ᠳᠤᠮᠳᠠᠳᠤ ᠤᠯᠤᠰ ᠤᠨ ᠥᠪᠡᠷ ᠢᠶᠡᠨ ᠥᠢᠯᠡᠳᠦᠭᠰᠡᠨ ᠲᠤᠮᠤ ᠵᠠᠬᠪᠤᠷ ᠤᠨ ᠠᠶᠠᠨᠴᠢᠳ ᠤᠨ ᠨᠢᠰᠬᠦ ᠤᠩ᠌ᠭᠤᠴᠠ C919 ᠰᠢᠨ᠎ᠠ ᠵᠠᠬᠢᠶᠠᠯᠠᠭ᠎ᠠ ᠤᠯᠪᠠ 2017-09-20 10:40

    ᠰᠢᠨᠬᠤᠧᠠ ᠬᠤᠷᠢᠶ᠎ᠠ ᠱᠠᠩᠬᠠᠢ ᠶᠢᠨ 9 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠬᠴᠢ ᠵᠢᠶᠠ ᠶᠤᠧᠠᠨ ᠺᠦᠨ) ᠰᠤᠷᠪᠤᠯᠵᠢᠯᠠᠬᠴᠢ ᠳᠤᠮᠳᠠᠳᠤ ᠤᠯᠤᠰ ᠤᠨ ᠱᠠᠩ ᠹᠧᠢ ᠺᠤᠮᠫᠠᠨᠢ  ᠡᠴᠡ ᠤᠶᠢᠯᠠᠭᠠᠭᠰᠠᠨ ᠢᠶᠡᠷ᠂ 9 ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠱᠠᠩ ᠹᠧᠢ ᠺᠤᠮᠫᠠᠨᠢ ᠠᠷᠪᠠᠨ ᠳᠤᠯᠤᠳᠤᠭᠠᠷ ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠠᠭᠠᠷ ᠠᠶᠠᠯᠠᠯ ᠤᠨ ᠦᠵᠡᠰᠭᠦᠯᠡᠩ ᠳᠤ 130 ᠨᠢᠰᠬᠦ ᠤᠩᠭᠤᠴᠠᠨ ᠤ ᠵᠠᠬᠢᠶᠠᠯᠠᠭ᠎ᠠ ᠤᠯᠪᠠ᠃ C919 ᠲᠤᠮᠤ ᠵᠠᠬᠪᠤᠷ ᠤᠨ ᠠᠶᠠᠨᠴᠢᠳ ᠤᠨ ᠨᠢᠰᠬᠦ ᠤᠩ᠌ᠭᠤᠴᠠ 27 ᠬᠡᠷᠡᠭᠯᠡᠭᠴᠢ ᠨᠢᠭᠡᠴᠡ ᠶᠢᠨ ᠲᠠᠭᠠᠰᠢᠶᠠᠯ ᠳᠤ ᠬᠦᠷᠴᠤ᠂ ᠨᠡᠶᠢᠲᠠ 730 ᠨᠢᠰᠬᠦ ᠤᠩ᠌ᠭᠤᠴᠠᠨ ᠤ ᠵᠠᠬᠢᠶᠠᠯᠠᠭ᠎ᠠ ᠲᠠᠢ ᠪᠤᠯᠤᠭᠰᠠᠨ ᠪᠠᠶᠢᠨ᠎ᠠ᠃

    C919 ᠪᠤᠯ ᠮᠠᠨ ᠤ ᠤᠯᠤᠰ ᠤᠨ ᠠᠩᠬᠠᠳᠠᠬᠴᠢ ᠤᠯᠠᠨ ᠤᠯᠤᠰ ᠤᠨ ᠪᠠᠷᠢᠮᠵᠢᠶ᠎ᠠ ᠪᠡᠷ ᠰᠤᠳᠤᠯᠤᠨ ᠥᠢᠯᠡᠳᠦᠭᠰᠡᠨ᠂ ᠤᠶᠤᠨ ᠤ ᠦᠮᠴᠢ ᠶᠢᠨ ᠡᠷᠭᠡ ᠲᠠᠢ ᠲᠤᠮᠤ ᠵᠠᠬᠪᠤᠷ ᠤᠨ ᠠᠶᠠᠨᠴᠢᠳ ᠤᠨ ᠨᠢᠰᠬᠦ ᠤᠩ᠌ᠭᠤᠴᠠ ᠶᠤᠮ᠃ 2017 ᠤᠨ ᠤ 5 ᠰᠠᠷ᠎ᠠ ᠶᠢᠨ 5  ᠤ ᠡᠳᠦᠷ᠂ C919 ᠨᠢᠰᠬᠦ ᠤᠩᠭ᠋᠋ᠤᠴᠠ ᠱᠠᠩᠬᠠᠢ ᠶᠢᠨ ᠫᠦᠳᠦ᠋ᠩ ᠨᠢᠰᠬᠦ ᠤᠩ᠋ᠭᠤᠴᠠᠨ ᠤ ᠪᠠᠭᠤᠳᠠᠯ ᠳ᠋ᠤ ᠠᠩᠬᠠᠨ ᠤ ᠨᠢᠰᠤᠯᠲᠠ ᠪᠡᠨ ᠠᠮᠵᠢᠯᠲᠠ ᠲᠠᠢ ᠪᠡᠶᠡᠯᠡᠬᠦᠯᠪᠠ᠃

ᠳᠤᠮᠳᠠᠳᠤ ᠤᠯᠤᠰ ᠤᠨ ᠠᠩᠬᠠᠳᠠᠬᠴᠢ ᠤᠯᠠᠨ ᠤᠯᠤᠰ ᠤᠨ ᠪᠠᠷᠢᠮᠵᠢᠶ᠎ᠠ ᠪᠡᠷ ᠰᠤᠳᠤᠯᠤᠨ ᠥᠢᠯᠡᠳᠦᠭᠰᠡᠨ C919 ᠨᠢᠰᠬᠦ ᠤᠩᠭ᠋ᠤᠴᠠ ᠱᠠᠩᠬᠠᠢ ᠶᠢᠨ ᠫᠦᠳᠦ᠋ᠩ ᠨᠢᠰᠬᠦ ᠤᠩ᠋ᠭᠤᠴᠠᠨ ᠤ ᠪᠠᠭᠤᠳᠠᠯ ᠳᠤ ᠠᠩᠬᠠᠨ ᠤ ᠨᠢᠰᠤᠯᠲᠠ ᠪᠡᠨ ᠪᠡᠶᠡᠯᠡᠬᠦᠯᠪᠠ (5 ᠰᠠᠷ᠎ᠠ ᠶᠢᠨ 5 ᠤ ᠡᠳᠦᠷ ᠵᠢᠷᠤᠭᠯᠠᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011100001121693936