蒙古文网站Logo
ᠰᠢᠨᠬᠤᠸᠠ ᠮᠤᠩᠭ᠋ᠤᠯ ᠨᠧᠲ

ᠵᠠᠩ ᠳ᠋ᠧ ᠵᠢᠶᠠᠩ᠂ ᠸᠠᠩ ᠴᠢ ᠱᠠᠨ ᠲᠤᠰᠪᠤᠷᠢ ᠰᠢᠩᠭ᠋ᠠᠫᠤᠷ ᠤᠨ ᠶᠡᠷᠦᠩᠬᠡᠢ ᠰᠠᠶᠢᠳ ᠯᠢ ᠰᠢᠶᠠᠨ ᠯᠦᠩ ᠲᠠᠢ ᠠᠭᠤᠯᠵᠠᠪᠠ

2017-09-21 10:59

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎᠎᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠲᠠᠨ ᠵᠢᠩ ᠵᠢᠩ ) 20 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠠᠷᠤᠭ᠎ᠠ ᠵᠠᠩ ᠳ᠋ᠧ ᠵᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠴᠢ ᠱᠠᠨ ᠪᠡᠭᠡᠵᠢᠩ ᠳ᠋ᠤ ᠰᠢᠩᠭ᠋ᠠᠫᠤᠷ ᠤᠨ ᠶᠡᠷᠦᠩᠬᠡᠢ ᠰᠠᠶᠢᠳ ᠯᠢ ᠰᠢᠶᠠᠨ ᠯᠦᠩ ᠲᠠᠢ ᠬᠡᠯᠡᠯᠴᠡᠭᠡ ᠬᠢᠪᠡ᠃

    9 ᠰᠠᠷ᠎ᠠ ᠶᠢᠨ 20 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠠᠷᠤᠭ᠎ᠠ ᠵᠠᠩ ᠳ᠋ᠧ ᠵᠢᠶᠠᠩ ᠪᠡᠭᠡᠵᠢᠩ ᠳ᠋ᠤ ᠰᠢᠩᠭ᠋ᠠᠫᠤᠷ ᠤᠨ ᠶᠡᠷᠦᠩᠬᠡᠢ ᠰᠠᠶᠢᠳ ᠯᠢ ᠰᠢᠶᠠᠨ ᠯᠦᠩ ᠲᠠᠢ ᠬᠡᠯᠡᠯᠴᠡᠭᠡ ᠬᠢᠪᠡ ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ )

    ᠬᠡᠯᠡᠯᠴᠡᠭᠡᠨ ᠤ ᠦᠶ᠎ᠠ ᠪᠡᠷ ᠵᠠᠩ ᠳ᠋ᠧ ᠵᠢᠶᠠᠩ ᠬᠡᠯᠡᠬᠦ ᠳ᠋ᠡᠭᠡᠨ᠂ ᠰᠢᠩᠭ᠋ᠠᠫᠤᠷ ᠪᠤᠯ ᠲᠤᠮᠲᠠᠲᠤ ᠤᠯᠤᠰ ᠤᠨ ᠤᠨᠴᠠᠭᠠᠢ ᠨᠦᠬᠦᠷᠰᠡᠭ ᠬᠦᠷᠰᠢ ᠪᠤᠯᠤᠨ᠎ᠠ᠂ ᠬᠤᠶᠠᠷ ᠤᠯᠤᠰ ᠭᠠᠲᠠᠭᠠᠲᠤ ᠬᠠᠷᠢᠯᠴᠠᠭ᠎ᠠ ᠪᠠᠶᠢᠭᠤᠯᠤᠭᠰᠠᠨ ᠡᠴᠡ ᠨᠠᠰᠢ ᠨᠢᠬᠲᠠ ᠤᠶᠢᠯᠠᠭᠠᠯᠴᠠᠭ᠎ᠠ ᠪᠠ ᠬᠠᠮᠲᠤᠷᠠᠯᠴᠠᠭ᠎ᠠ ᠶᠢ ᠪᠠᠲᠤᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠦᠳᠲᠡᠷ ᠬᠦᠭ᠍ᠵᠢᠯᠲᠠ ᠳ᠋ᠤ ᠬᠦᠷᠴᠡᠢ᠃ ᠰᠢ ᠵᠢᠨ ᠫᠢᠩ ᠲᠡᠷᠢᠬᠦᠯᠡᠭᠴᠢ ᠶᠢᠨ ᠲᠤᠷᠠᠲᠤᠭᠰᠠᠨ 《 ᠨᠢᠭᠡ ᠪᠦᠰᠡ ᠨᠢᠭᠡ ᠵᠠᠮ》 ᠰᠠᠨᠠᠭᠠᠴᠢᠯᠠᠭ᠎ᠠ ᠨᠢ ᠲᠤᠮᠲᠠᠲᠤ ᠰᠢᠩᠭ᠋ᠠᠫᠤᠷ ᠤᠨ ᠬᠠᠷᠢᠯᠴᠠᠭᠠᠨ ᠤ ᠬᠦᠭ᠍ᠵᠢᠯᠲᠠ  ᠳ᠋ᠤ ᠬᠦᠨᠳᠦ ᠴᠢᠬᠤᠯᠠ ᠲᠡᠦᠬᠡᠲᠦ ᠴᠢᠨᠠᠷᠲᠠᠢ ᠲᠤᠬᠢᠶᠠᠯ ᠠᠪᠴᠢᠷᠠᠨ᠂ ᠬᠤᠶᠠᠷ ᠲᠠᠯ᠎ᠠ ᠪᠡᠷ ᠢᠶᠡᠨ ᠡᠯ᠎ᠡ ᠴᠠᠷᠠᠭ᠎ᠠ ᠬᠦᠷᠢᠶᠠᠨ ᠳ᠋ᠡᠬᠢ ᠬᠠᠮᠲᠤᠷᠠᠯᠴᠠᠭ᠎ᠠ ᠪᠠᠨ ᠦᠷᠭᠡᠳᠭᠡᠵᠦ᠂ ᠬᠦᠮᠦᠨᠯᠢᠭ᠌᠌ ᠤᠨ ᠰᠤᠯᠢᠯᠴᠠᠭ᠎ᠠ ᠪᠠ ᠤᠷᠤᠨ ᠨᠤᠲᠤᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠬᠦᠯᠦᠨ᠂ ᠲᠤᠮᠲᠠᠲᠤ ᠰᠢᠩᠭ᠋ᠠᠫᠤᠷ ᠤᠨ ᠴᠠᠭ ᠦᠶ᠎ᠠ ᠲᠠᠢ ᠬᠠᠮᠲᠤᠪᠡᠷ ᠤᠷᠤᠭᠰᠢᠯᠠᠭᠰᠠᠨ ᠪᠦᠬᠦ ᠲᠠᠯ᠎ᠠ ᠶᠢᠨ ᠬᠠᠮᠲᠤᠷᠠᠯᠴᠠᠭᠠᠨ ᠤ ᠲᠦᠩᠰᠢᠯᠡᠯ ᠢ ᠠᠮᠢᠵᠢᠷᠠᠯ ᠪᠢᠯᠬᠠᠮ᠎ᠠ ᠪᠤᠯᠭᠠᠨ᠎ᠠ᠃ ᠲᠤᠮᠲᠠᠲᠤ ᠤᠯᠤᠰ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠰᠢᠩᠭ᠋ᠠᠫᠤᠷ ᠤᠨ ᠬᠠᠦᠯᠢ ᠲᠤᠭᠲᠠᠭᠠᠬᠤ ᠪᠠᠶᠢᠭᠤᠯᠤᠯᠭ᠎ᠠ ᠯᠤᠭ᠎ᠠ ᠶᠢᠨ ᠨᠦᠬᠦᠷᠰᠡᠭ ᠬᠠᠷᠢᠯᠴᠠᠭ᠎ᠠ ᠪᠠᠨ ᠴᠢᠩᠭ᠋ᠠᠳᠬᠠᠨ᠂ ᠬᠤᠶᠠᠷ ᠤᠯᠤᠰ ᠤᠨ ᠬᠠᠮᠲᠤᠷᠠᠯᠴᠠᠭᠠᠨ ᠳ᠋ᠤ ᠬᠠᠦᠯᠢ ᠲᠤᠭᠲᠠᠭᠠᠮᠵᠢ ᠶᠢᠨ ᠤᠷᠴᠢᠨ ᠢ ᠦᠷᠬᠦᠯᠵᠢᠯᠡᠨ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠤ ᠨᠦᠬᠦᠷᠯᠡᠯ ᠬᠠᠶᠢᠷ᠎ᠠ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠲᠡᠬᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠬᠦᠭ᠍ᠵᠢᠯᠲᠠ ᠶᠢ ᠭᠦᠨᠵᠡᠭᠡᠶᠢᠷᠡᠬᠦᠯᠬᠦ ᠳ᠋ᠤ ᠢᠲᠡᠪᠬᠢ ᠬᠤᠪᠢ ᠨᠡᠮᠡᠷᠢ ᠤᠷᠤᠭᠤᠯᠤᠨ᠎ᠠ ᠭᠡᠵᠡᠢ᠃

