蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠠᠩᠬ᠎ᠠ ᠤᠳᠠᠭ᠎ᠠ ᠤᠮᠠᠷᠠᠳᠤ ᠮᠦᠰᠦᠨ ᠳᠠᠯᠠᠢ ᠶᠢ ᠪᠦᠳᠦᠨ ᠡᠷᠬᠢᠵᠤ ᠬᠠᠶᠢᠨ ᠰᠢᠨᠵᠢᠯᠡᠬᠦ ᠠᠵᠢᠯ ᠢᠶᠡᠨ ᠠᠮᠵᠢᠯᠳᠠ ᠲᠠᠢ ᠪᠡᠶᠡᠯᠡᠬᠦᠯᠪᠡ

2017-09-25 17:16

    ᠰᠢᠨᠬᠤᠧᠠ ᠬᠤᠷᠢᠶ᠎ᠠ   《ᠰᠢᠤᠧᠠᠢ ᠯᠦᠩ》 ᠨᠤᠮᠧᠷᠳᠤ ᠶᠢᠨ 9 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠢᠤᠢ ᠴᠢᠶᠦ᠋ᠩ ᠶᠤᠧᠠᠨ) ᠳᠤᠮᠳᠠᠳᠤ ᠤᠯᠤᠰ ᠤᠨ ᠨᠠᠶ᠋ᠮᠠᠳᠠᠬᠢ ᠤᠳᠠᠭᠠᠨ ᠤ ᠤᠮᠠᠷᠠᠳᠤ ᠳᠤᠶᠢᠯ ᠳ᠋ᠡᠬᠢ ᠰᠢᠨᠵᠢᠯᠡᠬᠦ ᠤᠠᠬᠠᠭᠠᠨ ᠤ ᠬᠠᠶᠢᠨ ᠰᠢᠨᠵᠢᠯᠡᠬᠦ ᠪᠠᠭ 23 ᠤ ᠡᠳᠦᠷ ᠴᠦᠺᠴᠢ ᠳᠠᠯᠠᠢ ᠳᠡᠬᠡᠷ᠎ᠡ ᠬᠠᠮᠤᠭ ᠤᠨ ᠰᠡᠬᠦᠯᠴᠢ ᠶᠢᠨ ᠨᠢᠬᠡ ᠦᠷᠳᠡᠬᠡᠨ ᠤ ᠠᠵᠢᠯ ᠢᠶᠡᠨ ᠳᠠᠭᠤᠰᠬᠠᠭᠠᠳ ᠪᠧᠷᠢᠩ ᠬᠤᠶᠢᠭ ᠢᠶᠡᠷ ᠳᠠᠮᠵᠢᠨ ᠪᠧᠷᠢᠩ ᠳᠠᠯᠠᠢ ᠳᠤ ᠤᠷᠤᠵᠤ ᠠᠩᠬ᠎ᠠ ᠤᠳᠠᠭ᠎ᠠ ᠤᠮᠠᠷᠠᠳᠤ ᠮᠦᠰᠦᠨ ᠳᠠᠯᠠᠢ ᠶᠢ ᠪᠦᠳᠦᠨ ᠡᠷᠬᠢᠵᠤ ᠬᠠᠶᠢᠨ ᠰᠢᠨᠵᠢᠯᠡᠬᠦ ᠠᠵᠢᠯ ᠢᠶᠡᠨ ᠠᠮᠵᠢᠯᠳᠠ ᠲᠠᠢ ᠪᠡᠶᠡᠯᠡᠬᠦᠯᠵᠠᠢ᠃

