蒙古文网站Logo
ᠰᠢᠨᠬᠤᠸᠠ ᠮᠤᠩᠭ᠋ᠤᠯ ᠨᠧᠲ

ᠵᠠᠩ ᠭᠤᠤ ᠯᠢ ᠤᠷᠤᠰ ᠤᠨ ᠲᠡᠳ᠋ ᠶᠡᠷᠦᠩᠬᠡᠢ ᠰᠠᠶᠢᠳ Arkady Dvorkovich ᠲᠠᠢ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠠᠷᠪᠠᠨ ᠲᠦᠷᠪᠡᠳᠡᠬᠢ ᠬᠤᠷᠠᠯ  ᠢ ᠵᠤᠬᠢᠶᠠᠨ ᠪᠠᠶᠢᠭᠤᠯᠪᠠ

2017-09-21 17:20

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠼᠦᠢ ᠸᠸᠨ ᠢ ) 20 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠷᠦ ᠶᠢᠨ ᠶᠠᠪᠤᠲᠠᠯ ᠤᠨ ᠬᠤᠷᠢᠶᠠᠨ ᠤ ᠲᠡᠳ᠋ ᠶᠡᠷᠦᠩᠬᠡᠶ ᠰᠠᠶᠢᠳ᠂ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠲᠤᠮᠲᠠᠲᠤ ᠶᠢᠨ ᠲᠠᠯ᠎ᠠ ᠶᠢᠨ ᠲᠡᠷᠢᠬᠦᠯᠡᠭᠴᠢ ᠵᠠᠩ ᠭᠤᠤ ᠯᠢ ᠪᠡᠭᠡᠵᠢᠩ ᠳ᠋ᠤ ᠤᠷᠤᠰ ᠤᠨ ᠲᠡᠳ᠋ ᠶᠡᠷᠦᠩᠬᠡᠢ ᠰᠠᠶᠢᠳ᠂ ᠬᠠᠮᠲᠤᠷᠠᠯᠴᠠᠭᠠᠨ ᠤ ᠵᠦᠪᠯᠡᠯ ᠤᠨ ᠤᠷᠤᠰ ᠤᠨ ᠲᠠᠯ᠎ᠠ ᠶᠢᠨ ᠲᠡᠷᠢᠬᠦᠯᠡᠭᠴᠢArkady Dvorkovichᠲᠠᠢ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠠᠷᠪᠠᠨ ᠲᠦᠷᠪᠡᠳᠡᠬᠢ ᠬᠤᠷᠠᠯ  ᠢ ᠵᠤᠬᠢᠶᠠᠨ ᠪᠠᠶᠢᠭᠤᠯᠪᠠ᠃

9 ᠰᠠᠷ᠎ᠠ ᠶᠢᠨ 20 ᠤ ᠡᠲᠦᠷ᠂  ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠷᠦ ᠶᠢᠨ ᠶᠠᠪᠤᠲᠠᠯ ᠤᠨ ᠬᠤᠷᠢᠶᠠᠨ ᠤ ᠲᠡᠳ᠋ ᠶᠡᠷᠦᠩᠬᠡᠶ ᠰᠠᠶᠢᠳ᠂ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠲᠤᠮᠲᠠᠲᠤ ᠶᠢᠨ ᠲᠠᠯ᠎ᠠ ᠶᠢᠨ ᠲᠡᠷᠢᠬᠦᠯᠡᠭᠴᠢ ᠵᠠᠩ ᠭᠤᠤ ᠯᠢ ᠪᠡᠭᠡᠵᠢᠩ ᠳ᠋ᠤ ᠤᠷᠤᠰ ᠤᠨ ᠲᠡᠳ᠋ ᠶᠡᠷᠦᠩᠬᠡᠢ ᠰᠠᠶᠢᠳ᠂ ᠬᠠᠮᠲᠤᠷᠠᠯᠴᠠᠭᠠᠨ ᠤ ᠵᠦᠪᠯᠡᠯ ᠤᠨ ᠤᠷᠤᠰ ᠤᠨ ᠲᠠᠯ᠎ᠠ ᠶᠢᠨ ᠲᠡᠷᠢᠬᠦᠯᠡᠭᠴᠢ Arkady Dvorkovich  ᠲᠠᠢ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠠᠷᠪᠠᠨ ᠲᠦᠷᠪᠡᠳᠡᠬᠢ ᠬᠤᠷᠠᠯ  ᠢ ᠵᠤᠬᠢᠶᠠᠨ ᠪᠠᠶᠢᠭᠤᠯᠪᠠ ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ )

    ᠵᠠᠩ ᠭᠤᠤ ᠯᠢ ᠰᠢ ᠢᠯᠡᠷᠬᠡᠶᠢᠯᠡᠬᠦ ᠳ᠋ᠡᠭᠡᠨ ᠰᠢ ᠵᠢᠨ ᠫᠢᠩ ᠲᠡᠷᠢᠬᠦᠯᠡᠭᠴᠢ ᠪᠠ ᠫᠦᠲ᠋ᠢᠨ ᠶᠡᠷᠦᠩᠬᠡᠶᠢᠯᠡᠭᠴᠢ ᠶᠢᠨ ᠬᠠᠯᠠᠮᠵᠢᠯᠠᠯ ᠲᠡᠮᠵᠢᠯᠭᠡ ᠪᠡᠷ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭ᠎ᠠ ᠲᠤᠭᠲᠠᠭᠤᠨ ᠬᠦᠭ᠍ᠵᠢᠵᠦ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠲᠠᠢ ᠪᠤᠯᠪᠠ᠃ ᠬᠤᠶᠠᠷ ᠲᠠᠯ᠎ᠠ ᠶᠢᠨ ᠡᠷᠴᠢᠮ ᠬᠦᠴᠦᠨ ᠤ ᠠᠷᠠᠯᠵᠢᠶᠠᠨ ᠤ ᠦᠷ᠎ᠡ ᠪᠦᠲᠦᠮᠵᠢ ᠮᠡᠲᠡᠭᠲᠡᠮ᠎ᠡ᠂ ᠤᠷᠤᠰ ᠪᠤᠯ ᠲᠤᠮᠲᠠᠲᠤ ᠤᠯᠤᠰ ᠤᠨ ᠲᠦᠬᠦᠬᠡᠢ ᠲᠤᠰᠤ ᠶᠢᠨ ᠢᠷᠡᠯᠲᠡ ᠶᠢᠨ ᠨᠢᠭᠡᠲᠦᠭᠡᠷ ᠲᠤᠮᠤ ᠤᠯᠤᠰ᠂ ᠴᠠᠬᠢᠯᠭᠠᠨ ᠡᠷᠴᠢᠮ ᠬᠦᠴᠦᠨ ᠤ ᠢᠷᠡᠯᠲᠡ ᠶᠢᠨ ᠨᠢᠭᠡᠲᠦᠭᠡᠷ ᠲᠤᠮᠤ ᠤᠯᠤᠰ ᠪᠠ ᠨᠡᠬᠦᠷᠡᠰᠦᠨ ᠤ ᠢᠷᠡᠯᠲᠡ ᠶᠢᠨ ᠲᠠᠪᠤᠲᠤᠭᠠᠷ ᠲᠤᠮᠤ ᠤᠯᠤᠰ ᠪᠤᠯᠤᠨ᠎ᠠ᠃ ᠲᠤᠮᠲᠠᠲᠤ ᠤᠯᠤᠰ ᠤᠨ ᠵᠡᠬᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ᠂ ᠶᠠᠷᠮᠠ ᠶᠢᠨ ᠰᠢᠩᠭᠡᠨᠵᠢᠭ᠍ᠰᠡᠨ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠡᠷᠴᠢᠮ ᠬᠦᠴᠦᠨ ᠤ ᠰᠠᠯᠪᠤᠷᠢ ᠶᠢᠨ ᠲᠤᠮᠤ ᠴᠢᠬᠤᠯᠠ ᠬᠠᠮᠲᠤᠷᠠᠯᠴᠠᠭᠠᠨ ᠤ ᠲᠦᠰᠦᠯ ᠢᠲᠡᠪᠬᠢᠲᠡᠢ ᠠᠬᠢᠵᠤ᠂ ᠬᠠᠮᠲᠤᠷᠠᠯᠴᠠᠭᠠᠨ ᠤ ᠰᠠᠯᠪᠤᠷᠢ ᠪᠠ ᠠᠷᠭ᠎ᠠ ᠬᠡᠯᠪᠡᠷᠢ ᠲᠠᠰᠤᠷᠠᠯᠲᠠ ᠦᠭᠡᠢ ᠰᠢᠨᠡᠳᠴᠦ ᠪᠠᠶᠢᠨ᠎ᠠ᠃ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭ᠎ᠠ ᠡᠯᠪᠡᠭ᠌ ᠪᠠᠶᠠᠯᠢᠭ ᠦᠷ᠎ᠠ ᠪᠦᠲᠦᠮᠵᠢ ᠤᠯᠵᠤ᠂ ᠲᠤᠮᠲᠠᠲᠤ ᠤᠷᠤᠰ ᠤᠨ ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠲᠦᠩᠰᠢᠯᠡᠯ ᠤᠨ ᠬᠠᠷᠢᠴᠠᠭ᠎ᠠ ᠶᠢ ᠲᠤᠭᠲᠠᠪᠤᠷᠢᠵᠢᠭᠤᠯᠬᠤ ᠪᠠ ᠬᠦᠭ᠍ᠵᠢᠬᠦᠯᠬᠦ ᠳ᠋ᠤ ᠬᠦᠴᠦᠷᠬᠡᠭ᠌ ᠬᠦᠲᠡᠯᠭᠡᠭ᠍ᠴᠢ ᠬᠦᠴᠦᠨ ᠪᠤᠯᠪᠠ᠃ ᠬᠤᠶᠠᠷ ᠤᠯᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠳ᠋ᠤ ᠨᠡᠩ ᠤᠯᠠᠨ ᠪᠤᠲᠠᠲᠤ ᠦᠷ᠎ᠡ ᠪᠦᠲᠦᠮᠵᠢ ᠭᠠᠷᠭᠠᠬᠤ ᠪᠡᠷ ᠬᠤᠶᠠᠷ ᠲᠠᠯ᠎ᠠ ᠪᠡᠷ ᠢᠶᠡᠨ ᠦᠷᠬᠦᠯᠵᠢᠯᠡᠨ ᠴᠢᠷᠮᠠᠶᠢᠵᠤ᠂ ᠬᠤᠶᠠᠷ ᠤᠯᠤᠰ ᠤᠨ ᠬᠦᠭ᠍ᠵᠢᠯᠲᠠ ᠳ᠋ᠤ ᠬᠦᠴᠦ ᠤᠷᠤᠭᠤᠯᠬᠤ ᠪᠡᠷ ᠴᠢᠷᠮᠠᠶᠢᠶ᠎ᠠ ᠭᠡᠵᠡᠢ᠃

    ᠬᠤᠷᠠᠯ ᠤᠨ ᠬᠤᠭᠤᠴᠠᠭᠠᠨ ᠳ᠋ᠤ ᠬᠤᠶᠠᠷ ᠲᠠᠯ᠎ᠠ ᠪᠡᠷ ᠢᠶᠡᠨ ᠪᠠᠶᠢᠭᠠᠯᠢ ᠶᠢᠨ ᠰᠢᠲᠠᠮᠠᠬᠠᠢ ᠬᠡᠢ᠂ ᠴᠢᠯᠠᠭᠤᠨ ᠲᠤᠰᠤ᠂ ᠴᠠᠬᠢᠯᠭᠠᠨ ᠡᠷᠴᠢᠮ ᠬᠦᠴᠦ᠂ ᠨᠡᠭᠦᠷᠡᠰᠦ᠂ ᠴᠦᠮ᠎ᠡ ᠶᠢᠨ ᠡᠨᠧᠷᠬᠢ᠂ ᠰᠢᠨ᠎ᠡ ᠡᠷᠴᠢᠮ ᠬᠦᠴᠦ᠂ ᠰᠲ᠋ᠠᠨᠳᠠᠷᠲ ᠵᠡᠷᠭᠡ ᠰᠠᠯᠪᠤᠷᠢ ᠶᠢᠨ ᠬᠠᠮᠲᠤᠷᠠᠯᠴᠠᠭᠠᠨ ᠳ᠋ᠤ ᠰᠠᠨᠠᠯ ᠪᠤᠲᠤᠯ ᠢᠶᠡᠨ ᠰᠤᠯᠢᠯᠴᠠᠵᠤ᠂ ᠬᠤᠶᠠᠷ ᠤᠯᠤᠰ ᠤᠨ ᠲᠡᠷᠢᠬᠦᠨ ᠨᠠᠷ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠪᠤᠲᠠᠲᠠᠢ ᠨᠠᠶᠢᠲᠠᠪᠤᠷᠢᠵᠢᠭᠤᠯᠵᠤ᠂ ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠲᠤᠭᠲᠠᠯᠴᠠᠭᠠᠨ ᠤ ᠦᠢᠯᠡᠳᠦᠯ ᠢ ᠭᠦᠢᠴᠡᠳ ᠪᠠᠲᠠᠷᠠᠭᠤᠯᠵᠤ᠂ ᠡᠷᠴᠢᠮ ᠬᠦᠴᠦᠨ ᠤ ᠰᠠᠯᠪᠤᠷᠢ ᠶᠢᠨ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠲᠤᠮᠤ ᠲᠦᠰᠦᠯ ᠢ ᠰᠠᠶᠢᠲᠦᠷ ᠬᠡᠷᠡᠭᠵᠢᠬᠦᠯᠵᠦ᠂ ᠰᠲ᠋ᠠᠨᠳᠠᠷᠲ ᠢ ᠵᠤᠯᠭᠠᠭᠤᠯᠬᠤ᠂ ᠡᠷᠴᠢᠮ ᠬᠦᠴᠦᠨ ᠤ ᠮᠡᠷᠭᠡᠵᠢᠯ ᠤᠨ ᠲᠤᠨᠤᠭ ᠲᠦᠬᠦᠭᠡᠷᠦᠮᠵᠢ᠂ ᠡᠢᠨᠵᠧᠨᠧᠷᠢᠩ ᠤᠨ ᠪᠠᠶᠢᠭᠤᠯᠤᠯᠲᠠ ᠵᠡᠷᠭᠡ ᠤᠯᠠᠮᠵᠢᠯᠠᠯᠲᠤ ᠪᠤᠰᠤ ᠰᠠᠯᠪᠤᠷᠢ ᠶᠢᠨ ᠬᠠᠮᠲᠤᠷᠠᠯᠴᠠᠭ᠎ᠠ ᠪᠠᠨ ᠴᠢᠩᠭ᠋ᠠᠳᠬᠠᠵᠤ᠂ ᠬᠤᠶᠠᠷ ᠤᠯᠤᠰ ᠤᠨ ᠡᠷᠴᠢᠮ ᠬᠦᠴᠦᠨ ᠤ ᠬᠠᠮᠲᠤᠷᠠᠯᠴᠠᠭ᠎᠎ᠠ ᠶᠢ ᠰᠢᠨ᠎ᠡ ᠲᠦᠪᠰᠢᠨ ᠳ᠋ᠤ ᠬᠦᠷᠭᠡᠨ᠎ᠡ ᠭᠡᠵᠡᠢ᠃

    ᠬᠤᠷᠠᠯ ᠤᠨ ᠲᠠᠷᠠᠭ᠎ᠠ᠂ ᠵᠠᠩ ᠭᠤᠤ ᠯᠢ ᠪᠤᠯᠤᠨ Arkady Dvorkovich《 ᠲᠤᠮᠲᠠᠲᠤ ᠤᠷᠤᠰ ᠤᠨ ᠡᠷᠴᠢᠮ ᠬᠦᠴᠦᠨ ᠤ ᠬᠠᠮᠲᠤᠷᠠᠯᠴᠠᠭᠠᠨ ᠤ ᠵᠦᠪᠯᠡᠯ ᠤᠨ ᠠᠷᠪᠠᠨ ᠲᠦᠷᠪᠡᠳᠡᠬᠢ ᠬᠤᠷᠠᠯ ᠤᠨ ᠲᠤᠪᠴᠢᠯᠠᠯ》 ᠳ᠋ᠤ ᠬᠠᠮᠲᠤᠪᠡᠷ ᠭᠠᠷ ᠤᠨ ᠦᠰᠦᠭ ᠵᠢᠷᠤᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121703525