ᠯᠢᠦ ᠶᠦᠨ ᠱᠠᠨ ᠺᠠᠮᠪᠤᠵᠠ ᠳ᠋ᠤ ᠠᠯᠪᠠᠨ ᠶᠤᠰᠤᠨ ᠤ ᠠᠶᠢᠯᠴᠢᠯᠠᠯ ᠬᠢᠪᠡ 2017-09-22 11:22

    ᠰᠢᠨᠬᠤᠧᠠ ᠬᠤᠷᠢᠶ᠎ᠠ   ᠫᠨᠤᠮ ᠪᠧᠩ ᠤᠨ 9 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠵᠦᠩ ᠹᠠ᠂ ᠮᠤᠤ ᠫᠧᠩ ᠹᠧᠢ ) ᠺᠠᠮᠪᠤᠵᠠ ᠶᠢᠨ ᠠᠷᠠᠳ ᠤᠨ ᠨᠠᠮ ᠤᠨ ᠤᠷᠢᠯᠭ᠎ᠠ ᠪᠡᠷ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠯᠢᠦ ᠶᠦᠨ ᠱᠠᠨ 9 ᠰᠠᠷ᠎ᠠ ᠶᠢᠨ 19 ᠤ ᠡᠲᠦᠷ ᠡᠴᠡ 21 ᠤ ᠡᠲᠦᠷ ᠪᠤᠯᠲᠠᠯ᠎ᠠ ᠺᠠᠮᠪᠤᠵᠠ ᠳ᠋ᠤ ᠠᠯᠪᠠᠨ ᠶᠤᠰᠤᠨ ᠤ ᠠᠶᠢᠯᠴᠢᠯᠠᠯ ᠬᠢᠪᠡ᠃ ᠲᠡᠷᠡᠪᠡᠷ ᠫᠨᠤᠮ ᠪᠧᠩ ᠳ᠋ᠤ ᠠᠷᠠᠳ ᠤᠨ ᠨᠠᠮ ᠤᠨ ᠲᠡᠷᠢᠬᠦᠯᠡᠭᠴᠢ᠂ ᠵᠠᠰᠠᠭ ᠤᠨ ᠭᠠᠵᠠᠷ ᠤᠨ ᠲᠡᠷᠢᠬᠦᠨ ᠰᠠᠶᠢᠳ ᠬᠤᠩᠰᠧᠨ ᠪᠠ ᠤᠯᠤᠰ ᠤᠨ ᠤᠷᠤᠯᠠᠭᠴᠢ ᠲᠡᠷᠢᠬᠦᠯᠡᠭᠴᠢ᠂ ᠠᠷᠠᠳ ᠤᠨ ᠨᠠᠮ ᠤᠨ ᠲᠡᠳ᠋ ᠲᠡᠷᠢᠬᠦᠯᠡᠭᠴᠢ᠂ ᠵᠦᠪᠯᠯᠡᠭᠡᠨ ᠤᠨ ᠬᠤᠷᠠᠯ ᠤᠨ ᠲᠡᠷᠢᠬᠦᠯᠡᠭᠴᠢ ᠰᠠᠶᠢᠴᠦ᠋ᠩ ᠲᠠᠢ ᠲᠤᠰᠪᠤᠷᠢ ᠠᠭᠤᠯᠵᠠᠪᠠ᠃

    ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠫᠠᠩ ᠰᠢᠩ ᠯᠧᠢ )

  ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠯᠢᠨ )

    ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠫᠠᠩ ᠰᠢᠩ ᠯᠧᠢ )