    ᠳᠤᠮᠳᠠᠳᠤ ᠤᠯᠤᠰ ᠤᠨ ᠬᠠᠶᠢᠨ ᠰᠢᠨᠵᠢᠯᠡᠬᠡᠨ ᠤ ᠪᠠᠭ ᠨᠢ 7 ᠰᠠᠷ᠎ᠠ ᠶᠢᠨ 31 ᠤ ᠡᠳᠦᠷ ᠤᠮᠠᠷᠠᠳᠤ ᠮᠦᠰᠦᠨ ᠳᠠᠯᠠᠢ ᠳᠤ ᠬᠦᠷᠴᠤ ᠠᠵᠢᠯ  ᠢᠶᠡᠨ ᠡᠬᠢᠯᠡᠬᠦᠯᠦᠭᠰᠡᠨ ᠡᠴᠡ ᠨᠠᠰᠢ᠂ ᠤᠮᠠᠷᠠᠳᠤ ᠮᠦᠰᠦᠨ ᠳᠠᠯᠠᠢ ᠶᠢᠨ ᠨᠡᠶᠢᠳᠡ ᠶᠢᠨ ᠪᠦᠰᠡ ᠳᠡᠬᠢ ᠪᠧᠷᠢᠩ ᠳᠠᠯᠠᠢ᠂ ᠴᠦᠺᠴᠢ ᠳᠠᠯᠠᠢ᠂ ᠤᠮᠠᠷᠠᠳᠤ ᠡᠧᠦ᠋ᠷᠦᠫᠠ ᠶᠢᠨ ᠳᠠᠯᠠᠢ ᠵᠡᠷᠬᠡ ᠳᠤ ᠰᠢᠰᠲ᠋ᠧᠮ ᠲᠠᠢ ᠪᠦᠬᠦ ᠳᠠᠯ᠎ᠠ ᠶᠢᠨ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠬᠡ ᠬᠢᠵᠤ ᠮᠠᠨ ᠤ ᠤᠯᠤᠰ ᠯᠠᠪᠷᠠᠳᠤᠷ ᠳᠠᠯᠠᠢ᠂ ᠪᠠᠹᠢᠨ ᠪᠤᠯᠤᠩ ᠵᠡᠷᠬᠡ ᠳᠠᠯᠠᠢ ᠶᠢᠨ ᠪᠦᠰᠡ ᠳᠤ ᠬᠠᠶᠢᠨ ᠰᠢᠨᠵᠢᠯᠡᠬᠡ ᠬᠢᠵᠤ ᠦᠩᠬᠡᠷᠡᠬᠡ ᠦᠬᠡᠢ ᠳᠡᠤᠬᠡ ᠶᠢ ᠡᠴᠤᠰᠯᠡᠬᠦᠯᠦᠭᠰᠡᠨ ᠪᠠᠶᠢᠨ᠎ᠠ᠃

    ᠡᠨᠡᠬᠦ ᠤᠳᠠᠭᠠᠨ ᠤ ᠬᠠᠶᠢᠨ ᠰᠢᠨᠵᠢᠯᠡᠬᠡ ᠪᠡᠷ ᠠᠵᠢᠯ ᠤᠨ ᠪᠠᠭ ᠤᠨ ᠬᠢᠨ 49 ᠦᠷᠳᠡᠬᠡᠨ ᠳᠤ ᠠᠵᠢᠯ ᠡᠬᠦᠷᠬᠡ ᠬᠦᠢᠴᠡᠳᠬᠡᠵᠤ ᠳᠠᠯᠠᠢ ᠳᠠᠩᠬᠢᠰ ᠤᠨ ᠰᠠᠭᠤᠷᠢ ᠤᠷᠴᠢᠨ᠂ ᠳᠠᠯᠠᠢ ᠶᠢᠨ ᠮᠦᠰᠦ᠂ ᠳᠠᠯᠠᠢ ᠳᠠᠩᠬᠢᠰ ᠤᠨ ᠬᠠᠶᠢᠨ ᠬᠡᠮᠵᠢᠯᠳᠡ ᠶᠢᠨ ᠳ᠋ᠠᠶᠢᠲ᠋ᠠ ᠪᠤᠯᠤᠨ ᠵᠢᠷᠤᠭ ᠸᠢᠳᠢᠣ᠋ ᠶᠢᠨ ᠮᠠᠲ᠋ᠧᠷᠢᠶᠠᠯ ᠴᠤᠭᠯᠠᠭᠤᠯᠤᠭᠰᠠᠨ ᠢᠶᠡᠷ ᠮᠠᠨ ᠤ ᠤᠯᠤᠰ ᠤᠨ ᠤᠮᠠᠷᠠᠳᠤ ᠳᠤᠶᠢᠯ ᠤᠨ ᠬᠠᠶᠢᠨ ᠰᠢᠨᠵᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠤᠮᠠᠷᠠᠳᠤ ᠳᠤᠶᠢᠯ ᠤᠨ ᠠᠶᠠᠯᠠᠯ ᠤᠨ ᠱᠤᠭᠤᠮ ᠪᠤᠯᠤᠨ ᠠᠮᠢ ᠠᠬᠤᠢ ᠶᠢᠨ ᠤᠷᠴᠢᠨ ᠤ ᠰᠢᠰᠲ᠋ᠧᠮ ᠲᠠᠢ ᠵᠠᠳᠠᠯᠤᠯᠳᠠ ᠬᠢᠬᠡᠳ ᠦᠨᠡᠯᠡᠬᠡᠨ ᠤ ᠬᠤᠷᠠᠮᠳᠤᠯ ᠳᠤ ᠬᠤᠪᠤᠷ ᠨᠠᠨᠳᠢᠨ ᠮᠠᠲ᠋ᠧᠷᠢᠶᠠᠯ ᠬᠠᠩᠭᠠᠭᠰᠠᠨ ᠳᠡᠳᠦᠢ ᠦᠬᠡᠢ《ᠮᠦᠰᠦᠨ ᠳᠡᠬᠡᠷᠡᠬᠢ ᠳᠤᠷᠭᠠᠨ ᠤ ᠵᠠᠮ》 ᠤᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠬᠠᠶᠢᠨ ᠰᠦᠪᠡᠭᠴᠢᠯᠡᠯᠳᠡ ᠬᠠᠩᠭᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121721627