ᠰᠢ ᠵᠢᠨ ᠫᠢᠩ ᠠᠮᠧᠷᠢᠺᠠ ᠵᠢᠨ ᠶᠡᠷᠦᠩᠭᠡᠢᠢᠯᠡᠭᠴᠢ ᠲᠷᠠᠮᠫ ᠲᠠᠢ ᠤᠳᠠᠰᠤ ᠪᠡᠷ ᠶᠠᠷᠢᠯᠴᠠᠪᠠ 2017-09-19 10:41

    ᠰᠢᠨᠬᠤᠸᠠ ᠬᠤᠷᠢᠶ᠎ᠠ ᠪᠡᠭᠡᠵᠢᠩ ᠤᠨ 9 ᠰᠠᠷ᠎ᠠ ᠶᠢᠨ 18 ᠤ ᠡᠳᠤᠷ ᠤᠨ ᠴᠠᠬᠢᠯᠭᠠᠨ ᠮᠡᠳᠡᠬᠡ   ᠤᠯᠤᠰ ᠤᠨ ᠲᠡᠷᠢᠬᠦᠯᠡᠭᠴᠢ ᠰᠢ ᠵᠢᠨ ᠫᠢᠩ 18 ᠤ ᠡᠳᠤᠷ ᠠᠮᠧᠷᠢᠺᠠ ᠵᠢᠨ ᠶᠡᠷᠦᠩᠭᠡᠢᠢᠯᠡᠭᠴᠢ ᠲᠷᠠᠮᠫ ᠲᠠᠢ ᠤᠳᠠᠰᠤ ᠪᠡᠷ ᠶᠠᠷᠢᠯᠴᠠᠵᠠᠢ᠃

    ᠲᠷᠠᠮᠫ ᠶᠠᠭᠤᠨ ᠤ ᠡᠮᠦᠨ᠎ᠡ᠂ ᠠᠮᠧᠷᠢᠺᠠ ᠳᠤᠮᠳᠠᠳᠤ ᠬᠤᠶᠠᠷ ᠤᠯᠤᠰ ᠤᠨ ᠲᠡᠷᠢᠬᠦᠨ ᠨᠢᠬᠳᠠ ᠤᠶᠢᠯᠠᠭᠠᠯᠴᠠᠭ᠎ᠠ ᠪᠤᠯᠤᠨ ᠰᠠᠢᠢᠨ ᠰᠠᠢᠢᠬᠠᠨ ᠠᠵᠢᠯ ᠤᠨ ᠬᠠᠷᠢᠯᠴᠠᠭ᠎ᠠ ᠪᠡᠨ ᠪᠠᠳᠤᠯᠠᠵᠤ ᠪᠠᠶᠢᠬᠤ ᠨᠢ ᠮᠠᠰᠢ ᠪᠠᠶᠠᠷᠯᠠᠭᠤᠰᠢᠳᠠᠢ ᠶᠠᠪᠤᠳᠠᠯ᠃ ᠡᠨᠡ ᠵᠢᠯ ᠠᠮᠧᠷᠢᠺᠠ ᠳᠤᠮᠳᠠᠳᠤ ᠳ᠋ᠦ ᠴᠦᠮ ᠤᠯᠤᠰ ᠤᠨ ᠳᠤᠳᠤᠭᠠᠳᠦ ᠵᠢᠨ ᠴᠢᠬᠤᠯᠠ ᠠᠵᠢᠯᠯᠠᠭ᠎ᠠ ᠶᠢᠨ ᠬᠦᠳᠦᠯᠪᠦᠷᠢ ᠲᠠᠢ ᠪᠤᠯᠬᠤᠷ ᠡᠳᠡᠭᠡᠷ ᠠᠵᠢᠯᠯᠠᠭ᠎ᠠ ᠤᠳ ᠤᠨ ᠤᠷᠤᠭᠰᠢᠲᠠᠢ ᠶᠠᠪᠤᠭᠳᠠᠬᠤ ᠶᠢ ᠬᠦᠰᠡᠵᠦ ᠪᠠᠢᠢᠨ᠎ᠠ᠃ ᠪᠢ ᠤᠳᠠᠯ ᠦᠭᠡᠢ ᠳᠤᠮᠳᠠᠳᠤ ᠤᠯᠤᠰ ᠲᠦ ᠲᠦᠷᠦ ᠵᠢᠨ ᠠᠢᠢᠯᠴᠢᠯᠠᠯ ᠬᠢᠬᠦ ᠪᠠᠨ ᠮᠠᠰᠢ ᠬᠦᠰᠡᠨ ᠬᠦᠯᠢᠶᠡᠵᠤ ᠪᠠᠢᠢᠨ᠎ᠠ᠂ ᠲᠤᠰ ᠤᠳᠠᠭᠠᠨ ᠤ ᠠᠢᠢᠯᠴᠢᠯᠠᠯᠳᠠ ᠮᠠᠨᠢ ᠠᠮᠧᠷᠢᠺᠠ ᠳᠤᠮᠳᠠᠳᠤ ᠵᠢᠨ ᠬᠠᠷᠢᠯᠴᠠᠭᠠᠨ ᠤ ᠬᠦᠭᠵᠢᠯᠳᠡ ᠶᠢ ᠠᠬᠢᠭᠤᠯᠤᠨ᠎ᠠ ᠭᠡᠳᠡᠭ ᠲᠤ ᠢᠳᠡᠬᠡᠯ ᠲᠠᠢ ᠪᠠᠶᠢᠨ᠎ᠠ ᠭᠡᠪᠡ᠃

    ᠰᠢ ᠵᠢᠨ ᠫᠢᠩ᠂ ᠶᠡᠷᠦᠩᠭᠡᠢᠢᠯᠡᠭᠴᠢ ᠠᠪᠤᠭᠠᠢ ᠲᠠᠢ ᠬᠠᠮᠳᠦ ᠪᠡᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠪᠠᠢᠢᠩᠭᠤ ᠵᠢᠨ ᠴᠢᠨᠠᠷᠳᠠᠢ ᠤᠢᠢᠯᠠᠭᠠᠯᠴᠠᠭ᠎ᠠ ᠤᠯᠤᠯᠴᠠᠭ᠎ᠠ ᠬᠢᠵᠤ ᠪᠠᠢᠢᠭ᠎ᠠ ᠳ᠋ᠠᠭᠠᠨ ᠮᠠᠰᠢ ᠪᠠᠶᠠᠷᠳᠠᠢ ᠪᠠᠢᠢᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠦᠷᠭᠡᠨ ᠬᠡᠪᠴᠢᠶᠡᠨ ᠳ᠋ᠡᠬᠢ ᠬᠠᠮᠳᠦ ᠵᠢᠨ ᠠᠰᠢᠬ ᠲᠤᠰᠠ ᠲᠠᠢ᠂ ᠤᠳᠤᠬᠠᠨ ᠳᠦ ᠡᠯ᠎ᠠ ᠬᠦᠷᠢᠶᠡᠨ ᠳ᠋ᠡᠬᠢ ᠰᠤᠯᠢᠯᠴᠠᠭ᠎ᠠ ᠪᠤᠯᠤᠨ ᠬᠠᠮᠳᠤᠷᠠᠯᠴᠠᠭᠠᠨ ᠤ ᠪᠠᠶᠢᠳᠠᠯ ᠰᠠᠢᠢᠨ ᠪᠠᠢᠢᠨ᠎ᠠ᠃