    ᠯᠢ ᠰᠢᠶᠠᠨ ᠯᠦᠩ ᠬᠡᠯᠡᠬᠦ ᠳ᠋ᠡᠭᠡᠨ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠡᠷ ᠰᠢᠩᠭ᠋ᠠᠫᠤᠷ ᠲᠤᠮᠲᠠᠲᠤ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ ᠪᠠᠶᠢᠨ᠎ᠠ᠃ ᠰᠢᠩᠭ᠋ᠠᠫᠤᠷ ᠤᠨ ᠲᠠᠯ᠎ᠠ ᠲᠤᠮᠲᠠᠲᠤ ᠤᠯᠤᠰ ᠯᠤᠭ᠎ᠠ ᠬᠠᠷᠢᠯᠴᠠᠠ ᠰᠤᠷᠤᠯᠴᠠᠵᠤ ᠬᠠᠷᠢᠯᠴᠠᠨ ᠲᠤᠯᠢᠲᠠᠵᠤ᠂《ᠨᠢᠭᠡ ᠪᠦᠰᠡ ᠨᠢᠭᠡ ᠵᠠᠮ》 ᠤᠨ ᠬᠦᠲᠦᠯᠪᠦᠷᠢ ᠶᠢᠨ ᠠᠬᠢᠴᠠ ᠪᠡᠷ ᠪᠤᠲᠠᠲᠠᠢ ᠬᠠᠮᠲᠤᠷᠠᠨ ᠠᠵᠢᠯᠯᠠᠵᠤ᠂ ᠬᠠᠮᠲᠤᠪᠡᠷ ᠠᠰᠢᠭ ᠬᠦᠷᠲᠡᠬᠦ ᠶᠢ ᠪᠡᠶᠡᠯᠡᠬᠦᠯᠦᠨ᠎ᠡ ᠭᠡᠵᠡᠢ᠃

