ᠰᠢ ᠵᠢᠨ ᠫᠢᠩ᠄ ᠨᠡᠶᠢᠳᠡᠮ ᠳᠡᠭᠡᠨ ᠠᠶᠤᠯᠬᠦᠢ ᠪᠠᠶᠢᠬᠤ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠤᠪᠡᠷ ᠪᠠᠶᠢᠭᠤᠯᠤᠶ᠎ᠠ 2017-09-27 16:50

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ᠂ ᠡᠾᠧᠤ ᠯᠢ ᠵᠢᠶᠦ᠋ᠨ)ᠤᠯᠤᠰ ᠤᠨ ᠲᠡᠷᠢᠬᠦᠯᠡᠭᠴᠢ ᠰᠢ ᠶᠢᠨ ᠫᠢᠩ 26 ᠤ ᠡᠳᠤᠷ ᠪᠡᠭᠡᠵᠢᠩ ᠳᠠᠬᠢ ᠤᠯᠤᠰ ᠤᠨ ᠬᠤᠷᠠᠯ ᠤᠨ ᠲᠦᠪ ᠲᠤ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ 86 ᠳ᠋ᠤᠭᠠᠷ ᠬᠤᠭᠤᠴᠠᠭᠠᠨ ᠤ ᠪᠦᠬᠦᠳᠡ ᠬᠤᠷᠠᠯ ᠤᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠭᠡᠳ《ᠬᠠᠮᠳᠤᠷᠠᠯᠴᠠᠭ᠎ᠠ ᠬᠢᠬᠦ ᠰᠢᠨ᠎ᠡ ᠶᠢ ᠡᠬᠦᠳᠬᠦ ᠬᠠᠤᠯᠢ ᠪᠠᠷ ᠵᠠᠰᠠᠬᠤ ᠬᠠᠮᠳᠤᠪᠡᠷ ᠠᠰᠢᠭ ᠬᠦᠷᠳᠡᠬᠦ ᠶᠢ ᠪᠠᠷᠢᠮᠳᠠᠯᠠᠵᠥ᠂ ᠭᠠᠷ ᠬᠤᠯᠪᠤᠨ ᠪᠦᠬᠦ ᠪᠦᠮᠪᠦᠷᠴᠡᠭ ᠤᠨ ᠠᠶᠤᠯᠬᠦᠢ ᠶᠢᠨ ᠵᠠᠰᠠᠯᠳᠠ ᠶᠢ ᠦᠷᠨᠢᠬᠦᠯᠥᠶ᠎ᠡ》ᠬᠡᠬᠦ ᠰᠡᠳᠤᠪ ᠢᠶᠠᠷ ᠭᠤᠤᠯ ᠵᠤᠷᠢᠯᠳᠡᠳᠤ ᠶᠠᠷᠢᠶ᠎ᠠ ᠢᠯᠡᠳᠬᠡᠯ ᠬᠢᠵᠥ᠂ ᠲᠤᠮᠳᠠᠳᠤ ᠤᠯᠤᠰ ᠲᠤᠷᠠᠳᠠᠶ᠎ᠠ ᠡᠯ᠎ᠡ ᠤᠯᠤᠰ ᠤᠨ ᠵᠠᠰᠠᠭ ᠤᠨ ᠤᠷᠳᠤᠨ ᠵᠢᠴᠢ ᠬᠠᠤᠯᠢ ᠬᠡᠷᠡᠭᠵᠢᠬᠦᠯᠬᠦ ᠪᠠᠶᠢᠭᠤᠯᠤᠮᠵᠢ᠂ ᠡᠯ᠎ᠡ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠲᠠᠢ ᠬᠠᠮᠳᠤᠪᠡᠷ ᠬᠠᠮᠳᠤᠷᠠᠯᠴᠠᠭ᠎ᠠ ᠬᠢᠬᠦ᠂ ᠰᠢᠨ᠎ᠡ ᠶᠢ ᠡᠬᠦᠳᠬᠦ᠂ ᠬᠠᠤᠯᠢ ᠪᠠᠷ ᠵᠠᠰᠠᠬᠤ᠂ ᠬᠠᠮᠳᠤᠪᠡᠷ ᠠᠰᠢᠭ ᠬᠦᠷᠳᠡᠬᠦ ᠲᠤᠭ ᠢ ᠦᠨᠳᠤᠷ ᠮᠠᠨᠳᠤᠭᠤᠯᠵᠥ᠂ ᠨᠡᠶᠢᠳᠡᠮ ᠳᠡᠭᠡᠨ ᠠᠶᠤᠯᠬᠦᠢ ᠪᠠᠶᠢᠬᠤ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠤᠪᠡᠷ ᠪᠠᠶᠢᠭᠤᠯᠤᠨ᠎ᠠ ᠬᠡᠵᠥ ᠴᠢᠬᠤᠯᠠᠴᠢᠯᠠᠵᠠᠢ᠃

    9᠄30 ᠴᠠᠭ ᠤᠨ ᠦᠶ᠎ᠡ ᠪᠠᠷ᠂ ᠰᠢ ᠶᠢᠨ ᠫᠢᠩ ᠬᠤᠷᠠᠯ ᠤᠨ ᠲᠠᠯᠠᠪᠠᠢ ᠳᠤ ᠠᠯᠬᠤᠨ ᠤᠷᠤᠭᠰᠠᠨ᠎ᠠ᠂ ᠲᠠᠯᠠᠪᠠᠢ ᠲᠠᠶᠠᠭᠠᠷ ᠨᠢᠵᠢᠬᠢᠨᠡᠳᠡᠯ᠎ᠡ ᠠᠯᠠᠭ᠎ᠠ ᠲᠠᠰᠢᠪᠠ᠃

    ᠶᠤᠰᠤᠯᠠᠯ ᠤᠨ ᠠᠩᠬᠢ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠲᠤᠭ ᠢ ᠬᠠᠮᠠᠭᠠᠯᠠᠨ ᠲᠠᠯᠠᠪᠠᠢ ᠳᠤ ᠤᠷᠤᠪᠠ᠃

