ᠯᠢ ᠺᠧ ᠴᠢᠶᠠᠩ ᠲᠦᠷᠦ ᠵᠢᠨ ᠶᠠᠪᠤᠳᠠᠯ ᠤᠨ ᠬᠤᠷᠢᠶᠠᠨ ᠤ ᠪᠠᠢᠢᠩᠭᠤ ᠵᠢᠨ ᠬᠤᠷᠠᠯ ᠢ ᠡᠷᠬᠢᠯᠡᠨ ᠬᠤᠷᠠᠯᠳᠤᠭᠤᠯᠪᠠ 2017-09-28 10:22

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ   ᠲᠦᠷᠦ ᠵᠢᠨ ᠶ᠍ᠠᠪᠤᠳᠠᠯ ᠤᠨ ᠬᠤᠷᠢᠶᠠᠨ ᠤ ᠶ᠍ᠡᠷᠦᠩᠭᠡᠢ ᠰᠠᠢᠢᠳ ᠯᠢ ᠺᠧ ᠴᠢᠶᠠᠩ 9 ᠰᠠᠷ᠎ᠠ ᠵᠢᠨ 27 ᠤ ᠡᠳᠦᠷ ᠲᠦᠷᠦ ᠵᠢᠨ ᠶ᠍ᠠᠪᠤᠳᠠᠯ ᠤᠨ ᠬᠤᠷᠢᠶᠠᠨ ᠤ ᠪᠠᠢᠢᠩᠭᠤ ᠵᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠦᠪ ᠤᠨ ᠠᠵᠤ ᠠᠬᠤᠢᠢᠯᠠᠯ ᠢ ᠨᠡᠢᠢᠳᠭᠡᠨ ᠲᠡᠬᠢᠨ ᠪᠠᠢᠢᠭᠤᠯᠬᠤ ᠵᠢ ᠠᠬᠢᠭᠤᠯᠬᠤ ᠠᠵᠢᠯ ᠤᠨ ᠮᠡᠳᠡᠬᠦᠯᠦᠯᠳᠠ ᠵᠢ ᠰᠤᠨᠤᠰᠴᠦ᠂ ᠦᠭᠡᠷᠡᠴᠢᠯᠡᠯᠳᠠ ᠪᠡᠷ ᠪᠦᠳᠦᠴᠡ ᠵᠢ ᠰᠢᠯᠢᠳᠡᠭᠵᠢᠬᠦᠯᠦᠨ ᠦᠷ᠎ᠠ ᠠᠰᠢᠬ ᠢ ᠳᠡᠭᠡᠭᠰᠢᠯᠡᠭᠦᠯᠬᠦ ᠵᠢ ᠠᠬᠢᠭᠤᠯᠬᠤ ᠪᠡᠷ ᠪᠤᠯᠪᠠ; ᠪᠠᠭ᠎ᠠ ᠵᠢᠵᠢᠭ᠌ ᠠᠵᠤ ᠠᠬᠤᠢᠢᠯᠠᠯ ᠳᠤ ᠲᠦᠷᠦ ᠵᠢᠨ ᠪᠤᠳᠤᠯᠭ᠎ᠠ ᠵᠢᠨ ᠳᠡᠮᠵᠢᠯᠭᠡ ᠦᠵᠡᠡᠭᠦᠯᠬᠦ ᠪᠠ ᠮᠦᠩᠬᠦᠨ ᠬᠦᠢᠯᠭᠡᠭᠡᠨ ᠤ ᠦᠢᠯᠡᠴᠢᠯᠡᠭᠡ ᠬᠠᠨᠭᠭᠠᠬᠤ ᠵᠢ ᠴᠢᠩᠭᠠᠳᠬᠠᠬᠤ ᠠᠵᠢᠯ ᠢ ᠪᠠᠢᠢᠷᠢᠯᠠᠭᠤᠯᠵᠦ᠂ ᠡᠳ᠋ ᠤᠨ ᠵᠠᠰᠠᠭ ᠤᠨ ᠠᠮᠢᠵᠢᠷᠠᠯ ᠤᠨ ᠬᠦᠴᠦ ᠵᠢ ᠨᠡᠮᠡᠭᠳᠡᠬᠦᠯᠵᠦ ᠬᠦᠭᠵᠢᠯᠳᠠ ᠵᠢᠨ ᠰᠠᠭᠤᠷᠢ ᠵᠢ ᠪᠡᠬᠢᠵᠢᠬᠦᠯᠬᠦ ᠪᠡᠷ ᠪᠤᠯᠪᠠ᠃