    ᠬᠡᠯᠡᠯᠴᠡᠭᠡᠨ ᠤ ᠦᠶ᠎ᠠ ᠪᠡᠷ ᠠᠶᠢᠯᠢᠭᠧᠩ • ᠢᠮᠢᠩᠪᠠᠬᠠᠢ ᠤᠷᠤᠯᠴᠠᠪᠠ᠃

    ᠸᠠᠩ ᠴᠢ ᠱᠠᠨ ᠬᠡᠯᠡᠯᠴᠡᠭᠡᠨ ᠤ ᠦᠶ᠎ᠠ ᠪᠡᠷ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠬᠦᠴᠦᠲᠡᠢ ᠤᠲᠤᠷᠢᠲᠤᠯᠭ᠎ᠠ ᠲᠤᠤᠷ᠎ᠠ᠂ ᠪᠢᠲᠠ ᠨᠠᠮ ᠨᠢ ᠨᠠᠮ ᠢᠶᠡᠨ ᠬᠠᠮᠢᠶᠠᠷᠴᠤ᠂ ᠨᠠᠮ ᠢ ᠪᠦᠬᠦ ᠲᠠᠯ᠎ᠠ ᠪᠡᠷ ᠴᠢᠩᠭ᠋᠎ᠠ ᠵᠠᠰᠠᠬᠤ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠲᠦᠪ ᠴᠢᠩᠭ᠋᠎ᠠ ᠪᠤᠯᠭᠠᠵᠤ᠂ ᠨᠠᠮ ᠤᠨ ᠲᠤᠲᠤᠭᠠᠲᠤ ᠶᠢᠨ ᠬᠢᠨᠡᠨ ᠡᠵᠡᠮᠰᠢᠯ ᠢ ᠴᠢᠩᠭ᠋ᠠᠳᠬᠠᠬᠰᠠᠨ ᠢᠶᠡᠷ ᠬᠦᠨᠳᠦ ᠴᠢᠬᠤᠯᠠ ᠦᠷ᠎ᠡ ᠪᠦᠲᠦᠮᠵᠢ ᠤᠯᠪᠠ᠃ ᠦᠪᠡᠷ ᠢᠶᠡᠨ ᠦᠪᠡᠷ  ᠢ ᠪᠡᠨ ᠡᠮᠨᠡᠬᠦ  ᠪᠤᠯ ᠲᠡᠯᠡᠬᠡᠢ ᠶᠢᠨ ᠴᠢᠨᠠᠷᠲᠠᠢ ᠬᠦᠴᠢᠷ ᠠᠰᠠᠭᠤᠲᠠᠯ ᠪᠤᠯᠤᠨ᠎ᠠ᠃ ᠨᠠᠮ ᠢ ᠪᠦᠬᠦ ᠲᠠᠯ᠎ᠠ ᠪᠡᠷ ᠴᠢᠩᠭ᠋᠎ᠠ ᠵᠠᠰᠠᠬᠤ ᠶᠢᠨ ᠬᠠᠮᠤᠭ ᠤᠨ ᠡᠴᠦᠰ ᠤᠨ ᠵᠤᠷᠢᠯᠲᠠ ᠪᠤᠯ ᠤᠷᠲᠤ ᠬᠤᠭᠤᠴᠠᠭᠠᠨ ᠤ ᠵᠠᠰᠠᠭ ᠪᠠᠷᠢᠬᠤ ᠨᠦᠬᠦᠴᠡᠯ ᠳ᠋ᠤ ᠦᠪᠡᠷ ᠢ ᠪᠠᠨ ᠬᠢᠨᠠᠨ ᠡᠵᠡᠮᠰᠢᠬᠦ ᠪᠦᠲᠦᠮᠵᠢᠲᠡᠢ ᠠᠷᠭ᠎ᠠ ᠵᠠᠮ ᠶᠤᠮ᠂ ᠨᠠᠮ ᠤᠨ ᠲᠡᠷᠢᠬᠦᠨ ᠤ ᠴᠢᠨᠠᠷ ᠪᠠ ᠴᠡᠪᠡᠷ ᠴᠢᠭᠡᠴᠢ ᠴᠢᠨᠠᠷ ᠢ ᠡᠭᠦᠷᠢᠲᠡ ᠪᠠᠲᠤᠯᠠᠨ᠎ᠠ᠃ ᠠᠷᠪᠠᠨ ᠨᠠᠶ᠋ᠮᠠᠲᠤᠭᠠᠷ ᠬᠤᠭᠤᠴᠠᠭᠠᠨ ᠤ ᠨᠠᠮ ᠤᠨ ᠲᠦᠪ ᠬᠤᠷᠢᠶ᠎ᠠ ᠤᠯᠠᠨ ᠲᠦᠮᠡᠨ ᠤ ᠬᠠᠮᠤᠭ ᠤᠨ ᠶᠡᠬᠡ ᠲᠤᠰᠬᠠᠵᠤ ᠪᠦᠬᠦᠢ ᠲᠦᠪ ᠪᠤᠰᠤ ᠰᠤᠷᠲᠠᠯ ᠪᠠ ᠠᠪᠯᠢᠭᠠᠯ ᠤᠨ ᠠᠰᠠᠭᠤᠲᠠᠯ ᠢ ᠰᠢᠢᠳᠪᠦᠷᠢᠯᠡᠬᠦ ᠪᠡᠷ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠠᠪᠯᠢᠭᠠᠯ ᠲᠠᠢ ᠲᠡᠮᠡᠴᠡᠯ ᠬᠢᠭ᠍ᠰᠡᠨ ᠢᠶᠡᠷ ᠨᠠᠮ ᠤᠨ ᠲᠦᠪ ᠬᠤᠷᠢᠶ᠎ᠠ ᠠᠷᠠᠳ ᠲᠦᠮᠡᠨ ᠤ ᠲᠡᠭᠡᠳᠦ ᠬᠡᠮᠵᠢᠶᠠᠨ ᠤ ᠢᠲᠡᠭᠡᠯ ᠢ ᠤᠯᠵᠤ᠂ ᠲᠤᠮᠲᠠᠲᠤ ᠤᠯᠤᠰ ᠤᠨ ᠤᠨᠴᠠᠯᠢᠭ ᠪᠦᠬᠦᠢ ᠵᠠᠮ ᠤᠨ ᠢᠲᠡᠭᠡᠯ᠂ ᠤᠨᠤᠯ ᠤᠨ ᠢᠲᠡᠭᠡᠯ᠂ ᠲᠦᠷᠢᠮ ᠤᠨ ᠢᠲᠡᠭᠡᠯ᠂ ᠰᠤᠶᠤᠯ ᠤᠨ ᠢᠲᠡᠭᠡᠯ ᠢ ᠢᠯᠡᠷᠬᠡᠶᠢᠯᠡᠪᠡ᠃ ᠨᠠᠮ ᠢ ᠪᠦᠬᠦ ᠲᠠᠯ᠎᠎ᠡ ᠪᠡᠷ ᠴᠢᠩᠭ᠋᠎ᠠ ᠵᠠᠰᠠᠬᠤ ᠠᠵᠢᠯ ᠡᠭᠦᠷᠢᠲᠡ ᠦᠷᠬᠦᠯᠵᠢᠯᠡᠬᠦ ᠪᠦᠭᠡᠳ ᠴᠠᠭ ᠦᠶ᠎ᠠ ᠲᠠᠢ ᠬᠠᠮᠲᠤᠪᠡᠷ ᠨᠠᠮ ᠤᠨ ᠵᠠᠰᠠᠭ ᠪᠠᠷᠢᠬᠤ ᠶᠢᠨ ᠤᠯᠤᠰ ᠲᠦᠷᠦ ᠶᠢᠨ ᠰᠠᠭᠤᠷᠢ ᠪᠤᠯᠤᠨ᠎ᠠ᠃