    ᠨᠢᠵᠢᠭᠢᠨᠡᠭᠰᠡᠨ ᠠᠯᠠᠭ᠎ᠠ ᠲᠠᠰᠢᠯᠳᠠ ᠶᠢᠨ ᠲᠠᠭᠤᠨ ᠢᠶᠠᠷ᠂ ᠰᠢ ᠶᠢᠨ ᠫᠢᠩ ᠴᠢᠬᠤᠯᠠ ᠶᠠᠷᠢᠶ᠎ᠠ ᠢᠯᠡᠳᠬᠡᠯ ᠬᠢᠵᠡᠢ᠃ ᠲᠡᠷᠡ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠪᠠᠶᠢᠭᠤᠯᠤᠭᠳᠠᠭᠰᠠᠠ ᠵᠠᠭᠤ ᠰᠢᠬᠠᠮ ᠵᠢᠯ ᠤᠨ ᠲᠤᠷᠰᠢ᠂ ᠢᠳᠡᠭᠡᠯᠴᠡᠭᠡ ᠬᠠᠮᠵᠢᠯᠴᠠᠭ᠎ᠠ ᠪᠠᠨ ᠨᠡᠮᠡᠭᠳᠡᠬᠦᠯᠬᠦ᠂ ᠲᠡᠯᠡᠬᠡᠢ ᠶᠢᠨ ᠠᠶᠤᠯᠬᠦᠢ ᠶᠢ ᠠᠬᠢᠭᠤᠯᠬᠤ ᠪᠠᠷ ᠡᠬᠦᠷᠬᠡ ᠪᠤᠯᠭᠠᠵᠥ᠂ ᠲᠡᠯᠡᠬᠡᠢ ᠶᠢᠷᠲᠢᠨᠴᠣ ᠶᠢ ᠨᠡᠩ ᠠᠶᠤᠯᠬᠦᠢ ᠪᠠᠶᠢᠯᠭᠠᠬᠤ ᠤᠢᠢᠯᠠᠭᠠᠬᠳᠠᠬᠤᠨ ᠢ ᠵᠢᠷᠤᠮᠯᠠᠵᠥ᠂ ᠲᠡᠯᠡᠬᠡᠢ ᠶᠢᠨ ᠡᠯ᠎ᠡ ᠤᠯᠤᠰ ᠤᠨ ᠴᠠᠭᠳᠠᠭ᠎ᠠ ᠶᠢᠨ ᠬᠢᠨ ᠤ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ᠂ ᠤᠯᠠᠨ ᠤᠯᠤᠰ ᠤᠨ ᠬᠠᠤᠯᠢ ᠬᠡᠷᠡᠭᠵᠢᠬᠦᠯᠬᠦ ᠠᠶᠤᠯᠬᠦᠢ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ᠂ ᠶᠠᠯᠠᠳᠤ ᠠᠵᠢᠯᠯᠠᠭ᠎ᠠ ᠳᠤ ᠬᠠᠮᠳᠤᠪᠡᠷ ᠴᠤᠬᠢᠯᠳᠠ ᠦᠭᠬᠦ ᠳᠤ ᠤᠷᠤᠯᠠᠭᠤᠯᠵᠥ ᠪᠤᠯᠤᠰᠢ ᠦᠭᠡᠢ ᠴᠢᠬᠤᠯᠠ ᠦᠢᠯᠡᠳᠦᠯ ᠦᠵᠡᠬᠦᠯᠵᠡᠢ᠃ ᠲᠤᠮᠳᠠᠳᠤ ᠤᠯᠤᠰ 1984 ᠤᠨ ᠳᠤ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠳᠠᠬᠢ ᠬᠠᠤᠯᠢ ᠶᠤᠰᠤᠨ ᠤ ᠤᠷᠤᠨ ᠪᠠᠶᠢᠷᠢ ᠪᠠᠨ ᠰᠡᠷᠬᠦᠬᠡᠭᠰᠡᠡ ᠠᠴᠠ ᠨᠠᠰᠢ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠵᠤᠷᠢᠯᠳᠡ ᠶᠢ ᠰᠡᠬᠢᠵᠥ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠲᠦᠷᠢᠮ ᠢ ᠵᠢᠷᠤᠮᠯᠠᠵᠥ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠵᠢᠴᠢ ᠪᠦᠷᠢᠯᠳᠦᠬᠦᠨ ᠤᠯᠤᠰ ᠤᠨ ᠴᠠᠭᠳᠠᠭ᠎ᠠ ᠶᠢᠨ ᠲᠠᠯ᠎ᠠ ᠯᠤᠭ᠎ᠠ ᠶᠢᠨ ᠬᠠᠤᠯᠢ ᠬᠡᠷᠡᠭᠵᠢᠬᠦᠯᠬᠦ ᠠᠶᠤᠯᠬᠦᠢ ᠶᠢᠨ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ ᠬᠦᠨᠵᠡᠬᠡᠶᠢᠷᠡᠬᠦᠯᠵᠥ᠂ ᠲᠡᠯᠡᠬᠡᠢ ᠶᠢᠨ ᠠᠶᠤᠯᠬᠦᠢ ᠲᠤᠭᠳᠠᠭᠤᠨ ᠪᠠᠶᠢᠳᠠᠯ ᠢ ᠬᠠᠮᠠᠭᠠᠯᠠᠬᠤ ᠳᠤ ᠬᠤᠪᠢ ᠨᠡᠮᠡᠷᠢ ᠦᠵᠡᠬᠦᠯᠵᠡᠢ ᠬᠡᠵᠥ ᠵᠢᠭᠠᠵᠥ ᠭᠠᠷᠭᠠᠪᠠ᠃

    ᠰᠢ ᠶᠢᠨ ᠫᠢᠩ᠂ ᠤᠳᠤ ᠶᠢᠨ ᠲᠡᠯᠡᠬᠡᠢ ᠶᠢᠷᠳᠢᠨᠴᠤ ᠳᠤ ᠠᠶᠤᠯᠬᠦᠢ ᠶᠢᠨ ᠠᠰᠠᠭᠤᠳᠠᠯ ᠤᠨ ᠬᠤᠯᠪᠤᠯᠳᠤᠬᠤ ᠴᠢᠨᠠᠷ᠂ ᠤᠯᠤᠰ ᠠᠯᠤᠰᠯᠠᠬᠤ ᠴᠢᠨᠠᠷ᠂ ᠤᠯᠠᠨ ᠶᠠᠩᠵᠥᠳᠤ ᠴᠢᠨᠠᠷ ᠤᠯᠠᠮ ᠲᠤᠪᠤᠶᠢᠮ᠎ᠠ ᠪᠤᠯᠵᠥ ᠪᠠᠶᠢᠨ᠎ᠠ᠃ ᠠᠶᠤᠯᠬᠦᠢ ᠶᠢᠨ ᠠᠰᠠᠭᠤᠳᠠᠯ ᠪᠤᠯ ᠬᠦᠮᠥᠨ ᠲᠦᠷᠦᠯᠬᠢᠳᠡᠨ ᠤ ᠠᠯᠤᠰ ᠢᠷᠡᠬᠡᠳᠤᠢ ᠬᠤᠪᠢ ᠵᠠᠶᠠᠭ᠎ᠠ ᠲᠠᠢ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠪᠤᠯᠤᠨ᠎ᠠ᠃ ᠡᠩᠬᠡ ᠲᠠᠶᠢᠪᠤᠩ ᠪᠤᠯᠤᠨ ᠬᠦᠭᠵᠢᠯᠳᠡ ᠶᠢ ᠠᠬᠢᠭᠤᠯᠬᠤ ᠳᠤ ᠶᠠᠭᠤᠨ ᠤ ᠡᠮᠤᠨ᠎ᠡ ᠠᠶᠤᠯᠬᠦᠢ ᠲᠤᠭᠳᠠᠭᠤᠨ ᠪᠠᠶᠢᠳᠠᠯ ᠢ ᠬᠠᠮᠠᠭᠠᠯᠠᠬᠤ ᠬᠡᠷᠡᠭᠳᠡᠢ; ᠠᠶᠤᠯᠬᠦᠢ ᠲᠤᠭᠳᠠᠭᠤᠨ ᠪᠠᠶᠢᠳᠠᠯ ᠪᠠᠶᠢᠬᠤ ᠦᠭᠡᠢ ᠪᠤᠯ ᠡᠩᠬᠡ ᠲᠠᠶᠢᠪᠤᠩ ᠪᠠ ᠬᠦᠭᠵᠢᠯᠳᠡ ᠶᠢ ᠶᠠᠷᠢᠬᠤ ᠶᠢᠨ ᠠᠷᠭ᠎ᠠ ᠦᠭᠡᠢ ᠪᠤᠯᠤᠨ᠎ᠠ᠃ ᠲᠤᠮᠳᠠᠳᠤ ᠤᠯᠤᠰ ᠲᠤᠷᠠᠳᠠᠶ᠎ᠠ ᠡᠯ᠎ᠡ ᠤᠯᠤᠰ ᠤᠨ ᠵᠠᠰᠠᠭ ᠤᠨ ᠤᠷᠳᠤᠨ ᠵᠢᠴᠢ ᠬᠠᠤᠯᠢ ᠬᠡᠷᠡᠭᠵᠢᠬᠦᠯᠬᠦ ᠪᠠᠶᠢᠭᠤᠯᠤᠮᠵᠢ᠂ ᠡᠯ᠎ᠡ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠲᠠᠢ ᠬᠠᠮᠳᠤᠪᠡᠷ ᠬᠠᠮᠳᠤᠷᠠᠯᠴᠠᠭ᠎ᠠ ᠬᠢᠬᠦ᠂ ᠰᠢᠨ᠎ᠡ ᠶᠢ ᠡᠬᠦᠳᠬᠦ᠂ ᠬᠠᠤᠯᠢ ᠪᠠᠷ ᠵᠠᠰᠠᠬᠤ᠂ ᠬᠠᠮᠳᠤᠪᠡᠷ ᠠᠰᠢᠭ ᠬᠦᠷᠳᠡᠬᠦ ᠲᠤᠭ ᠢ ᠦᠨᠳᠤᠷ ᠮᠠᠨᠳᠤᠭᠤᠯᠵᠥ᠂ ᠴᠠᠭᠳᠠᠭ᠎ᠠ ᠶᠢᠨ ᠠᠵᠢᠯ ᠪᠤᠯᠤᠨ ᠠᠶᠤᠯᠬᠦᠢ ᠶᠢᠨ ᠲᠠᠯ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠥ᠂ ᠨᠡᠶᠢᠳᠡᠮ ᠳᠡᠭᠡᠨ ᠠᠶᠤᠯᠬᠦᠢ ᠪᠠᠶᠢᠬᠤ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠤᠪᠡᠷ ᠪᠠᠶᠢᠭᠤᠯᠤᠨ᠎ᠠ ᠬᠡᠵᠥ ᠴᠢᠬᠤᠯᠠᠴᠢᠯᠠᠵᠠᠢ᠃