    ᠬᠤᠷᠠᠯ ᠡᠴᠡ᠂ ᠳᠠᠷᠠᠭᠠᠴᠢ ᠵᠢᠨ ᠠᠯᠬᠤᠮ ᠳ᠋᠋ᠦ᠂ ᠦᠭᠡᠷᠡᠴᠢᠯᠡᠯᠳᠠ ᠵᠢ ᠬᠦᠨᠵᠡᠭᠡᠢᠢᠷᠡᠬᠦᠯᠬᠦ ᠵᠢ ᠪᠠᠷᠢᠮᠳᠠᠯᠠᠬᠤ ᠭᠡᠷᠡᠭᠲᠡᠢ᠂ ᠨᠢᠭᠡ ᠳ᠋᠋ᠦ᠂ ᠠᠵᠤ ᠠᠬᠤᠢᠢᠯᠠᠯ ᠤᠨ ᠰᠠᠢᠢᠨ ᠲᠤᠷ᠎ᠠ ᠵᠢᠨ᠂ ᠰᠠᠨᠡᠯ ᠨᠢᠭᠡᠳᠠᠢ ᠵᠦᠪᠳᠡᠯᠴᠡᠭᠰᠡᠨ ᠤ ᠰᠠᠭᠤᠷᠢᠨ ᠳᠤ ᠲᠤᠨᠤᠬᠯᠠᠯ ᠦᠯᠡᠳᠬᠦ᠂ ᠨᠡᠬᠦᠷᠡᠰᠦ᠂ ᠴᠠᠬᠢᠯᠭᠠᠨ ᠬᠦᠴᠦ ᠵᠡᠷᠭᠡ ᠬᠦᠷᠢᠶᠡᠨ ᠤ ᠲᠦᠪ ᠤᠨ ᠠᠵᠤ ᠠᠬᠤᠢᠢᠯᠠᠯ ᠢ ᠨᠡᠢᠢᠳᠭᠡᠨ ᠲᠠᠬᠢᠨ ᠪᠠᠢᠢᠭᠤᠯᠬᠤ ᠵᠢ ᠠᠬᠢᠭᠤᠯᠵᠦ᠂ ᠡᠬᠢ ᠪᠠᠶᠠᠯᠢᠭ ᠢ ᠲᠤᠬᠢᠷᠠᠭᠤᠯᠬᠤ ᠦᠷ᠎ᠠ ᠠᠰᠢᠬ ᠪᠠ ᠦᠷᠢᠰᠦᠯᠳᠦᠬᠦ ᠬᠦᠴᠦ ᠵᠢ ᠨᠡᠮᠡᠭᠳᠡᠬᠦᠯᠬᠦ ᠭᠡᠷᠡᠭᠲᠡᠢ᠃

    ᠬᠤᠶᠠᠷ ᠲᠦ᠂ ᠲᠤᠮᠤ ᠳᠤᠮᠳᠠ ᠪᠠᠭ᠎ᠠ ᠠᠵᠤ ᠠᠬᠤᠢᠢᠯᠠᠯ ᠤᠨ ᠵᠤᠬᠢᠴᠠᠯᠳᠤᠨ ᠰᠢᠨ᠎ᠠ ᠵᠢ ᠡᠬᠦᠳᠬᠦ᠂ ᠠᠭᠤᠰᠤᠯᠴᠠᠨ ᠨᠡᠪᠳᠡᠷᠡᠯᠴᠡᠵᠦ ᠬᠦᠭᠵᠢᠬᠦ ᠪᠠᠢᠢᠷᠢᠰᠢᠯ ᠢ ᠪᠠᠢᠢᠭᠤᠯᠬᠤ ᠭᠡᠷᠡᠭᠲᠡᠢ᠃