    9 ᠰᠠᠷ᠎ᠠ ᠶᠢᠨ 20 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠴᠢ ᠱᠠᠨ ᠪᠡᠭᠡᠵᠢᠩ ᠳ᠋ᠤ ᠰᠢᠩᠭ᠋ᠠᠫᠤᠷ ᠤᠨ ᠶᠡᠷᠦᠩᠬᠡᠢ ᠰᠠᠶᠢᠳ ᠯᠢ ᠰᠢᠶᠠᠨ ᠯᠦᠩ ᠲᠠᠢ ᠬᠡᠯᠡᠯᠴᠡᠭᠡ ᠬᠢᠪᠡ ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ )

    ᠯᠢ ᠰᠢᠶᠠᠨ ᠯᠦᠩ ᠲᠤᠮᠲᠠᠲᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎᠎ᠡ ᠪᠡᠷ ᠨᠠᠮ ᠢᠶᠡᠨ ᠴᠢᠩᠭ᠋᠎ᠠ ᠵᠠᠰᠠᠭᠠᠳ ᠢᠯᠡᠷᠬᠡᠢ ᠦᠷ᠎ᠠ ᠪᠦᠲᠦᠮᠵᠢ ᠤᠯᠤᠭᠰᠠᠨ ᠢ ᠮᠠᠭᠲᠠᠨ ᠰᠠᠶᠢᠰᠢᠶᠠᠵᠤ᠂ ᠰᠢᠩᠭ᠋ᠠᠫᠤᠷ ᠤᠨ ᠲᠠᠯ᠎ᠠ ᠶᠢᠨ ᠠᠪᠯᠢᠭᠠᠯ ᠢ ᠡᠰᠡᠷᠭᠦᠴᠡᠬᠦ ᠠᠵᠢᠯ ᠢᠶᠡᠨ ᠲᠠᠨᠢᠯᠴᠠᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121701011