    ᠰᠢ ᠶᠢᠨ ᠫᠢᠩ ᠤᠯᠠᠨ ᠤᠯᠤᠰ ᠤᠨ ᠬᠠᠤᠯᠢ ᠬᠡᠷᠡᠭᠵᠢᠭᠦᠯᠬᠦ ᠠᠶᠤᠯᠬᠦᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ 4 ᠵᠤᠷᠢᠯᠳᠡ ᠳᠤᠷᠠᠳᠴᠠᠢ᠃

    ᠨᠢᠭᠡᠳᠦᠭᠡᠷ ᠲᠤ᠂ ᠬᠠᠮᠳᠤᠷᠠᠯᠴᠠᠭ᠎ᠠ ᠬᠢᠵᠥ ᠬᠠᠮᠲᠤᠪᠡᠷ ᠪᠠᠶᠢᠭᠤᠯᠬᠤ ᠶᠢ ᠪᠠᠷᠢᠮᠲᠠᠯᠠᠵᠤ᠂ ᠦᠨᠢ ᠤᠳᠠᠭᠠᠨ ᠤ ᠠᠶᠤᠯᠬᠦᠢ ᠶᠢ ᠪᠡᠶᠡᠯᠡᠭᠦᠯᠤᠶ᠎ᠠ᠃ ᠳᠡᠯᠡᠬᠡᠢ ᠶᠢᠨ ᠬᠤᠪᠢ ᠵᠠᠶᠠᠭ᠎ᠠ ᠶᠢ ᠡᠯ᠎ᠡ ᠤᠯᠤᠰ ᠬᠠᠮᠲᠤᠪᠡᠷ ᠡᠵᠡᠮᠳᠡᠵᠦ᠂ ᠪᠦᠬᠦ ᠪᠦᠮᠪᠦᠷᠴᠡᠭ ᠤᠨ ᠬᠡᠷᠡᠭ ᠶᠠᠪᠤᠳᠠᠯ ᠢ ᠡᠯ᠎ᠡ ᠤᠯᠤᠰ ᠬᠠᠮᠲᠤᠪᠡᠷ ᠵᠦᠪᠳᠡᠯᠴᠡᠪᠡᠯ ᠵᠤᠬᠢᠨ᠎ᠠ᠃ ᠠᠶᠤᠯᠬᠦᠢ ᠶᠢᠨ ᠠᠰᠠᠭᠤᠳᠠᠯ ᠪᠤᠯ ᠬᠤᠤᠰ ᠴᠢᠭᠯᠡᠯ ᠤᠨ ᠪᠦᠭᠡᠳ ᠬᠤᠯᠪᠤᠯᠳᠤᠯ ᠲᠠᠢ ᠪᠠᠶᠢᠳᠠᠬ᠃ ᠡᠯ᠎ᠡ ᠤᠯᠤᠰ ᠴᠦᠮ ᠤᠯᠠᠨ ᠤᠯᠤᠰ ᠪᠠ ᠭᠠᠵᠠᠷ ᠤᠷᠤᠨ ᠤ ᠠᠶᠤᠯᠬᠦᠢ ᠶᠢᠨ ᠬᠡᠷᠡᠭ ᠶᠠᠪᠤᠳᠠᠯ ᠳᠤ ᠤᠷᠤᠯᠴᠠᠬᠤ ᠡᠷᠬᠡ ᠲᠠᠢ᠂ ᠪᠠᠰᠠ ᠴᠦᠮ ᠤᠯᠠᠨ ᠤᠯᠤᠰ ᠪᠠ ᠭᠠᠵᠠᠷ ᠤᠷᠤᠨ ᠤ ᠠᠶᠤᠯᠬᠦᠢ ᠶᠢ ᠬᠠᠮᠠᠭᠠᠯᠠᠬᠤ ᠬᠠᠷᠢᠭᠤᠴᠠᠯᠭ᠎ᠠ ᠲᠠᠢ᠃ ᠶᠡᠭᠡ ᠤᠯᠤᠰ ᠦᠪᠡᠷ ᠤᠨ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠶᠢᠨ ᠬᠠᠮᠲᠤ ᠪᠤᠰᠤᠳ ᠤᠯᠤᠰ ᠢᠯᠠᠩᠭᠤᠶ᠎ᠠ ᠦᠷᠭᠡᠨ ᠤᠯᠠᠨ ᠬᠦᠭᠵᠢᠵᠦ ᠪᠠᠶᠢᠭ᠎ᠠ ᠤᠯᠤᠰ ᠤᠨ ᠪᠦᠬᠦ ᠪᠦᠮᠪᠦᠷᠴᠡᠭ ᠤᠨ ᠠᠶᠤᠯᠬᠦᠢ ᠶᠢᠨ ᠵᠠᠰᠠᠯᠲᠠ ᠳᠤ ᠦᠷᠭᠡᠨ ᠬᠡᠪᠴᠢᠶ᠎ᠡ ᠪᠠᠷ ᠡᠷᠬᠡ ᠲᠡᠭᠰᠢ ᠪᠠᠷ ᠤᠷᠤᠯᠴᠠᠬᠤ ᠶᠢ ᠳᠡᠮᠵᠢᠨ ᠵᠤᠷᠢᠬᠵᠢᠭᠤᠯᠪᠠᠯ ᠵᠤᠬᠢᠨ᠎ᠠ᠃ ᠡᠯ᠎ᠡ ᠤᠯᠤᠰ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠬᠰᠠᠨ᠂ ᠦᠷᠬᠦᠯᠵᠢᠯᠡᠬᠦ ᠪᠦᠬᠦ ᠪᠦᠮᠪᠦᠷᠴᠡᠭ ᠤᠨ ᠠᠶᠤᠯᠬᠦᠢ ᠶᠢᠨ ᠦᠵᠡᠯᠲᠡ ᠶᠢ ᠪᠤᠢ ᠪᠤᠯᠭᠠᠵᠤ᠂ ᠠᠮᠤᠷ ᠲᠦᠪᠰᠢᠨ ᠤ ᠦᠷᠢᠰᠦᠯᠳᠦᠭᠡᠨ ᠢ ᠬᠠᠮᠲᠤᠷᠠᠨ ᠠᠷᠭᠠᠴᠠᠬᠤ ᠤᠬᠠᠮᠰᠠᠷ ᠢ ᠪᠤᠢ ᠪᠤᠯᠭᠠᠵᠤ᠂ ᠬᠠᠮᠲᠤᠷᠠᠯᠴᠠᠭ᠎ᠠ ᠪᠠᠷ ᠬᠦᠭᠵᠢᠯᠲᠡ᠂ ᠲᠤᠬᠲᠠᠭᠤᠨ ᠢ ᠪᠤᠳᠤᠯᠬᠢᠯᠠᠵᠤ᠂ ᠠᠶᠤᠯᠬᠦᠢ ᠢᠶᠡᠷ ᠡᠩᠬᠡ ᠲᠠᠶᠢᠪᠤᠩ᠂ ᠬᠦᠭᠵᠢᠯᠲᠡ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠦᠨᠢ ᠤᠳᠠᠭᠠᠨ ᠤ ᠠᠶᠤᠯᠬᠦᠢ ᠲᠤᠬᠲᠠᠭᠤᠨ ᠤᠷᠴᠢᠨ ᠲᠤᠭᠤᠷᠢᠨ ᠢ ᠴᠢᠷᠮᠠᠶᠢᠨ ᠪᠤᠢ ᠪᠤᠯᠭᠠᠵᠤ ᠦᠭᠬᠦ ᠬᠡᠷᠡᠭᠳᠠᠢ᠃