    ᠭᠤᠷᠪᠠ ᠳ᠋᠋ᠦ᠂ ᠦᠯᠡᠬᠦᠦ ᠦᠢᠯᠡᠳᠪᠤᠷᠢᠯᠡᠬᠦ ᠴᠢᠳᠠᠪᠤᠷᠢ ᠵᠢ ᠰᠢᠢᠳᠪᠤᠷᠢᠯᠡᠵᠦ᠂ ᠬᠠᠮᠢᠶᠠᠷᠤᠯᠳᠠ ᠵᠢᠨ ᠳᠠᠪᠬᠤᠷᠭ᠎ᠠ ᠪᠠ ᠬᠠᠤᠯᠢ ᠵᠢᠨ ᠡᠷᠭᠡᠳᠡᠨ ᠤ ᠲᠤᠭ᠎ᠠ ᠵᠢ ᠪᠠᠭᠠᠰᠬᠠᠵᠦ᠂ ᠴᠤᠮᠬᠠᠳᠬᠠᠨ ᠰᠢᠯᠢᠳᠡᠭᠵᠢᠭᠦᠯᠬᠦ᠂ ᠶ᠍ᠠᠰᠤ ᠴᠢᠨᠠᠷ ᠢ ᠳᠡᠭᠡᠭᠰᠢᠯᠡᠬᠦᠯᠦᠨ ᠦᠷ᠎ᠠ ᠠᠰᠢᠬ ᠢ ᠨᠡᠮᠡᠭᠳᠡᠬᠦᠯᠬᠦ ᠵᠢ ᠠᠬᠢᠭᠤᠯᠵᠦ᠂ ᠭᠤᠤᠯ ᠠᠵᠢᠯ ᠲᠦᠷᠦᠯ ᠤᠨ ᠭᠤᠤᠯᠯᠠᠬᠴᠢ ᠦᠷᠢᠰᠦᠯᠳᠦᠬᠦ ᠬᠦᠴᠦ ᠵᠢ ᠳᠡᠭᠡᠭᠰᠢᠯᠡᠬᠦᠯᠬᠦ ᠭᠡᠷᠡᠭᠲᠡᠢ᠃

    ᠲᠦᠷᠪᠡ ᠳ᠋᠋ᠦ᠂ ᠠᠵᠢᠯᠴᠢᠨ ᠠᠵᠢᠯᠳᠠᠨ ᠤ ᠬᠠᠤᠯᠢ ᠶ᠍ᠤᠰᠤᠨ ᠤ ᠡᠷᠭᠡ ᠠᠰᠢᠬ ᠢ ᠬᠠᠮᠠᠭᠠᠯᠠᠵᠦ᠂ ᠠᠵᠢᠯᠴᠢᠨ ᠠᠵᠢᠯᠳᠠᠨ ᠤ ᠠᠵᠢᠯ ᠤᠨ ᠪᠠᠢᠢᠷᠢ ᠪᠡᠨ ᠰᠤᠯᠢᠬᠤ ᠡᠴᠡ ᠪᠢᠰᠢ ᠠᠵᠢᠯ ᠠᠯᠳᠠᠬᠤ ᠦᠭᠡᠢ ᠪᠠᠢᠢᠬᠤ ᠵᠢ ᠪᠠᠳᠤᠯᠠᠬᠤ ᠭᠡᠷᠡᠭᠲᠡᠢ᠃

    ᠲᠠᠪᠤ ᠳ᠋᠋ᠦ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠬᠤᠯᠢᠮᠠᠭ ᠦᠮᠴᠢᠯᠡᠯ ᠤᠨ ᠲᠦᠷᠢᠮ ᠤᠨ ᠦᠭᠡᠷᠡᠴᠢᠯᠡᠯᠳᠠ ᠵᠢ ᠠᠬᠢᠭᠤᠯᠵᠦ᠂ ