蒙古文网站Logo
ᠰᠢᠨᠬᠤᠸᠠ ᠮᠤᠩᠭ᠋ᠤᠯ ᠨᠧᠲ

ᠳᠦᠪ ᠤᠨ ᠤᠬᠠᠭᠤᠯᠬᠤ ᠬᠡᠯᠳᠡᠰ ᠵᠠᠩ ᠵᠢᠶᠧ ᠳᠤ《ᠴᠠᠭ ᠡᠷᠢᠨ ᠤ ᠵᠢᠱᠢᠶᠡᠴᠢ》 ᠶᠢᠨ ᠢᠷᠠᠭᠤ ᠠᠯᠳᠠᠷ ᠤᠯᠭᠤᠪᠠ

2017-09-25 17:41

    ᠰᠢᠨᠬᠤᠧᠠ ᠬᠤᠷᠢᠶ᠎ᠠ   ᠪᠡᠬᠡᠵᠢᠩ ᠤᠨ 9 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ   ᠳᠦᠪ ᠤᠨ ᠤᠬᠠᠭᠤᠯᠬᠤ ᠬᠡᠯᠳᠡᠰ 24 ᠤ ᠡᠳᠦᠷ ᠵᠠᠩ ᠵᠢᠶᠧ ᠤᠨ ᠳᠡᠷᠢᠬᠦᠨ ᠤ ᠦᠢᠯᠡ ᠠᠵᠢᠯᠯᠠᠭ᠎ᠠ ᠶᠢ ᠨᠡᠶᠢᠬᠡᠮ ᠳᠤ ᠢᠯᠡ ᠵᠠᠷᠯᠠᠵᠤ᠂ ᠳᠡᠬᠦᠨ ᠳᠤ 《ᠴᠠᠭ ᠡᠷᠢᠨ ᠤ ᠵᠢᠱᠢᠶᠡᠴᠢ》 ᠶᠢᠨ ᠢᠷᠠᠭᠤ ᠠᠯᠳᠠᠷ ᠤᠯᠭᠤᠭᠰᠠᠨ ᠪᠠᠶᠢᠨ᠎ᠠ᠃

    ᠵᠠᠩ ᠵᠢᠶᠧ ᠪᠤᠯ ᠠᠨᠾᠦ᠋ᠢ ᠮᠤᠵᠢ ᠶᠢᠨ ᠪᠠᠩ ᠪᠦ᠋ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠤᠨᠴᠠ ᠴᠠᠭᠳᠠᠭ᠎ᠠ ᠶᠢᠨ ᠰᠠᠯᠪᠤᠷᠢ ᠠᠩᠬᠢ ᠶᠢᠨ ᠨᠢᠬᠡᠳᠦᠬᠡᠷ ᠶᠡᠬᠡ ᠠᠩᠬᠢ ᠶᠢᠨ ᠰᠤᠷᠭᠠᠭᠴᠢ᠃ ᠴᠠᠭᠳᠠᠭᠠᠨ ᠤ ᠠᠵᠢᠯ ᠠᠯᠪᠠ ᠬᠠᠰᠢᠵᠤ ᠶᠠᠪᠤᠭᠰᠠᠨ 17 ᠵᠢᠯ ᠤᠨ ᠳᠤᠷᠰᠢ ᠳᠡᠷᠡᠪᠡᠷ ᠡᠬᠦᠷᠬᠡ ᠬᠠᠷᠢᠭᠤᠴᠠᠯᠭ᠎ᠠ ᠪᠡᠨ ᠪᠠᠳᠤ ᠬᠦᠢᠴᠡᠳᠬᠡᠨ 《ᠤᠯᠤᠰ ᠲᠠᠶᠠᠭᠠᠷ ᠤᠨ ᠳᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠱᠠᠩᠨᠠᠯ》᠂ 《ᠳᠤᠳᠤᠭᠠᠳᠤ ᠶᠢ ᠬᠠᠮᠠᠭᠠᠯᠠᠬᠤ ᠵᠢᠱᠢᠶᠡᠴᠢ》᠂ 《ᠤᠯᠤᠰ ᠲᠠᠶᠠᠭᠠᠷ ᠤᠨ ᠳᠤᠳᠤᠭᠠᠳᠤ ᠶᠢ ᠬᠠᠮᠠᠭᠠᠯᠠᠬᠤ ᠰᠢᠰᠲ᠋ᠧᠮ ᠤᠨ ᠬᠤᠶᠠᠳᠤᠭᠠᠷ ᠳᠡᠰ ᠤᠨ ᠪᠠᠭᠠᠳᠤᠷᠯᠢᠬ ᠵᠢᠱᠢᠶᠡᠴᠢ》᠂ 《ᠳᠤᠮᠳᠠᠳᠤ ᠤᠯᠤᠰ ᠤᠨ ᠰᠠᠶᠢᠨ ᠬᠦᠮᠦᠨ》ᠵᠡᠷᠬᠡ ᠢᠷᠠᠭᠤ ᠠᠯᠳᠠᠷ ᠬᠦᠷᠳᠡᠵᠤ᠂ ᠬᠤᠶᠠᠳᠤᠭᠠᠷ ᠳᠡᠰ ᠤᠨ ᠭᠠᠪᠢᠶ᠎ᠠ 2 ᠤᠳᠠᠭ᠎ᠠ ᠪᠠᠶᠢᠭᠤᠯᠤᠨ 5 ᠤᠳᠠᠭ᠎ᠠ ᠬᠦᠬᠢᠬᠦᠯᠦᠭᠳᠡᠵᠡᠢ᠃

    2016 ᠤᠨ ᠤ 1 ᠰᠠᠷ᠎ᠠ ᠶᠢᠨ 5 ᠤ ᠡᠳᠦᠷ᠂ ᠳᠡᠷᠡᠪᠡᠷ ᠨᠡᠶᠢᠳᠡ ᠶᠢᠨ ᠠᠶᠤᠯᠬᠦᠢ ᠶᠢᠨ ᠬᠦᠨᠳᠦ ᠴᠢᠬᠤᠯᠠ ᠠᠵᠢᠯᠯᠠᠭ᠎ᠠ ᠪᠡᠷ ᠬᠤᠪᠢ ᠶᠢᠨ ᠠᠶᠤᠯ ᠳᠦᠭᠰᠢᠬᠦᠷᠢ ᠶᠢ ᠬᠠᠶᠢᠬᠤᠷᠤᠯ ᠦᠬᠡᠢ ᠳᠠᠭᠠᠷᠢᠨ ᠤᠷᠤᠭᠠᠳ ᠪᠠᠯᠮᠠᠳ ᠡᠳᠡᠬᠡᠳ ᠢ ᠳᠠᠷᠤᠩᠭᠤᠶᠢᠯᠠᠵᠤ ᠪᠤᠳᠠᠳᠤ ᠠᠵᠢᠯᠯᠠᠭ᠎ᠠ ᠪᠡᠷ ᠢᠶᠡᠨ ᠠᠷᠠᠳ ᠤᠨ ᠴᠠᠭᠳᠠᠭᠠᠨ ᠤ ᠠᠷᠠᠳ ᠳᠦᠮᠡᠨ ᠳᠤ ᠦᠢᠯᠡᠴᠢᠯᠡᠬᠦ ᠠᠨᠳᠠᠭᠠᠢ ᠳᠠᠩᠭᠠᠷᠢᠭ ᠢᠶᠡᠨ ᠬᠦᠢᠴᠡᠳᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121721802