᠤ ᠦᠢᠯᠡᠰ ᠤᠨ ᠬᠦᠭ᠍ᠵᠢᠯᠳᠠ ᠪᠠ ᠠᠵᠢᠯ ᠤᠯᠭᠤᠵᠦ ᠤᠷᠤᠯᠭ᠎ᠠ ᠨᠡᠮᠡᠭᠳᠡᠬᠦᠯᠬᠦ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠨᠢᠭᠡ ᠡᠷᠦᠭᠡ ᠵᠢ ᠨᠡᠬᠦᠯᠭᠡᠪᠡᠯ ᠨᠢᠭᠡ ᠡᠷᠦᠭᠡ ᠵᠢ ᠲ᠋ᠤᠭᠳᠠᠭᠤᠨ ᠵᠢᠡᠷ ᠶᠠᠳᠠᠭᠤ ᠡᠴᠡ ᠠᠩᠬᠢᠵᠢᠷᠠᠭᠤᠯᠬᠤ ᠵᠢ ᠪᠠᠳᠤᠯᠠᠵᠦ᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠲ᠋ᠠᠢᠢᠯᠠᠯᠳᠤᠭᠠᠨ ᠳ᠋ᠦ ᠢᠯᠠᠯᠳᠠ ᠤᠯᠬᠤ᠂ ᠴᠢᠨᠡᠭᠡᠯᠢᠭ᠌᠌ ᠨᠡᠢᠢᠭᠡᠮ ᠢ ᠪᠦᠬᠦ ᠲ᠋ᠠᠯ᠎ᠠ ᠪᠡᠷ ᠪᠡᠶᠡᠯᠡᠬᠦᠯᠬᠦ ᠳ᠋ᠦ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃

    ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠢᠢᠳ᠂ ᠲᠦᠷᠦ ᠵᠢᠨ ᠶᠠᠪᠤᠳᠠᠯ ᠤᠨ ᠬᠤᠷᠢᠶᠠᠨ ᠤ ᠶᠠᠳᠠᠭᠤ ᠵᠢ ᠳᠡᠳᠬᠦᠵᠦ ᠨᠡᠭᠡᠭᠡᠨ ᠬᠦᠭ᠍ᠵᠢᠬᠦᠯᠬᠦ ᠤᠳᠤᠷᠢᠳᠬᠤ ᠲ᠋ᠤᠭᠤᠢᠢᠯᠠᠩ ᠤᠨ ᠳᠠᠷᠤᠭ᠎ᠠ ᠸᠠᠩ ᠶᠠᠩ ᠬᠤᠷᠠᠯ ᠳ᠋ᠦ ᠤᠷᠤᠯᠴᠠᠵᠦ ᠶᠠᠷᠢᠶ᠎ᠠ ᠲ᠋ᠠᠯᠪᠢᠪᠠ᠃ ᠲ᠋ᠡᠷᠡ᠂ ᠶᠡᠷᠦᠩᠭᠡᠢ ᠱᠦᠵᠢ ᠰᠢ ᠵᠢᠨ ᠫᠢᠩ ᠤᠨ ᠶᠠᠳᠠᠭᠤ ᠵᠢ ᠳᠡᠳᠬᠦᠵᠦ ᠨᠡᠭᠡᠭᠡᠨ ᠬᠦᠭ᠍ᠵᠢᠬᠦᠯᠬᠦ ᠴᠢᠬᠤᠯᠠ ᠪᠠᠢᠢᠯᠳᠤᠬᠤ ᠪᠤᠳᠤᠯᠭ᠎ᠠ ᠵᠢᠨ ᠦᠵᠡᠯ ᠰᠠᠨᠠᠭ᠎ᠠ ᠵᠢ ᠬᠦᠨᠵᠡᠭᠡᠢ ᠲ᠋ᠤᠤᠱᠯᠠᠭᠤᠯᠵᠦ᠂ ᠶᠡᠷᠦᠩᠭᠡᠢ ᠰᠠᠢᠢᠳ ᠯᠢ ᠺᠧ ᠴᠢᠶᠠᠩ ᠤᠨ ᠴᠢᠬᠤᠯᠠ ᠴᠤᠬᠤᠯᠠᠪᠤᠷᠢ ᠵᠢᠨ ᠱᠠᠭᠠᠷᠳᠠᠯᠭ᠎ᠠ ᠵᠢ ᠨᠠᠢᠢᠳᠠᠪᠤᠷᠢᠵᠢᠭᠤᠯᠵᠦ᠂ ᠲ᠋ᠤᠭᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ᠌᠌ ᠠᠶᠠᠰ ᠢ ᠪᠠᠷᠢᠮᠳᠠᠯᠠᠵᠦ᠂ ᠨᠡᠬᠦᠯᠭᠡᠬᠦ ᠲᠦᠷᠦ ᠵᠢᠨ ᠪᠤᠳᠤᠯᠭ᠎ᠠ ᠵᠢ ᠲᠦᠪ ᠴᠢᠩᠭ᠋᠎ᠠ ᠭᠡᠷᠡᠭᠵᠢᠬᠦᠯᠵᠦ᠂ ᠲᠠᠷᠠᠭᠠᠴᠢ ᠶᠢᠨ ᠬᠠᠪᠰᠤᠷᠤᠨ ᠳᠡᠳᠬᠦᠬᠦ ᠠᠷᠭ᠎ᠠ ᠭᠡᠮᠵᠢᠶ᠎ᠠ ᠵᠢ ᠴᠢᠩ᠋ᠭᠠᠷᠠᠭᠤᠯᠵᠦ᠂ ᠠᠶᠤᠯ ᠲ᠋ᠦᠭᠰᠢᠬᠦᠷᠢ ᠭᠡᠮ ᠰᠤᠭᠤᠭ ᠢ ᠰᠡᠷᠭᠡᠢᠢᠯᠡᠨ ᠡᠵᠡᠮᠳᠡᠬᠦ ᠲ᠋ᠠᠯ᠎ᠠ ᠪᠡᠷ ᠬᠦᠴᠦᠯᠡᠵᠦ᠂ ᠤᠨᠳᠤᠤ ᠭᠠᠵᠠᠷ ᠨᠡᠬᠦᠯᠭᠡᠨ ᠶᠠᠳᠠᠭᠤ ᠶᠢ ᠳᠡᠳᠬᠦᠬᠦ ᠠᠵᠢᠯ ᠤᠨ ᠶᠠᠰᠤ ᠴᠢᠨᠠᠷ ᠢ ᠦᠨᠡᠨᠬᠦ ᠳᠡᠭᠡᠭ᠍ᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120691121681408