    ᠬᠤᠶᠠᠳᠤᠭᠠᠷ ᠲᠤ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠮᠲᠤᠪᠡᠷ ᠵᠠᠰᠠᠬᠤ ᠶᠢ ᠪᠡᠶᠡᠯᠡᠭᠦᠯᠤᠶ᠎ᠠ᠃ ᠪᠦᠬᠦ ᠪᠦᠮᠪᠦᠷᠴᠡᠭ ᠤᠨ ᠠᠶᠤᠯᠬᠦᠢ ᠶᠢᠨ ᠵᠠᠰᠠᠯᠲᠠ ᠶᠢᠨ ᠰᠢᠰᠲ᠋ᠧᠮ ᠨᠡᠩ ᠲᠦᠪ ᠭᠤᠤᠯᠴᠢ᠂ ᠨᠡᠩ ᠵᠦᠢ ᠵᠤᠬᠢᠰᠲᠠᠢ᠂ ᠨᠡᠩ ᠪᠦᠲᠦᠮᠵᠢᠲᠡᠢ ᠴᠢᠭᠯᠡᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠤᠯᠤᠰ ᠤᠨ ᠵᠠᠰᠠᠬ ᠤᠨ ᠭᠠᠵᠠᠷ ᠪᠠ ᠵᠠᠰᠠᠬ ᠤᠨ ᠭᠠᠵᠠᠷ ᠤᠨ ᠬᠤᠭᠤᠷᠤᠨᠳᠤᠬᠢ ᠵᠤᠬᠢᠶᠠᠨ ᠪᠠᠶᠢᠭᠤᠯᠤᠯᠲᠠ ᠠᠶᠤᠯᠬᠦᠢ ᠶᠢᠨ ᠵᠠᠰᠠᠯᠲᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠵᠠᠰᠠᠬ ᠤᠨ ᠭᠠᠵᠠᠷ ᠤᠨ ᠪᠤᠰᠤ ᠵᠤᠬᠢᠶᠠᠨ ᠪᠠᠶᠢᠭᠤᠯᠤᠯᠲᠠ᠂ ᠤᠯᠤᠰ ᠠᠯᠤᠰᠯᠠᠬᠰᠠᠨ ᠺᠤᠮᠫᠠᠨᠢ᠂ ᠠᠷᠠᠳ ᠢᠷᠭᠡᠨ ᠪᠠ ᠨᠡᠶᠢᠭᠡᠮ ᠤᠨ ᠬᠢᠨ ᠤ ᠢᠳᠡᠪᠬᠢᠲᠡᠢ ᠤᠷᠤᠯᠴᠠᠬᠤ ᠶᠢ ᠵᠤᠷᠢᠬᠵᠢᠭᠤᠯᠵᠤ᠂ ᠠᠶᠤᠯᠬᠦᠢ ᠶᠢᠨ ᠵᠠᠰᠠᠯᠲᠠ ᠶᠢᠨ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠪᠦᠮᠪᠦᠷᠴᠡᠭ ᠤᠨ ᠵᠠᠰᠠᠯᠲᠠ ᠶᠢᠨ ᠰᠢᠰᠲ᠋ᠧᠮ ᠳᠤ ᠦᠭᠡᠷᠡᠴᠢᠯᠡᠯᠲᠡ ᠬᠢᠵᠦ ᠲᠡᠭᠦᠯᠳᠡᠷᠵᠢᠭᠦᠯᠵᠦ᠂ ᠠᠶᠤᠯᠬᠦᠢ ᠶᠢᠨ ᠵᠠᠰᠠᠯᠲᠠ ᠶᠢᠨ ᠬᠦᠴᠦᠨ ᠴᠢᠳᠠᠯ ᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢᠯᠲᠠ᠂ ᠰᠢᠨᠵᠢᠯᠡᠬᠦ ᠤᠬᠠᠭᠠᠨᠴᠢᠯᠠᠯᠲᠠ᠂ ᠤᠶᠤᠨᠴᠢᠯᠡᠯᠲᠡ᠂ ᠬᠠᠤᠯᠢᠵᠢᠯᠲᠡ ᠶᠢ ᠬᠦᠴᠦᠯᠡᠨ ᠠᠬᠢᠭᠤᠯᠵᠤ᠂ ᠠᠶᠤᠯᠬᠦᠢ ᠶᠢᠨ ᠵᠠᠰᠠᠯᠲᠠ ᠶᠢᠨ ᠵᠦᠡᠭᠨᠡᠯᠳᠡᠳᠤ ᠴᠢᠨᠠᠷ᠂ ᠤᠨᠤᠪᠴᠢᠲᠤ ᠴᠢᠨᠠᠷ᠂ ᠪᠦᠲᠦᠮᠵᠢᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃

    ᠭᠤᠷᠪᠠᠳᠤᠭᠠᠷ ᠲᠤ᠂ ᠬᠠᠤᠯᠢᠵᠢᠯ ᠤᠨ ᠵᠤᠷᠢᠬ ᠰᠠᠨᠠᠭ᠎ᠠ ᠶᠢ ᠪᠠᠷᠢᠮᠲᠠᠯᠠᠵᠤ᠂ ᠲᠦᠪ ᠭᠤᠤᠯᠴᠢ ᠰᠢᠳᠤᠷᠭᠤ ᠶᠤᠰᠤ ᠶᠢ ᠪᠠᠶᠡᠯᠡᠭᠦᠯᠤᠶ᠎ᠠ᠃ ᠬᠠᠤᠯᠢᠵᠢᠯ ᠪᠤᠯ ᠬᠦᠮᠦᠨ ᠲᠦᠷᠦᠯᠬᠢᠲᠡᠨ ᠤ ᠤᠯᠤᠰ ᠲᠦᠷᠦ ᠶᠢᠨ ᠪᠤᠯᠪᠠᠰᠤᠨ ᠤ ᠴᠢᠬᠤᠯᠠ ᠦᠷ᠎ᠡ ᠪᠦᠲᠦᠭᠡᠯ᠂ ᠤᠳᠤ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠦᠨᠳᠦᠰᠦᠨ ᠠᠷᠭ᠎ᠠ ᠪᠠᠷᠢᠯ ᠪᠤᠯᠤᠨ᠎ᠠ᠃ ᠤᠯᠤᠰ ᠪᠠ ᠤᠯᠤᠰ ᠤᠨ ᠬᠤᠭᠤᠷᠤᠨᠳᠤ ᠬᠠᠤᠯᠢ ᠬᠡᠷᠡᠭᠵᠢᠭᠦᠯᠬᠦ ᠠᠶᠤᠯᠬᠦᠢ ᠶᠢᠨ ᠬᠠᠮᠲᠤᠷᠠᠯᠴᠠᠭ᠎ᠠ ᠶᠢ ᠦᠷᠨᠢᠭᠦᠯᠬᠦ ᠳᠤ᠂ ᠬᠤᠶᠠᠷ ᠤᠯᠤᠰ ᠤᠨ ᠲᠤᠰ ᠲᠤᠰ ᠤᠨ ᠬᠠᠤᠯᠢ ᠴᠠᠭᠠᠵᠠ ᠳᠦᠷᠢᠮ ᠳᠤᠬᠲᠠᠭᠠᠯ ᠢ ᠵᠢᠷᠤᠮᠯᠠᠬᠤ ᠪᠠᠷ ᠪᠠᠷᠠᠬᠤ ᠦᠭᠡᠢ᠂ ᠪᠠᠰᠠ ᠤᠯᠠᠨ ᠤᠯᠤᠰ ᠤᠨ ᠬᠠᠤᠯᠢ ᠶᠢᠨ ᠡᠷᠬᠡ ᠲᠡᠭᠰᠢ ᠨᠢᠭᠡᠳᠦᠯᠲᠡᠢ ᠬᠡᠷᠡᠭᠯᠡᠬᠦ ᠶᠢ ᠪᠠᠲᠤᠯᠠᠬᠤ ᠬᠡᠷᠡᠭᠲᠡᠢ᠂ ᠬᠤᠤᠰ ᠪᠠᠷᠢᠮᠵᠢᠶ᠎ᠠ ᠶᠢ ᠬᠡᠷᠡᠭᠵᠢᠭᠦᠯᠵᠦ ᠪᠤᠯᠬᠤ ᠦᠭᠡᠢ᠂ ᠨᠡᠩ ᠴᠤ ᠰᠠᠨᠠᠯ ᠨᠢᠭᠡᠳᠦᠪᠡᠯ ᠬᠡᠷᠡᠭᠯᠡᠵᠦ᠂ ᠰᠠᠨᠠᠯ ᠨᠢᠭᠡᠳᠬᠦ ᠦᠭᠡᠢ ᠪᠤᠯ ᠬᠠᠶᠠᠵᠤ ᠪᠤᠯᠬᠤ ᠦᠭᠡᠢ᠃ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠦᠨᠳᠦᠰᠦᠨ ᠳᠦᠷᠢᠮ ᠵᠢᠴᠢ ᠤᠯᠠᠨ ᠤᠯᠤᠰ ᠤᠨ ᠡᠷᠡᠭᠦᠦ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠲᠠ ᠶᠢᠨ ᠳᠦᠷᠢᠮ ᠲᠤᠭᠳᠠᠭᠠᠯ ᠢ ᠪᠠᠷᠢᠮᠲᠠᠯᠠᠨ ᠬᠠᠮᠠᠭᠠᠯᠠᠵᠤ᠂ ᠤᠯᠤᠰ ᠠᠯᠤᠰᠯᠠᠭᠰᠠᠨ ᠶᠠᠯᠠᠲᠦ ᠠᠵᠢᠯᠯᠠᠭ᠎ᠠ ᠳᠤ ᠴᠤᠬᠢᠯᠲᠠ ᠦᠭᠬᠦ ᠨᠡᠶᠢᠲᠡ ᠶᠢᠨ ᠭᠡᠷ᠎ᠠ ᠪᠠ ᠢᠯᠵᠢᠷᠡᠯ ᠢ ᠡᠰᠡᠷᠭᠦᠴᠡᠬᠦ ᠨᠡᠶᠢᠳᠡ ᠶᠢᠨ ᠭᠡᠷ᠎ᠠ ᠶᠢ ᠨᠠᠷᠢᠨ ᠬᠢᠨᠠᠮᠠᠭᠠᠢ ᠭᠦᠢᠴᠡᠳᠭᠡᠵᠤ᠂ ᠬᠤᠯᠪᠤᠭᠳᠠᠯ ᠪᠦᠬᠦᠢ ᠤᠯᠠᠨ ᠤᠯᠤᠰ ᠤᠨ ᠶᠤᠰᠤ ᠳᠦᠷᠢᠮ ᠢ ᠲᠠᠰᠤᠷᠠᠯᠲᠡ ᠦᠭᠡᠢ ᠲᠡᠭᠦᠯᠳᠡᠷᠵᠢᠭᠦᠯᠵᠤ᠂ ᠤᠯᠠᠨ ᠤᠯᠤᠰ ᠤᠨ ᠡᠮᠬᠢ ᠵᠢᠷᠤᠮ ᠲᠦᠪ ᠭᠤᠤᠯᠴᠢ ᠵᠦᠢ ᠵᠤᠬᠢᠰᠲᠠᠢ ᠪᠠᠶᠢᠬᠤ᠂ ᠬᠦᠮᠦᠨ ᠲᠦᠷᠦᠯᠬᠢᠲᠡᠨ ᠤ ᠨᠡᠶᠢᠭᠡᠮ ᠲᠦᠪ ᠭᠤᠤᠯᠴᠢ ᠰᠢᠳᠤᠷᠭᠤ ᠶᠤᠰᠤ ᠲᠠᠢ ᠪᠠᠶᠢᠬᠤ ᠶᠢ ᠪᠠᠲᠤᠯᠠᠬᠤ ᠬᠡᠷᠡᠭᠲᠠᠢ᠃