    ᠬᠤᠶᠠᠷ ᠲᠠᠯ᠎ᠠ ᠪᠡᠷ ᠢᠶᠡᠨ ᠳᠡᠭᠡᠳᠦ ᠲᠡᠪᠬᠤᠷᠭ᠎ᠠ ᠵᠢᠴᠢ ᠡᠯ᠎ᠠ ᠲᠠᠪᠬᠤᠷᠭ᠎ᠠ ᠵᠢᠨ ᠶᠠᠪᠤᠯᠴᠠᠭ᠎ᠠ ᠪᠡᠨ ᠴᠢᠩᠭᠠᠳᠬᠠᠵᠦ᠂ ᠠᠩᠬᠠᠳᠤᠭᠠᠷ ᠡᠭᠡᠯᠵᠢ ᠵᠢᠨ ᠳᠤᠮᠳᠠᠳᠤ ᠠᠮᠧᠷᠢᠺᠠ ᠵᠢᠨ ᠨᠡᠢᠢᠭᠡᠮ ᠪᠠ ᠰᠤᠶᠤᠯ ᠢᠷᠭᠡᠨᠰᠢᠯ ᠤᠨ ᠶᠠᠷᠢᠯᠴᠠᠯᠭ᠎ᠠ᠂ ᠬᠠᠤᠯᠢ ᠭᠡᠷᠡᠭᠵᠢᠬᠦᠯᠬᠦ ᠵᠢᠴᠢ ᠢᠨᠲ᠋ᠧᠷᠨᠧᠷᠲ ᠤᠨ ᠠᠶᠤᠯᠬᠦᠢ ᠶᠢᠨ ᠲᠤᠬᠠᠢ ᠶᠠᠷᠢᠯᠴᠠᠯᠭ᠎ᠠ ᠵᠢ ᠰᠠᠢᠢᠳᠤᠷ ᠡᠷᠬᠢᠯᠡᠵᠦ᠂ ᠬᠤᠶᠠᠷ ᠤᠯᠤᠰ ᠤᠨ ᠡᠯ᠎ᠠ ᠬᠦᠷᠢᠶᠡᠨ ᠳ᠋ᠡᠬᠢ ᠬᠠᠮᠳᠤᠷᠠᠯᠴᠠᠭ᠎ᠠ ᠪᠡᠨ ᠦᠷᠭᠡᠳᠭᠡᠶ᠎ᠠ᠃ ᠳᠤᠮᠳᠠᠳᠤ ᠵᠢᠨ ᠲᠠᠯ᠎ᠠ ᠶᠡᠷᠦᠩᠭᠡᠢᠢᠯᠡᠭᠴᠢ ᠠᠪᠤᠭᠠᠢ ᠵᠢᠨ ᠡᠨᠡ ᠵᠢᠯ ᠤᠨ ᠳᠤᠳᠤᠷ᠎ᠠ ᠳᠤᠮᠳᠠᠳᠤ ᠤᠯᠤᠰ ᠲᠦ ᠲᠦᠷᠦ ᠵᠢᠨ ᠠᠢᠢᠯᠴᠢᠯᠠᠯ ᠬᠢᠬᠦ ᠪᠤᠯᠤᠬᠰᠠᠨ ᠢ ᠴᠢᠬᠤᠯᠠᠴᠢᠯᠠᠵᠤ᠂ ᠬᠤᠶᠠᠷ ᠲᠠᠯ᠎ᠠ ᠪᠡᠷ ᠶᠢᠡᠨ ᠨᠢᠬᠳᠠ ᠬᠠᠮᠳᠤᠷᠠᠯᠴᠠᠨ ᠲᠤᠰ ᠤᠳᠠᠭᠠᠨ ᠤ ᠠᠢᠢᠯᠴᠢᠯᠠᠯᠳᠠ ᠵᠢᠨ ᠡᠯᠪᠡᠭ᠌ ᠦᠷ᠎ᠡ ᠪᠦᠳᠦᠭᠡᠯ ᠤᠯᠬᠤ ᠵᠢ ᠪᠠᠳᠤᠯᠠᠵᠦ᠂ ᠳᠤᠮᠳᠠᠳᠤ ᠠᠮᠧᠷᠢᠺᠠ ᠵᠢᠨ ᠬᠠᠷᠢᠯᠴᠠᠭᠠᠨ ᠤ ᠬᠦᠭᠵᠢᠯᠳᠠ ᠳ᠋ᠦ ᠰᠢᠨ᠎ᠡ ᠬᠦᠳᠡᠯᠭᠡᠬᠦ ᠬᠦᠴᠦᠨ ᠨᠡᠮᠡᠷᠢᠯᠡᠶ᠎ᠡ ᠭᠡᠵᠦ ᠴᠢᠬᠤᠯᠠᠴᠢᠯᠠᠵᠠᠢ᠃

    ᠰᠢ ᠵᠢᠨ ᠫᠢᠩ᠂ ᠠᠮᠧᠷᠢᠺᠠ ᠤᠢᠢᠷ᠎ᠠ ᠵᠢᠨ ᠡᠳᠦᠷ ᠵᠠᠯᠭᠠᠪᠡᠷ ᠰᠢᠷᠦᠬᠦᠨ ᠰᠡᠯᠬᠢᠨ ᠤ ᠳᠠᠭᠠᠷᠢᠯᠳᠠ ᠳ᠋ᠦ ᠤᠴᠠᠷᠠᠭᠰᠠᠨ ᠲᠤᠬᠠᠢ ᠲᠷᠠᠮᠫ ᠵᠢᠴᠢ ᠲᠡᠬᠦᠨ ᠵᠢᠡᠷ ᠳᠠᠮᠵᠢᠭᠤᠯᠤᠨ ᠠᠮᠸ᠋ᠷᠢᠺᠠ ᠵᠢᠨ ᠠᠷᠠᠳ ᠲᠦᠮᠡᠨ ᠢ ᠲᠤᠬᠤᠨᠢᠭᠤᠯᠵᠦ ᠪᠠᠢᠢᠬᠤ ᠪᠡᠨ ᠢᠯᠡᠳᠭᠡᠵᠡᠢ ᠃ ᠲᠷᠠᠮᠫ ᠮᠦᠨ ᠡᠬᠦᠨ ᠳ᠋ᠦ ᠲᠠᠯᠠᠷᠬᠠᠯ ᠢᠶᠡᠨ ᠢᠯᠡᠳᠭᠡᠪᠡ᠃

    ᠬᠤᠶᠠᠷ ᠤᠯᠤᠰ ᠤᠨ ᠲᠡᠷᠢᠬᠦᠨ ᠤᠳᠤᠬᠠᠨ ᠤ ᠰᠤᠯᠤᠩᠭᠤᠰ ᠬᠤᠢᠢᠭ ᠤᠨ ᠪᠠᠢᠢᠳᠠᠯ ᠤᠨ ᠲᠤᠬᠠᠢ ᠦᠵᠡᠯᠳᠠ ᠪᠡᠨ ᠰᠤᠯᠢᠯᠴᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120691121686717