ᠵᠠᠩ ᠳ᠋ᠧ ᠵᠢᠶᠠᠩ᠄ ᠬᠠᠲᠠᠭᠤ ᠪᠡᠶᠡᠲᠦ ᠬᠠᠶᠠᠭᠲᠠᠮᠠᠯ ᠪᠤᠲᠠᠰ ᠤᠨ ᠪᠠᠶᠢᠭᠠᠯᠢ ᠤᠷᠴᠢᠨ ᠢ ᠪᠤᠬᠢᠷᠲᠤᠭᠤᠯᠬᠤ ᠡᠴᠡ ᠰᠡᠷᠭᠡᠶᠢᠯᠡᠬᠦ ᠠᠵᠢᠯ ᠢ ᠢᠮᠠᠭᠲᠠ ᠠᠬᠢᠭᠤᠯᠬᠤ ᠬᠡᠷᠡᠭᠲᠡᠢ 2017-09-20 11:51

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ   19 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠠᠷᠤᠭ᠎ᠠ ᠵᠠᠩ ᠳ᠋ᠧ ᠵᠢᠶᠠᠩ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠬᠠᠲᠠᠭᠤ ᠪᠡᠶᠡᠲᠦ ᠬᠠᠶᠠᠭᠲᠠᠮᠠᠯ ᠪᠤᠲᠠᠰ ᠤᠨ ᠪᠠᠶᠢᠭᠠᠯᠢ ᠤᠷᠴᠢᠨ ᠢ ᠪᠤᠬᠢᠷᠲᠤᠭᠤᠯᠬᠤ ᠡᠴᠡ ᠰᠡᠷᠭᠡᠶᠢᠯᠡᠬᠦ ᠬᠠᠦᠯᠢ ᠶᠢ ᠬᠡᠷᠡᠭᠵᠢᠬᠦᠯᠬᠦ ᠪᠠᠭ ᠤᠨ ᠬᠤᠶᠠᠲᠤᠭᠠᠷ ᠤᠲᠠᠭᠠᠨ ᠤ ᠪᠦᠬᠦ ᠭᠡᠰᠢᠬᠦᠳ ᠤᠨ ᠬᠤᠷᠠᠯ ᠢ ᠬᠤᠷᠠᠯᠲᠤᠭᠤᠯᠵᠤ᠂ ᠬᠠᠦᠯᠢ ᠬᠡᠷᠡᠭᠵᠢᠬᠦᠯᠦᠭᠰᠡᠨ ᠪᠠᠶᠢᠴᠠᠭᠠᠯᠲᠠ ᠶᠢᠨ ᠮᠡᠲᠡᠬᠦᠯᠦᠯᠲᠡ ᠶᠢ ᠵᠠᠰᠠᠬᠤ ᠲᠤᠬᠠᠢ ᠰᠤᠲᠤᠯᠪᠠ᠃ ᠲᠡᠷᠡᠪᠡᠷ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠦᠷᠦ ᠪᠠᠷᠢᠬᠤ ᠰᠢᠨ᠎ᠡ ᠤᠶᠢᠯᠠᠭᠠᠭᠲᠠᠬᠤᠨ ᠰᠢᠨ᠎ᠡ ᠪᠠᠶᠢᠯᠲᠤᠬᠤ ᠪᠤᠲᠤᠯᠭ᠎ᠠ ᠶᠢ ᠭᠦᠨᠵᠡᠭᠡᠢ ᠰᠤᠷᠤᠯᠴᠠᠵᠤ᠂ ᠬᠠᠶᠠᠭᠲᠠᠮᠠᠯ ᠪᠤᠲᠠᠰ ᠤᠨ ᠪᠠᠶᠢᠭᠠᠯᠢ ᠤᠷᠴᠢᠨ ᠢ ᠪᠤᠬᠢᠷᠲᠤᠭᠤᠯᠬᠤ ᠡᠴᠡ ᠰᠡᠷᠭᠡᠶᠢᠯᠡᠬᠦ ᠬᠠᠦᠯᠢ ᠶᠢ ᠨᠠᠷᠢᠨ ᠬᠢᠨᠠᠮᠠᠭᠠᠢ ᠬᠡᠷᠡᠭᠵᠢᠬᠦᠯᠵᠦ᠂ ᠬᠠᠶᠠᠭᠲᠠᠮᠠᠯ ᠪᠤᠲᠠᠰ ᠤᠨ ᠤᠷᠴᠢᠨ ᠲᠤᠭᠤᠷᠢᠨ ᠢ ᠪᠤᠬᠢᠷᠲᠤᠭᠤᠯᠬᠤ ᠡᠴᠡ ᠰᠡᠷᠭᠡᠶᠢᠯᠡᠬᠦ ᠠᠵᠢᠯ ᠢ ᠢᠮᠠᠭᠲᠠ ᠲᠤᠤᠱᠲᠠᠢ ᠠᠬᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠡᠷ ᠴᠢᠩᠭ᠋ᠠᠳᠬᠠᠨ᠂ ᠲᠤᠮᠲᠠᠲᠤ ᠶᠢᠨ ᠦᠨᠳᠦᠰᠦᠲᠡᠨ ᠤ ᠡᠭᠦᠷᠢᠲᠡ ᠶᠢᠨ ᠬᠦᠭ᠍ᠵᠢᠯᠲᠠ ᠳ᠋ᠤ ᠢᠲᠡᠪᠬᠢ ᠬᠤᠪᠢ ᠨᠡᠮᠡᠷᠢ ᠤᠷᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120791121694607