    ᠬᠤᠩᠰᠧᠨ ᠲᠠᠢ ᠠᠭᠤᠯᠵᠠᠬᠤ ᠦᠶ᠎ᠠ ᠪᠡᠷ ᠯᠢᠦ ᠶᠦᠨ ᠱᠠᠨ ᠬᠡᠯᠡᠬᠦ ᠳ᠋ᠡᠭᠡᠨ᠂ ᠲᠤᠮᠲᠠᠲᠤ ᠺᠠᠮᠪᠤᠵᠠ ᠪᠤᠯ ᠡᠶ᠎ᠡ ᠨᠠᠶᠢᠷᠲᠠᠢ ᠨᠢᠭᠡᠨ ᠭᠡᠷ ᠪᠦᠯᠢ ᠮᠡᠲᠦ᠂ ᠬᠤᠶᠠᠷ ᠤᠯᠤᠰ ᠤᠨ ᠠᠷᠠᠳ ᠲᠦᠮᠡᠨ ᠠᠬᠠᠨ ᠲᠡᠭᠦᠦᠰ ᠮᠡᠲᠦ ᠲᠤᠲᠤᠨᠤ᠂ ᠭᠠᠲᠠᠭᠠᠲᠤ ᠬᠠᠷᠢᠯᠴᠠᠭ᠎ᠠ ᠪᠠᠶᠢᠭᠤᠯᠤᠭᠰᠠᠨ 59 ᠵᠢᠯ ᠤᠨ ᠲᠤᠷᠰᠢ ᠡᠯ᠎ᠡ ᠰᠠᠯᠪᠤᠷᠢ ᠶᠢᠨ ᠬᠦᠷᠢᠶᠠᠨ ᠳ᠋ᠤ ᠨᠦᠬᠦᠷᠰᠡᠭ ᠬᠠᠮᠲᠤᠷᠠᠯᠴᠠᠵᠤ ᠦᠷ᠎ᠡ ᠪᠦᠲᠦᠮᠵᠢ ᠡᠯᠪᠡᠭ᠌᠂ ᠨᠡᠷ᠎ᠡ ᠨᠢᠲᠡᠷ ᠲᠡᠭᠡᠨ ᠨᠡᠶᠢᠴᠡᠭᠰᠡᠨ ᠰᠠᠶᠢᠨ ᠬᠦᠷᠰᠢ᠂ ᠰᠠᠶᠢᠨ ᠨᠠᠶᠢᠵᠠ᠂ ᠰᠠᠶᠢᠨ ᠠᠬ᠎ᠠ ᠲᠡᠭᠦᠦ᠂ ᠰᠠᠶᠢᠨ ᠨᠦᠬᠦᠷ ᠶᠤᠮ᠃ ᠲᠤᠮᠲᠠᠲᠤ ᠶᠢᠨ ᠲᠠᠯ᠎ᠠ ᠺᠠᠮᠪᠤᠵᠠ ᠶᠢᠨ ᠲᠠᠯ᠎ᠠ ᠲᠠᠢ ᠬᠠᠮᠲᠤ ᠪᠡᠷ ᠰᠢ ᠵᠢᠨ ᠫᠢᠩ ᠲᠡᠷᠢᠬᠦᠯᠡᠭᠴᠢ ᠪᠠ ᠬᠤᠩᠰᠧᠨ ᠲᠡᠷᠢᠬᠦᠨ ᠰᠠᠶᠢᠳ ᠤᠨ ᠲᠤᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠶᠢᠲᠠᠪᠤᠷᠢᠵᠢᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠵᠤ᠂ ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠬᠦᠯᠦᠨ᠎ᠡ᠃ ᠤᠯᠠᠨ ᠤᠯᠤᠰ ᠤᠨ ᠬᠡᠷᠡᠭ ᠶᠠᠪᠤᠲᠠᠯ ᠤᠨ ᠵᠤᠬᠢᠴᠠᠭᠤᠯᠭ᠎ᠠ ᠪᠠᠨ ᠴᠢᠩᠭ᠋ᠠᠳᠬᠠᠵᠤ᠂ ᠲᠤᠮᠲᠠᠲᠤ ᠺᠠᠮᠪᠤᠵᠠ ᠶᠢᠨ ᠨᠦᠬᠦᠷᠯᠡᠯ ᠤᠨ ᠦᠢᠯᠡᠰ ᠢ ᠲᠠᠰᠤᠷᠠᠯᠲᠠ ᠦᠭᠡᠢ ᠠᠬᠢᠭᠤᠯᠵᠤ ᠬᠤᠶᠠᠷ ᠤᠯᠤᠰ ᠤᠨ ᠪᠠᠶᠢᠭᠤᠯᠤᠯᠲᠠ ᠪᠠ ᠬᠦᠭ᠍ᠵᠢᠯᠲᠠ ᠶᠢ ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳ᠋ᠤ ᠨᠡᠩ ᠰᠠᠶᠢᠨ ᠪᠤᠶᠠᠨ ᠦᠢᠯᠡᠳᠦᠨ᠎ᠡ᠃ ᠯᠢᠦ ᠶᠦᠨ ᠱᠠᠨ ᠢᠯᠡᠷᠬᠡᠶᠢᠯᠡᠭᠰᠡᠨ ᠨᠢ᠂ ᠲᠤᠮᠲᠠᠲᠤ ᠤᠯᠤᠰ ᠤᠨ ᠡᠪ ᠬᠠᠮᠲᠤ ᠨᠠᠮ ᠪᠠ ᠺᠠᠮᠪᠤᠵᠠ ᠶᠢᠨ ᠠᠷᠠᠳ ᠤᠨ ᠨᠠᠮ ᠤᠨ ᠬᠠᠷᠢᠯᠴᠠᠭ᠎ᠠ ᠨᠢ ᠬᠤᠶᠠᠷ ᠤᠯᠤᠰ ᠤᠨ ᠬᠠᠷᠢᠯᠴᠠᠭᠠᠨ ᠤ ᠬᠦᠭ᠍ᠵᠢᠯᠲᠠ ᠳ᠋ᠤ ᠴᠢᠬᠤᠯᠠ ᠬᠦᠲᠦᠯᠦᠨ ᠲᠠᠭᠠᠭᠤᠯᠬᠤ ᠦᠢᠯᠡᠲᠦᠯ ᠲᠠᠢ᠂ ᠬᠤᠶᠠᠷ ᠨᠠᠮ ᠲᠡᠭᠡᠳᠦ ᠲᠦᠪᠰᠢᠨ ᠤ ᠠᠭᠤᠯᠵᠠᠯᠲᠠ ᠶᠢ ᠦᠷᠬᠦᠯᠵᠢᠯᠡᠨ ᠨᠢᠬᠲᠠ ᠪᠤᠯᠭᠠᠨ᠂ ᠨᠠᠮ ᠢ ᠵᠠᠰᠠᠬᠤ ᠤᠯᠤᠰ ᠢ ᠵᠠᠰᠠᠬᠤ ᠲᠤᠷᠰᠢᠯᠭ᠎ᠠ ᠪᠠᠨ ᠰᠤᠯᠢᠯᠴᠠᠬᠤ ᠶᠢ ᠭᠦᠨᠵᠡᠭᠡᠶᠢᠷᠡᠬᠦᠯᠵᠦ᠂ ᠡᠯ᠎ᠡ ᠰᠠᠯᠪᠤᠷᠢ ᠶᠢᠨ ᠬᠦᠷᠢᠶᠠᠨ ᠳ᠋ᠡᠬᠢ ᠨᠦᠬᠦᠷᠰᠡᠭ ᠬᠠᠮᠲᠤᠷᠠᠯᠴᠠᠭ᠎ᠠ ᠪᠠᠨ ᠴᠢᠩᠭ᠋ᠠᠳᠬᠠᠵᠤ᠂ ᠬᠤᠶᠠᠷ ᠨᠠᠮ ᠤᠨ ᠬᠠᠷᠢᠯᠴᠠᠭᠠᠨ ᠤ ᠬᠦᠭ᠍ᠵᠢᠯᠲᠠ ᠶᠢ ᠰᠢᠨ᠎ᠡ ᠲᠦᠪᠰᠢᠨ ᠳ᠋ᠤ ᠬᠦᠷᠭᠡᠨ᠎ᠡ᠃ ᠯᠢᠦ ᠶᠦᠨ ᠱᠠᠨ ᠺᠠᠮᠪᠤᠵᠠ ᠶᠢᠨ ᠲᠤᠮᠲᠠᠲᠤ ᠶᠢᠨ ᠲᠠᠯ᠎ᠠ ᠳ᠋ᠤ ᠦᠭ᠍ᠭᠦᠭ᠍ᠰᠡᠨ ᠦᠨᠡᠲᠦ ᠲᠡᠮᠵᠢᠯᠭᠡ ᠳ᠋ᠤ ᠲᠠᠯᠠᠷᠬᠠᠵᠤ᠂ ᠲᠤᠮᠲᠠᠲᠤ ᠶᠢᠨ ᠲᠠᠯ᠎ᠠ ᠺᠠᠮᠪᠤᠵᠠ ᠶᠢᠨ ᠠᠮᠤᠷ ᠲᠤᠭᠲᠠᠭᠤᠨ᠂ ᠬᠦᠭ᠍ᠵᠢᠯᠲᠠ᠂ ᠴᠡᠴᠡᠭᠯᠡᠯ ᠳ᠋ᠤ ᠬᠦᠴᠦᠨ ᠴᠢᠲᠠᠯ ᠭᠠᠷᠭᠠᠵᠤ ᠬᠠᠪᠰᠤᠷᠤᠯᠭ᠎ᠠ ᠲᠡᠮᠵᠢᠯᠭᠡ ᠦᠵᠡᠬᠦᠯᠬᠦ ᠪᠤᠯᠤᠨ᠎ᠠ ᠭᠡᠵᠡᠢ᠃