    ᠳᠦᠷᠪᠡᠳᠦᠭᠡᠷ ᠲᠤ᠂ ᠬᠠᠷᠢᠯᠴᠠᠨ ᠠᠰᠢᠭᠲᠠᠢ ᠪᠠᠶᠢᠵᠤ ᠬᠠᠮᠲᠦᠪᠡᠷ ᠠᠰᠢᠭ ᠬᠦᠷᠲᠡᠬᠦ ᠶᠢ ᠪᠠᠷᠢᠮᠲᠠᠯᠠᠵᠤ᠂ ᠲᠡᠩᠴᠡᠭᠦᠷᠢᠲᠠᠢ ᠪᠦᠭᠡᠳ ᠡᠯ᠎ᠠ ᠲᠠᠯ᠎ᠠ ᠶᠢᠨ ᠬᠢᠨ ᠳᠤ ᠴᠦᠮ ᠠᠰᠢᠭᠲᠠᠢ ᠪᠠᠶᠢᠬᠤ ᠶᠢ ᠪᠡᠶᠡᠯᠡᠭᠦᠯᠦᠶ᠎ᠡ᠃ ᠡᠯ᠎ᠠ ᠲᠠᠯ᠎ᠠ ᠶᠢᠨ ᠬᠢᠨ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ᠂ ᠤᠯᠠᠨ ᠲᠠᠯ᠎ᠠ ᠪᠠᠷ ᠠᠰᠢᠭ ᠬᠦᠷᠲᠡᠬᠦ᠂ ᠬᠠᠮᠲᠦᠪᠡᠷ ᠠᠰᠢᠭ ᠬᠦᠷᠲᠡᠬᠦ ᠤᠢᠢᠯᠠᠭᠠᠭᠳᠠᠬᠤᠨ ᠢ ᠪᠠᠷᠢᠮᠲᠠᠯᠠᠵᠤ᠂ ᠲᠤᠰ ᠪᠡᠶ᠎ᠠ ᠶᠢᠨ ᠠᠶᠤᠯᠬᠦᠢ ᠶᠢ ᠪᠡᠶᠡᠯᠡᠭᠦᠯᠬᠦ ᠶᠢᠨ ᠬᠠᠮᠲᠦ ᠪᠤᠰᠤᠳ ᠤᠯᠤᠰ ᠤᠨ ᠠᠶᠤᠯᠬᠦᠢ ᠶᠢ ᠪᠠᠰᠠ ᠪᠤᠳᠤᠯᠬᠢᠯᠠᠵᠤ᠂ ᠬᠠᠷᠢᠯᠴᠠᠨ ᠠᠰᠢᠭᠲᠠᠢ ᠪᠠᠶᠢᠵᠤ ᠬᠠᠮᠲᠦᠪᠡᠷ ᠠᠰᠢᠭ ᠬᠦᠷᠲᠡᠬᠦ ᠠᠶᠤᠯᠬᠦᠢ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠠᠢ᠃ ᠨᠠᠶᠢᠷ ᠵᠢᠷᠤᠮ ᠠᠰᠢᠭ ᠲᠤᠰᠠ ᠶᠢ ᠵᠡᠷᠭᠡᠪᠡᠷ ᠪᠤᠳᠤᠯᠬᠢᠯᠠᠪᠠᠯ ᠰᠠᠶ᠋ᠢ ᠨᠠᠶᠢᠷ ᠵᠢᠷᠤᠮ ᠠᠰᠢᠭ ᠲᠤᠰᠠ ᠶᠢ ᠵᠡᠷᠭᠡᠪᠡᠷ ᠤᠯᠵᠤ᠂ ᠨᠠᠶᠢᠷ ᠵᠢᠷᠤᠮ ᠠᠰᠢᠭ ᠲᠤᠰᠠ ᠶᠢ ᠲᠡᠩᠴᠡᠭᠦᠷᠢᠰᠢᠭᠦᠯᠪᠡᠯ ᠰᠠᠶ᠊ᠢ ᠨᠠᠶᠢᠷ ᠵᠢᠷᠤᠮ ᠠᠰᠢᠭ ᠲᠤᠰᠠ ᠶᠢ ᠬᠠᠮᠲᠦᠪᠡᠷ ᠬᠦᠷᠲᠡᠵᠥ ᠴᠢᠳᠠᠨ᠎ᠠ᠃ ᠵᠦᠪ ᠨᠠᠶᠢᠷ ᠵᠢᠷᠤᠮ ᠠᠰᠢᠭ ᠲᠤᠰᠠ ᠶᠢᠨ ᠦᠵᠡᠯᠲᠡ ᠶᠢ ᠪᠤᠢ ᠪᠤᠯᠭᠠᠵᠤ᠂ ᠶᠡᠭᠡ ᠤᠯᠤᠰ ᠠᠶᠤᠯᠬᠦᠢ ᠪᠤᠯᠤᠨ ᠬᠦᠭᠵᠢᠯᠲᠠ ᠶᠢᠨ ᠲᠠᠯ᠎ᠠ ᠪᠠᠷ ᠬᠦᠭᠵᠢᠭᠡᠳᠦᠢ ᠤᠯᠤᠰ ᠪᠤᠯᠤᠨ ᠭᠠᠵᠠᠷ ᠤᠷᠤᠨ ᠳᠤ ᠨᠡᠩ ᠶᠡᠭᠡ ᠳᠡᠮᠵᠢᠯᠭᠡ ᠬᠠᠩᠭᠠᠬᠤ ᠬᠡᠷᠡᠭᠳᠠᠢ᠃

    ᠰᠢ ᠶᠢᠨ ᠫᠢᠩ᠂ ᠲᠤᠰ ᠤᠯᠤᠰ ᠤᠨ ᠢᠶᠠᠨ ᠬᠦᠭᠵᠢᠯᠲᠠ ᠶᠢ ᠪᠡᠶᠡᠯᠡᠭᠦᠯᠵᠤ ᠪᠠᠶᠢᠬᠤ ᠪᠤᠯ ᠳᠡᠯᠡᠬᠡᠢ ᠳ᠋ᠠᠬᠢᠨ ᠳᠤ ᠬᠤᠪᠢ ᠨᠡᠮᠡᠷᠢ ᠦᠵᠡᠭᠦᠯᠵᠤ ᠪᠠᠶᠢᠬᠤ ᠶᠠᠪᠤᠳᠠᠯ ᠪᠤᠯᠤᠨ᠎ᠠ᠂ ᠲᠤᠰ ᠤᠯᠤᠰ ᠤᠨ ᠢᠶᠠᠨ ᠠᠶᠤᠯᠬᠦᠢ ᠲᠤᠭᠳᠠᠭᠤᠨ ᠪᠠᠶᠢᠳᠠᠯ ᠢ ᠪᠡᠶᠡᠯᠡᠭᠦᠯᠵᠤ ᠪᠠᠶᠢᠬᠤ ᠨᠢ ᠴᠤ ᠳᠡᠯᠡᠬᠡᠢ ᠳ᠋ᠠᠬᠢᠨ ᠳᠤ ᠬᠤᠪᠢ ᠨᠡᠮᠡᠷᠢ ᠦᠵᠡᠭᠦᠯᠵᠤ ᠪᠠᠶᠢᠭ᠎ᠠ ᠶᠠᠪᠤᠳᠠᠯ ᠪᠤᠯᠤᠨ᠎ᠠ᠃ ᠠᠷᠠᠳ ᠲᠦᠮᠡᠨ ᠳᠤ ᠠᠶᠤᠯᠬᠦᠢ ᠠᠮᠤᠷ ᠲᠤᠭᠳᠠᠭᠤᠨ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠡᠳ᠋ᠯᠡᠬᠦᠯᠬᠦ ᠪᠤᠯ ᠳᠤᠮᠳᠠᠳᠤ ᠤᠯᠤᠰ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠬᠠᠷᠠᠯᠲᠠ ᠮᠦᠨ᠃ ᠤᠢᠢᠷ᠎ᠠ ᠶᠢᠨ ᠵᠢᠯ ᠠᠴᠠ᠂ ᠪᠢᠳᠡ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠨᠡᠶᠢᠭᠡᠮ ᠤᠨ ᠠᠶᠤᠯᠬᠦᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠵᠠᠢ᠃ ᠤᠳᠤᠬᠠᠨ ᠳᠤ᠂ ᠳᠤᠮᠳᠠᠳᠤ ᠤᠯᠤᠰ ᠤᠨ ᠨᠡᠶᠢᠭᠡᠮ ᠠᠬᠤᠢ ᠠᠮᠤᠷ ᠲᠤᠭᠳᠠᠭᠤᠨ ᠡᠮᠬᠢ ᠵᠢᠷᠤᠮ ᠲᠠᠢ᠂ ᠠᠷᠠᠳ ᠲᠦᠮᠡᠨ ᠤ ᠠᠵᠥ ᠠᠮᠢᠳᠤᠷᠠᠯ ᠠᠮᠤᠷ ᠲᠠᠶᠢᠪᠤᠩ᠂ ᠡᠳᠦᠷ ᠢᠷᠡᠬᠦᠶ᠎ᠠ ᠨᠡᠩ ᠤᠯᠠᠨ ᠬᠦᠮᠦᠰ ᠳᠤᠮᠳᠠᠳᠤ ᠤᠯᠤᠰ ᠢ ᠳᠡᠯᠡᠬᠡᠢ ᠳᠡᠭᠡᠷᠡᠬᠢ ᠬᠠᠮᠤᠭ ᠤᠨ ᠠᠶᠤᠯᠬᠦᠢ ᠤᠯᠤᠰ ᠤᠨ ᠨᠢᠭᠡ ᠪᠤᠯᠤᠨ᠎ᠠ ᠭᠡᠵᠤ ᠦᠵᠡᠵᠤ ᠪᠠᠶᠢᠨ᠎ᠠ᠃ ᠡᠨᠡ ᠪᠤᠯ ᠳᠤᠮᠳᠠᠳᠤ ᠤᠯᠤᠰ ᠠᠴᠠ ᠳᠡᠯᠡᠬᠡᠢ ᠶᠢᠨ ᠠᠶᠤᠯᠬᠦᠢ ᠲᠤᠭᠳᠠᠭᠤᠨ ᠪᠠᠶᠢᠳᠠᠯ ᠳᠤ ᠦᠵᠡᠭᠦᠯᠦᠭᠰᠡᠨ ᠬᠤᠪᠢ ᠨᠡᠮᠡᠷᠢ ᠪᠤᠯᠤᠨ᠎ᠠ ᠭᠡᠵᠤ ᠴᠢᠬᠤᠯᠠᠴᠢᠯᠠᠵᠠᠢ᠃

    ᠰᠢ ᠶᠢᠨ ᠫᠢᠩ᠂ ᠳᠤᠮᠳᠠᠳᠤ ᠤᠯᠤᠰ ᠦᠪᠡᠷ ᠤᠨ ᠬᠡᠷᠡᠭ ᠶᠠᠪᠤᠳᠠᠯ ᠢᠶᠠᠨ ᠰᠠᠶᠢᠲᠤᠷ ᠬᠢᠬᠦ ᠶᠢᠨ ᠬᠠᠮᠲᠦ ᠢᠮᠠᠭᠲᠠ ᠦᠪᠡᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠤ᠂ ᠤᠯᠠᠨ ᠤᠯᠤᠰ ᠤᠨ ᠶᠤᠰᠤ ᠳᠦᠷᠢᠮ ᠢ ᠰᠠᠬᠢᠵᠤ᠂ ᠤᠯᠠᠨ ᠤᠯᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠤᠯᠠᠨ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠤᠯᠤᠨ ᠪᠦᠬᠦ ᠪᠦᠮᠪᠦᠷᠴᠡᠭ ᠤᠨ ᠠᠶᠤᠯᠬᠦᠢ ᠶᠢᠨ ᠵᠠᠰᠠᠯᠲᠠ ᠳᠤ ᠢᠳᠡᠪᠬᠢᠲᠠᠢ ᠤᠷᠤᠯᠴᠠᠬᠤ ᠶᠢᠨ ᠬᠠᠮᠲᠦ ᠰᠠᠨᠠᠭᠠᠴᠢᠯᠠᠵᠤ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠢ ᠡᠷᠡᠰ ᠳᠡᠮᠵᠢᠵᠤ᠂ ᠰᠦᠯᠵᠢᠶᠠᠨ ᠤ ᠶᠠᠯᠠᠲᠦ ᠠᠵᠢᠯᠯᠠᠭ᠎ᠠ ᠳᠤ ᠴᠤᠬᠢᠯᠳᠠ ᠦᠭᠬᠦ ᠬᠠᠮᠲᠤᠷᠠᠯᠴᠠᠭ᠎ᠠ ᠶᠢ ᠭᠦᠨᠵᠡᠭᠡᠢ ᠦᠷᠨᠢᠭᠦᠯᠵᠤ᠂ ᠬᠠᠷᠢᠭᠤᠴᠠᠯᠭ᠎ᠠ ᠶᠢ ᠬᠠᠮᠲᠦᠪᠡᠷ ᠡᠭᠦᠷᠭᠡᠯᠡᠬᠦ᠂ ᠨᠡᠶᠢᠭᠡᠮ ᠨᠡᠶᠢᠳᠡ ᠪᠠᠷ ᠢᠶᠠᠨ ᠬᠠᠮᠲᠦᠪᠡᠷ ᠵᠠᠰᠠᠬᠤ ᠤᠯᠠᠨ ᠤᠯᠤᠰ ᠤᠨ ᠬᠤᠤᠷᠳᠤ ᠡᠳ᠋ ᠢ ᠴᠠᠭᠠᠵᠠᠯᠠᠬᠤ ᠬᠠᠮᠲᠤᠷᠠᠯᠴᠠᠭᠠᠨ ᠤ ᠲᠦᠰᠦᠯ ᠢ ᠳᠤᠷᠠᠳᠴᠤ᠂ ᠡᠯ᠎ᠠ ᠤᠯᠤᠰ ᠲᠠᠢ ᠬᠠᠮᠲᠤᠷᠠᠵᠤ ᠳᠡᠯᠡᠬᠡᠢ ᠶᠢᠨ ᠤᠷᠭᠤᠳᠤᠤᠯ ᠬᠡᠷᠡᠭᠳᠡᠨ ᠪᠤᠵᠠᠷ ᠡᠳ᠋ ᠢ ᠨᠡᠬᠡᠮᠵᠢᠯᠡᠬᠦ᠂ ᠴᠠᠬᠢᠯᠭᠠᠨ ᠬᠤᠯᠪᠤᠭ᠎ᠠ ᠪᠠᠷ ᠮᠡᠬᠡᠯᠡᠬᠦ ᠠᠵᠢᠯᠯᠠᠭ᠎ᠠ ᠳᠤ ᠴᠤᠬᠢᠯᠲᠠ ᠦᠭᠬᠦ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠦᠷᠨᠢᠭᠦᠯᠵᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ᠂ ᠤᠯᠠᠨ ᠤᠯᠤᠰ ᠤᠨ ᠡᠷᠡᠭᠦᠦ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠲᠠ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠲᠠ᠂ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠵᠡᠷᠭᠡ ᠤᠯᠠᠨ ᠤᠯᠤᠰ ᠪᠠ ᠤᠷᠤᠨ ᠪᠦᠰᠡ ᠶᠢᠨ ᠬᠠᠮᠲᠤᠷᠠᠯᠴᠠᠭᠠᠨ ᠤ ᠪᠦᠳᠦᠭᠦᠪᠴᠢ ᠲᠦᠰᠦᠪ ᠤᠨ ᠳᠤᠳᠤᠷ᠎ᠠ ᠬᠠᠤᠯᠢ ᠬᠡᠷᠡᠭᠵᠢᠭᠦᠯᠬᠦ ᠠᠶᠤᠯᠬᠦᠢ ᠶᠢᠨ ᠬᠠᠮᠲᠤᠷᠠᠯᠴᠠᠭ᠎ᠠ ᠳᠤ ᠪᠦᠬᠦ ᠲᠠᠯ᠎ᠠ ᠪᠠᠷ ᠤᠷᠤᠯᠴᠠᠵᠤ᠂ ᠮᠸᠢᠢᠭᠤᠩ ᠮᠦᠷᠡᠨ ᠤ ᠤᠷᠤᠰᠬᠠᠯ ᠲᠠᠭᠠᠤ ᠤᠷᠤᠨ ᠤ ᠬᠠᠤᠯᠢ ᠭᠡᠷᠡᠭᠵᠢᠬᠦᠯᠬᠦ ᠠᠶᠤᠯᠬᠦᠢ ᠶᠢᠨ ᠬᠠᠮᠳᠤᠷᠠᠯᠴᠠᠭ᠎ᠠ ᠶᠢᠨ ᠲᠤᠭᠳᠠᠴᠠ ᠶᠢ ᠪᠠᠶᠢᠭᠤᠯᠵᠤ᠂ ᠰᠢᠨ᠎ᠠ ᠠᠽᠢᠶ᠎ᠠ ᠡᠸᠦ᠋ᠷᠤᠫᠠ ᠶᠢᠨ ᠡᠬᠡ ᠬᠠᠭᠤᠷᠠᠢ ᠶᠢᠨ ᠬᠦᠬᠦᠷᠬᠡ ᠶᠢᠨ ᠠᠶᠤᠯᠬᠦᠢ ᠶᠢᠨ ᠬᠤᠩᠬᠢᠯ ᠤᠨ ᠤᠯᠠᠨ ᠤᠯᠤᠰ ᠤᠨ ᠬᠠᠤᠯᠢ ᠭᠡᠷᠡᠭᠵᠢᠬᠦᠯᠬᠦ ᠬᠠᠮᠳᠤᠷᠠᠯᠴᠠᠭ᠎ᠠ ᠶᠢᠨ ᠹᠤᠷᠦ᠋ᠮ ᠪᠠᠶᠢᠭᠤᠯᠪᠠ᠃ ᠳᠤᠮᠳᠠᠳᠤ ᠤᠯᠤᠰ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠶᠢ ᠡᠷᠡᠰ ᠲᠡᠮᠵᠢᠨ ᠢᠳᠡᠪᠬᠢᠳᠠᠢ ᠤᠷᠤᠯᠴᠠᠵᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠶᠤᠯᠬᠦᠢ ᠶᠢᠨ ᠵᠦᠪᠯᠡᠯ ᠤᠨ 5 ᠪᠠᠶᠢᠩᠭᠤ ᠶᠢᠨ ᠭᠡᠷᠡᠭ ᠡᠷᠬᠢᠯᠡᠭᠴᠢ ᠤᠯᠤᠰ ᠤᠨ ᠲᠤᠳᠤᠷ᠎ᠠ ᠡᠩᠬᠡ ᠲᠠᠶᠢᠪᠤᠩ ᠢ ᠬᠠᠮᠠᠭᠠᠯᠠᠬᠤ ᠬᠦᠮᠦᠰ ᠢ ᠬᠠᠮᠤᠬ ᠤᠨ ᠤᠯᠠᠨ ᠲᠤᠮᠢᠯᠠᠬᠰᠠᠨ ᠤᠯᠤᠰ ᠪᠤᠯᠤᠨ᠎ᠠ ᠬᠡᠵᠤ ᠵᠢᠭᠠᠵᠤ ᠭᠠᠷᠭᠠᠪᠠ᠃

    ᠰᠢ ᠶᠢᠨ ᠫᠢᠩ᠂ ᠳᠤᠮᠳᠠᠳᠤ ᠤᠯᠤᠰ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠲᠡᠯᠡᠬᠡᠢ ᠶᠢᠨ ᠠᠶᠤᠯᠬᠦᠢ ᠲᠤᠭᠳᠠᠭᠤᠨ ᠪᠠᠶᠢᠳᠠᠯ ᠢ ᠬᠠᠮᠠᠭᠠᠯᠠᠬᠤ ᠶᠢᠨ ᠲᠦᠯᠤᠬᠡ ᠭᠠᠷᠭᠠᠬᠰᠠᠨ ᠴᠢᠷᠮᠠᠶᠢᠯᠭ᠎ᠠ ᠶᠢ ᠲᠡᠭᠡᠳᠤ ᠬᠡᠮᠵᠢᠶ᠎ᠠ ᠪᠠᠷ ᠮᠠᠬᠳᠠᠨ ᠰᠠᠶᠢᠰᠢᠶᠠᠵᠤ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠢᠨ ᠪᠦᠬᠦ ᠪᠦᠮᠪᠦᠷᠴᠡᠭ ᠤᠨ ᠵᠠᠰᠠᠯᠳᠠ ᠳᠤ ᠨᠡᠩ ᠶᠡᠭᠡ ᠤᠢᠢᠯᠠᠳᠤᠯ ᠦᠵᠡᠬᠦᠯᠬᠦ ᠶᠢ ᠦᠷᠬᠦᠯᠵᠢᠯᠠᠨ ᠲᠡᠮᠵᠢᠨ᠎ᠠ᠃ ᠬᠤᠶᠢᠰᠢᠳᠠ ᠶᠢᠨ 5 ᠵᠢᠯ ᠳᠤ᠂ ᠳᠤᠮᠳᠠᠳᠤ ᠤᠯᠤᠰ ᠤᠨ ᠵᠠᠰᠠᠬ ᠤᠨ ᠤᠷᠳᠤᠨ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠪᠦᠬᠦ ᠪᠦᠮᠪᠦᠷᠴᠡᠭ ᠤᠨ ᠠᠵᠢᠯᠯᠠᠭ᠎ᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠠᠤᠯᠢ ᠭᠡᠷᠡᠭᠵᠢᠬᠦᠯᠬᠦ ᠴᠢᠳᠠᠪᠤᠷᠢ ᠶᠢᠨ ᠪᠠᠶᠢᠭᠤᠯᠤᠯᠳᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠪᠦᠬᠦ ᠪᠦᠮᠪᠦᠷᠴᠡᠭ ᠤᠨ ᠨᠦᠯᠤᠬᠡᠯᠡᠬᠦ ᠬᠦᠴᠦᠨ ᠪᠤᠯᠤᠨ ᠤᠳᠤᠷᠢᠳᠬᠤ ᠬᠦᠴᠦᠨ ᠢᠶᠠᠨ ᠲᠡᠭᠡᠭᠰᠢᠯᠡᠬᠦᠯᠬᠦ ᠶᠢ ᠲᠡᠮᠵᠢᠨ᠎ᠠ ᠬᠡᠵᠤ ᠴᠢᠬᠤᠯᠠᠴᠢᠯᠠᠪᠠ᠃

    ᠰᠢ ᠶᠢᠨ ᠫᠢᠩ᠂ ᠡᠩᠬᠡ ᠲᠠᠶᠢᠪᠤᠩ ᠪᠤᠯᠤᠨ ᠬᠦᠭᠵᠢᠯᠳᠠ ᠶᠢᠨ ᠵᠠᠮ ᠲᠡᠶᠢᠮᠦ ᠰᠢᠭᠤᠳ ᠰᠢᠯᠤᠭᠤᠨ ᠪᠢᠰᠢ ᠶᠤᠮ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ ᠳᠤ᠂ ᠡᠯ᠎ᠠ ᠤᠯᠤᠰ ᠤᠨ ᠬᠢᠨ ᠴᠦᠬᠦᠷᠡᠰᠢ ᠦᠬᠡᠢ ᠴᠢᠷᠮᠠᠶᠢᠯᠭ᠎ᠠ ᠭᠠᠷᠭᠠᠬᠤ ᠬᠡᠷᠡᠭᠳᠠᠢ᠃ ᠳᠤᠮᠳᠠᠳᠤ ᠤᠯᠤᠰ ᠲᠤᠷᠠᠳᠠᠶ᠎ᠠ ᠦᠷᠬᠡᠨ ᠤᠯᠠᠨ ᠪᠦᠷᠢᠯᠳᠦᠭᠦᠨ ᠤᠯᠤᠰ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠤᠯᠤᠨ ᠪᠠᠶᠢᠭᠤᠯᠤᠮᠵᠢ ᠲᠠᠢ ᠨᠢᠬᠳᠠ ᠬᠠᠮᠵᠢᠯᠴᠠᠵᠤ᠂ ᠬᠦᠴᠤ ᠪᠠᠨ ᠬᠠᠮᠳᠤᠳᠬᠠᠨ ᠬᠠᠮᠳᠤᠷᠠᠨ ᠠᠵᠢᠯᠯᠠᠵᠤ᠂ ᠪᠦᠬᠦ ᠪᠦᠮᠪᠦᠷᠴᠡᠭ ᠤᠨ ᠠᠶᠤᠯᠬᠦᠢ ᠶᠢᠨ ᠵᠠᠰᠠᠯᠳᠠ ᠳᠤ ᠢᠳᠡᠪᠬᠢᠳᠠᠢ ᠤᠷᠤᠯᠴᠠᠵᠤ᠂ ᠬᠦᠮᠤᠨ ᠲᠦᠷᠤᠯᠬᠢᠳᠠᠨ ᠤ ᠡᠩᠬᠡ ᠲᠠᠶᠢᠪᠤᠩ ᠪᠤᠯᠤᠨ ᠬᠦᠭᠵᠢᠯᠳᠠ ᠶᠢᠨ ᠡᠷᠬᠢᠮ ᠲᠡᠭᠡᠳᠤ ᠤᠢᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠤᠨ᠎ᠠ ᠬᠡᠵᠤ ᠵᠢᠭᠠᠵᠤ ᠭᠠᠷᠭᠠᠪᠠ᠃

    ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠲᠡᠷᠢᠬᠦᠯᠡᠭᠴᠢ ᠮᠧᠩ ᠬᠤᠩ ᠸᠧᠢ ᠡᠬᠢᠯᠡᠯᠳᠡ ᠶᠢᠨ ᠶᠤᠰᠤᠯᠠᠯ ᠢ ᠡᠷᠬᠢᠯᠠᠪᠠ᠃ ᠡᠬᠢᠯᠡᠯᠳᠡ ᠶᠢᠨ ᠶᠤᠰᠤᠯᠠᠯ ᠠᠴᠠ ᠡᠮᠤᠨ᠎ᠠ᠂ ᠰᠢ ᠶᠢᠨ ᠫᠢᠩ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠦᠢᠴᠡᠳᠬᠡᠬᠦ ᠵᠦᠪᠯᠡᠯ ᠤᠨ ᠬᠡᠰᠢᠬᠦᠨ ᠵᠢᠴᠢ ᠨᠠᠷᠢᠨ ᠪᠢᠴᠢᠭ ᠤᠨ ᠲᠠᠷᠤᠭ᠎ᠠ ᠲᠠᠢ ᠬᠠᠮᠳᠤ ᠭᠡᠷᠡᠯ ᠵᠢᠷᠤᠬ ᠲᠠᠳᠠᠭᠤᠯᠪᠠ᠃

    ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠲᠦᠷᠤ ᠶᠢᠨ ᠪᠤᠳᠤᠯᠭ᠎ᠠ ᠰᠤᠳᠤᠯᠬᠤ ᠲᠠᠰᠤᠬ ᠤᠨ ᠡᠷᠬᠢᠯᠡᠭᠴᠢ ᠸᠠᠩ ᠬᠤ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠧᠩ ᠵᠢᠶᠠᠨ ᠵᠦ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠯᠢ ᠵᠠᠨ ᠱᠦ᠂ ᠲᠦᠷᠤ ᠶᠢᠨ ᠶᠠᠪᠤᠳᠠᠯ ᠤᠨ ᠬᠡᠰᠢᠬᠦᠨ ᠶᠠᠩ ᠵᠢᠶᠧ ᡂᠢ᠂ ᠲᠦᠷᠤ ᠶᠢᠨ ᠶᠠᠪᠤᠳᠠᠯ ᠤᠨ ᠬᠡᠰᠢᠬᠦᠨ ᠪᠦᠬᠡᠳ ᠳᠤᠳᠤᠭᠠᠳᠤ ᠶᠢ ᠬᠠᠮᠠᠭᠠᠯᠠᠬᠤ ᠶᠠᠮᠤᠨ ᠤ ᠰᠠᠶᠢᠳ ᠬᠦᠸᠧ ᠱᠧᠩ ᠺᠦᠨ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃

    ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠪᠤᠯ ᠬᠡᠪᠴᠢᠶ᠎ᠠ ᠪᠠᠷ ᠬᠠᠮᠤᠬ ᠤᠨ ᠶᠡᠭᠡ᠂ ᠪᠦᠷᠢᠯᠳᠤᠬᠦᠨ ᠤ ᠲᠤᠭ᠎ᠠ ᠬᠠᠮᠤᠬ ᠤᠨ ᠤᠯᠠᠨ᠂ ᠲᠦᠯᠤᠬᠡᠯᠡᠬᠦ ᠴᠢᠨᠠᠷ ᠢᠶᠠᠷ ᠬᠠᠮᠤᠬ ᠤᠨ ᠦᠷᠬᠡᠨ ᠤᠯᠠᠨ ᠤᠯᠤᠰ ᠤᠨ ᠬᠠᠤᠯᠢ ᠭᠡᠷᠡᠭᠵᠢᠬᠦᠯᠬᠦ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠪᠤᠯᠤᠨ᠎ᠠ᠃ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ 86 ᠳ᠋ᠤᠭᠠᠷ ᠬᠤᠭᠤᠴᠠᠭᠠᠨ ᠤ ᠪᠦᠬᠦᠳᠡ ᠬᠤᠷᠠᠯ 9 ᠰᠠᠷ᠎ᠠ ᠶᠢᠨ 26 ᠤ ᠡᠳᠤᠷ ᠠᠴᠠ 29 ᠤ ᠡᠳᠤᠷ ᠪᠤᠯᠳᠠᠯ᠎ᠠ ᠪᠡᠬᠡᠵᠢᠩ ᠳᠤ ᠶᠠᠪᠤᠬᠳᠠᠨ᠎ᠠ᠂ 158 ᠤᠯᠤᠰ ᠪᠤᠯᠤᠨ ᠭᠠᠵᠠᠷ ᠤᠷᠤᠨ ᠠᠴᠠ ᠢᠷᠡᠭᠰᠡᠨ ᠬᠠᠤᠯᠢ ᠭᠡᠷᠡᠭᠵᠢᠬᠦᠯᠦᠭᠴᠢ᠂ ᠤᠯᠠᠨ ᠤᠯᠤᠰ ᠤᠨ ᠡᠷᠡᠬᠦᠤ ᠶᠢᠨ ᠴᠠᠭᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ᠂ ᠬᠤᠯᠪᠤᠬᠳᠠᠯ ᠪᠦᠬᠦᠢ ᠤᠯᠠᠨ ᠤᠯᠤᠰ ᠤᠨ ᠪᠠᠶᠢᠭᠤᠯᠤᠮᠵᠢ ᠶᠢᠨ ᠲᠦᠯᠤᠬᠡᠯᠡᠭᠴᠢ ᠬᠤᠷᠠᠯ ᠳᠤ ᠤᠷᠤᠯᠴᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120701121733745