ᠢᠤᠢ ᠵᠧᠩ ᠱᠧᠩ ᠲᠤᠮᠲᠠᠲᠤ ᠶᠢᠨ ᠭᠠᠲᠠᠭᠠᠲᠤ ᠲᠠᠢ ᠶᠠᠪᠤᠯᠴᠠᠬᠤ ᠨᠦᠬᠦᠷᠰᠡᠭ ᠬᠤᠯᠪᠤᠭ᠎ᠠ ᠪᠠᠶᠢᠭᠤᠯᠤᠭᠲᠠᠭᠰᠠᠨ 20 ᠵᠢᠯ ᠤᠨ ᠤᠢ ᠶᠢᠨ ᠶᠡᠬᠡ ᠬᠤᠷᠠᠯ ᠵᠢᠴᠢ ᠲᠦᠷᠪᠡᠲᠦᠭᠡᠷ ᠬᠤᠭᠤᠴᠠᠭᠠᠨ ᠤ ᠬᠤᠶᠠᠲᠤᠭᠠᠷ ᠤᠲᠠᠭᠠᠨ ᠤ ᠵᠦᠪᠯᠡᠯ ᠤᠨ ᠭᠡᠰᠢᠬᠦᠳ ᠤᠨ ᠶᠡᠬᠡ ᠬᠤᠷᠠᠯ ᠤᠨ ᠪᠦᠬᠦ ᠲᠦᠯᠦᠭᠡᠯᠡᠭᠴᠢᠳ ᠲᠠᠢ ᠠᠭᠤᠯᠵᠠᠪᠠ 2017-09-21 17:25

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠠ ᠸᠸᠨ ᠶᠧ ) 20 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠪᠦᠬᠦ ᠤᠯᠤᠰ ᠤᠨ ᠲᠦᠷᠦ ᠶᠢᠨ ᠵᠦᠪᠯᠯᠡᠭᠡᠨ ᠤ ᠲᠡᠷᠢᠬᠦᠯᠡᠭᠴᠢ ᠢᠦᠢ ᠵᠧᠩ ᠱᠧᠩ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠲᠤᠮᠲᠠᠲᠤ ᠶᠢᠨ ᠭᠠᠲᠠᠭᠠᠲᠤ ᠲᠠᠢ ᠶᠠᠪᠤᠯᠴᠠᠬᠤ ᠨᠦᠬᠦᠷᠰᠡᠭ ᠬᠤᠯᠪᠤᠭ᠎ᠠ ᠪᠠᠶᠢᠭᠤᠯᠤᠭᠲᠠᠭᠰᠠᠨ 20 ᠵᠢᠯ ᠤᠨ ᠤᠢ ᠶᠢᠨ ᠶᠡᠬᠡ ᠬᠤᠷᠠᠯ ᠵᠢᠴᠢ ᠲᠦᠷᠪᠡᠲᠦᠭᠡᠷ ᠬᠤᠭᠤᠴᠠᠭᠠᠨ ᠤ ᠬᠤᠶᠠᠲᠤᠭᠠᠷ ᠤᠲᠠᠭᠠᠨ ᠤ ᠵᠦᠪᠯᠡᠯ ᠤᠨ ᠭᠡᠰᠢᠬᠦᠳ ᠤᠨ ᠶᠡᠬᠡ ᠬᠤᠷᠠᠯ ᠤᠨ ᠪᠦᠬᠦ ᠲᠦᠯᠦᠭᠡᠯᠡᠭᠴᠢᠳ ᠲᠠᠢ ᠠᠭᠤᠯᠵᠠᠵᠤ᠂ ᠪᠦᠬᠦ ᠲᠦᠯᠦᠭᠡᠯᠡᠭᠴᠢᠳ ᠲᠠᠢ ᠬᠠᠮᠲᠤ ᠶᠢᠨ ᠵᠢᠷᠤᠭ ᠠᠪᠬᠠᠭᠤᠯᠵᠤ ᠦᠭᠡ ᠶᠠᠷᠢᠪᠠ᠃

    ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ )

    ᠢᠦᠢ ᠵᠧᠩ ᠱᠧᠩ ᠨᠠᠮ ᠤᠨ ᠲᠦᠪ ᠬᠤᠷᠢᠶᠠᠨ ᠤ ᠨᠡᠷ᠎᠎ᠡ ᠶᠢᠨ ᠡᠮᠦᠨ᠎ᠡ ᠡᠴᠡ ᠲᠤᠮᠲᠠᠲᠤ ᠶᠢᠨ ᠭᠠᠲᠠᠭᠠᠲᠤ ᠲᠠᠢ ᠶᠠᠪᠤᠯᠴᠠᠬᠤ ᠨᠦᠬᠦᠷᠰᠡᠭ ᠬᠤᠯᠪᠤᠭ᠎ᠠ ᠪᠠᠶᠢᠭᠤᠯᠤᠭᠲᠠᠭᠰᠠᠨ 20 ᠵᠢᠯ ᠤᠨ ᠤᠢ ᠳ᠋ᠤ ᠪᠠᠶᠠᠷ ᠬᠦᠷᠭᠡᠪᠡ᠃ ᠲᠡᠷᠡᠪᠡᠷ 1997 ᠤᠨ ᠳ᠋ᠤ ᠰᠢᠶᠠᠩᠭ᠋ᠠᠩ ᠤᠤᠮᠧᠠ ᠲᠠᠶᠢᠸᠠᠨ ᠤ ᠠᠬ᠎ᠠ ᠲᠡᠭᠦᠦ ᠨᠠᠷ ᠪᠠ ᠭᠠᠲᠠᠭᠠᠲᠤ ᠳ᠋ᠤ ᠪᠠᠶᠢᠬᠤ ᠠᠬᠠᠨ ᠲᠡᠭᠦᠦᠰ ᠯᠤᠭ᠎ᠠ ᠶᠢᠨ ᠨᠦᠬᠦᠷᠰᠡᠭ ᠬᠤᠯᠪᠤᠭ᠎ᠠ ᠶᠢ ᠴᠢᠩᠭ᠋ᠠᠳᠬᠠᠵᠤ᠂ ᠲᠤᠲᠤᠭᠠᠲᠤ ᠭᠠᠲᠠᠭᠠᠲᠤ ᠶᠢᠨ ᠠᠬᠠᠨ ᠲᠡᠭᠦᠦᠰ ᠤᠨ ᠡᠪ ᠨᠢᠭᠡᠲᠦᠯ ᠢ ᠠᠬᠢᠭᠤᠯᠬᠤ ᠪᠡᠷ ᠲᠤᠮᠲᠠᠲᠤ ᠶᠢᠨ ᠭᠠᠲᠠᠭᠠᠲᠤ ᠲᠠᠢ ᠶᠠᠪᠤᠯᠴᠠᠬᠤ ᠨᠦᠬᠦᠷᠰᠡᠭ ᠬᠤᠯᠪᠤᠭ᠎ᠠ ᠶᠢ ᠪᠠᠶᠢᠭᠤᠯᠤᠭᠰᠠᠨ ᠪᠠᠶᠢᠲᠠᠭ᠃ 20 ᠵᠢᠯ ᠤᠨ ᠲᠤᠷᠰᠢᠲᠠ ᠲᠤᠮᠲᠠᠲᠤ ᠶᠢᠨ ᠭᠠᠲᠠᠭᠠᠲᠤ ᠳ᠋ᠡᠬᠢ ᠨᠦᠬᠦᠷᠰᠡᠭ ᠬᠤᠯᠪᠤᠭ᠎ᠠ ᠤᠯᠤᠰ ᠢᠶᠡᠨ ᠬᠠᠶᠢᠷᠠᠯᠠᠬᠤ ᠠᠭᠤᠤ ᠶᠡᠬᠡ ᠲᠤᠭ ᠢ ᠦᠨᠳᠦᠷ ᠡᠷᠭᠦᠵᠦ᠂ ᠲᠦᠪ ᠬᠤᠷᠢᠶᠠᠨ ᠤ ᠴᠤᠪᠤᠷᠠᠯ ᠴᠢᠬᠤᠯᠠ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠯᠤᠰ ᠤᠨ ᠦᠭᠡᠷᠡᠴᠢᠯᠡᠯᠲᠡ ᠬᠦᠭ᠍ᠵᠢᠯᠲᠠ ᠳ᠋ᠤ ᠦᠢᠯᠡᠴᠢᠯᠡᠵᠦ᠂ ᠤᠯᠤᠰ ᠤᠨ ᠲᠤᠲᠤᠭᠠᠲᠤ ᠭᠠᠲᠠᠭᠠᠲᠤ ᠶᠢᠨ ᠠᠬᠠᠨ ᠲᠡᠭᠦᠦᠰ ᠤᠨ ᠨᠦᠬᠦᠷᠰᠡᠭ ᠬᠠᠷᠢᠯᠴᠠᠭ᠎ᠠ ᠶᠢ ᠴᠢᠩᠭ᠋ᠠᠳᠬᠠᠵᠤ᠂ ᠤᠯᠤᠰ ᠤᠨ ᠡᠷᠬᠡ ᠮᠡᠲᠡᠯ ᠢ ᠬᠠᠮᠠᠭᠠᠯᠠᠨ᠂ ᠠᠶᠤᠯᠬᠦᠢ ᠪᠠ ᠬᠦᠭ᠍ᠵᠢᠯᠲᠠ ᠶᠢᠨ ᠠᠰᠢᠭ ᠲᠤᠰᠠ ᠳ᠋ᠤ ᠴᠢᠬᠤᠯᠠ ᠬᠤᠪᠢ ᠨᠡᠮᠡᠷᠢ ᠦᠵᠡᠬᠦᠯᠦᠨ ᠰᠢᠶᠠᠩᠭ᠋ᠠᠩ ᠤᠤᠮᠧᠨ ᠲᠠᠶᠢᠸᠠᠨ ᠪᠠ ᠭᠠᠲᠠᠭᠠᠲᠤ ᠶᠢᠨ ᠤᠯᠤᠰ ᠢᠶᠡᠨ ᠬᠠᠶᠢᠷᠠᠯᠠᠬᠤ ᠬᠦᠮᠦᠰ ᠢ ᠨᠢᠬᠲᠠᠷᠠᠭᠤᠯᠬᠤ ᠴᠢᠬᠤᠯᠠ ᠲᠠᠪᠴᠠᠩ ᠪᠤᠯᠵᠤ᠂ ᠲᠤᠲᠤᠭᠠᠲᠤ ᠭᠠᠲᠠᠭᠠᠲᠤ ᠶᠢᠨ ᠲᠤᠮᠲᠠᠲᠤ ᠶᠢᠨ ᠬᠦᠪᠡᠭᠦᠳ ᠦᠬᠢᠳ ᠤᠨ ᠬᠠᠷᠢᠯᠴᠠᠭᠠᠨ ᠤ ᠬᠦᠦᠷ ᠪᠤᠯᠵᠤ᠂ ᠤᠯᠤᠰ ᠤᠨ ᠨᠢᠭᠡᠲᠦᠯ ᠦᠨᠳᠦᠰᠦᠲᠡᠨ ᠤ ᠰᠡᠷᠬᠦᠨ ᠮᠠᠨᠲᠤᠯᠲᠠ ᠳ᠋ᠤ ᠴᠢᠬᠤᠯᠠ ᠬᠦᠴᠦᠨ ᠪᠤᠯᠪᠠ ᠭᠡᠵᠡᠢ᠃

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ᠂ ᠲᠤᠮᠲᠠᠲᠤ ᠶᠢᠨ ᠭᠠᠲᠠᠭᠠᠲᠤ ᠲᠠᠢ ᠶᠠᠪᠤᠯᠴᠠᠬᠤ ᠨᠦᠬᠦᠷᠰᠡᠭ ᠬᠤᠯᠪᠤᠭᠠᠨ ᠤ ᠲᠠᠷᠤᠭ᠎ᠠ ᠰᠦᠨ ᠴᠦᠨ ᠯᠠᠠ ᠪᠠ ᠬᠠᠮᠢᠶᠠᠲᠠᠢ ᠲᠠᠯ᠎ᠠ ᠶᠢᠨ ᠬᠠᠷᠢᠭᠤᠴᠠᠯᠭᠠᠲᠠᠳ ᠠᠭᠤᠯᠵᠠᠯᠲᠠ ᠳ᠋ᠤ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120791121703601