    ᠠᠭᠤᠯᠵᠠᠯᠲᠠ ᠶᠢᠨ ᠲᠠᠷᠠᠭ᠎ᠠ ᠯᠢᠦ ᠶᠦᠨ ᠱᠠᠨ ᠪᠠ ᠬᠤᠩᠰᠸᠨ ᠬᠤᠶᠠᠷ ᠲᠠᠯ᠎ᠠ ᠶᠢᠨ ᠤᠯᠠᠨ ᠬᠡᠯᠡᠯᠴᠡᠭᠡᠷ ᠤᠨ ᠪᠢᠴᠢᠭ᠌ ᠲᠤ ᠭᠠᠷ ᠤᠨ ᠦᠰᠦᠭ ᠵᠢᠷᠤᠬᠤ ᠶᠤᠰᠤᠯᠠᠯ ᠳ᠋ᠤ ᠤᠷᠤᠯᠴᠠᠪᠠ᠃

    ᠯᠢᠦ ᠶᠦᠨ ᠱᠠᠨ ᠰᠠᠶᠢᠴ᠌ᠦ᠋ᠩ ᠲᠠᠢ ᠠᠭᠤᠯᠵᠠᠬᠤ ᠦᠶ᠎ᠡ ᠪᠡᠷ ᠲᠤᠮᠲᠠᠲᠤ ᠺᠠᠮᠪᠤᠵᠠ ᠶᠢᠨ ᠨᠦᠬᠦᠷᠯᠡᠯ ᠬᠤᠪᠢᠷᠠᠯᠲᠠ ᠶᠡᠬᠡᠲᠡᠢ ᠤᠯᠠᠨ ᠤᠯᠤᠰ ᠤᠨ ᠬᠦᠭ᠍ᠵᠢᠯᠲᠠ ᠶᠢ ᠦᠩᠭᠡᠷᠡᠭᠡᠭ᠍ᠰᠡᠨ ᠨᠢ ᠬᠦᠴᠦᠷᠬᠡᠭ᠌ ᠶᠡᠬᠡ ᠠᠮᠢᠵᠢᠷᠠᠯ ᠤᠨ ᠬᠦᠴᠦᠨ ᠢ ᠬᠠᠷᠠᠭᠤᠯᠤᠭᠰᠠᠨ ᠶᠤᠮ᠃ ᠲᠤᠮᠲᠠᠲᠤ ᠶᠢᠨ ᠲᠠᠯ᠎ᠠ ᠲᠤᠮᠲᠠᠲᠤ ᠺᠠᠮᠪᠤᠵᠠ ᠶᠢᠨ ᠬᠠᠷᠢᠯᠴᠠᠭ᠎ᠠ ᠶᠢ ᠲᠡᠭᠡᠳᠦ ᠬᠡᠮᠵᠢᠶ᠎ᠠ ᠪᠡᠷ ᠴᠢᠬᠤᠯᠠᠴᠢᠯᠠᠨ ᠦᠵᠡᠵᠦ᠂ ᠺᠠᠮᠪᠤᠵᠠ ᠶᠢᠨ ᠲᠠᠯ᠎ᠠ ᠲᠠᠢ ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠲᠦᠩᠰᠢᠯᠡᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠬᠦᠯᠵᠦ᠂ ᠬᠠᠮᠲᠤᠪᠡᠷ ᠴᠡᠴᠡᠭᠯᠡᠨ ᠬᠦᠭ᠍ᠵᠢᠬᠦ ᠶᠢ ᠪᠡᠶᠡᠯᠡᠬᠦᠯᠦᠨ ᠲᠤᠮᠲᠠᠲᠤ ᠺᠠᠮᠪᠤᠵᠠ ᠶᠢᠨ ᠬᠠᠷᠢᠯᠴᠠᠭᠠᠨ ᠤ ᠲᠤᠭᠲᠠᠪᠤᠷᠢᠲᠠᠢ ᠤᠷᠤᠭᠰᠢᠯᠠᠬᠤ ᠳ᠋ᠤ ᠪᠠᠲᠤ ᠰᠠᠭᠤᠷᠢ ᠬᠠᠩᠭ᠋ᠠᠨ᠂ ᠲᠤᠮᠲᠠᠲᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠬᠠᠮᠲᠤ ᠪᠡᠷ ᠪᠤᠢ ᠪᠤᠯᠭᠠᠨ᠎ᠠ᠃ ᠯᠢᠦ ᠶᠦᠨ ᠱᠠᠨ ᠢᠯᠡᠷᠬᠡᠶᠢᠯᠡᠭᠰᠡᠨ ᠨᠢ ᠨᠠᠮ ᠤᠨ ᠬᠠᠷᠢᠯᠴᠠᠭ᠎ᠠ ᠪᠤᠯ ᠲᠤᠮᠲᠠᠲᠤ ᠺᠠᠮᠪᠤᠵᠠ ᠶᠢᠨ ᠬᠠᠷᠢᠯᠴᠠᠭᠠᠨ ᠤ ᠴᠢᠬᠤᠯᠠ ᠪᠦᠷᠢᠯᠲᠦᠬᠦᠨ ᠬᠡᠰᠡᠭ᠂ ᠲᠤᠮᠲᠠᠲᠤ ᠤᠯᠤᠰ ᠤᠨ ᠡᠪ ᠬᠠᠮᠲᠤ ᠨᠠᠮ ᠠᠷᠠᠳ ᠤᠨ ᠨᠠᠮ ᠲᠠᠢ ᠨᠦᠬᠦᠷᠰᠡᠭ ᠬᠠᠷᠢᠯᠴᠠᠭ᠎ᠠ ᠪᠠᠨ ᠤᠯᠠᠮ ᠴᠢᠩᠭ᠋ᠠᠳᠬᠠᠵᠤ᠂ ᠨᠠᠮ ᠤᠨ ᠪᠠᠶᠢᠭᠤᠯᠤᠯᠲᠠ ᠶᠢᠨ ᠲᠤᠷᠰᠢᠯᠭ᠎ᠠ ᠶᠢᠨ ᠰᠤᠯᠢᠯᠴᠠᠭ᠎ᠠ ᠪᠠᠨ ᠭᠦᠨᠵᠡᠭᠡᠶᠢᠷᠡᠬᠦᠯᠵᠦ᠂ ᠬᠤᠶᠠᠷ ᠨᠠᠮ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢᠶᠡᠷ ᠬᠤᠶᠠᠷ ᠤᠯᠤᠰ ᠤᠨ ᠬᠠᠷᠢᠯᠴᠠᠭᠠᠨ ᠤ ᠦᠷᠬᠦᠯᠵᠢᠯᠡᠨ ᠤᠷᠤᠭᠰᠢᠯᠠᠬᠤ ᠶᠢ ᠬᠦᠲᠦᠯᠦᠨ ᠲᠠᠭᠠᠭᠤᠯᠬᠤ ᠪᠤᠯᠤᠨ᠎ᠠ ᠭᠡᠵᠡᠢ᠃

    ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠯᠢᠨ )

 ( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠫᠠᠩ ᠰᠢᠩ ᠯᠧᠢ )

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120791121707545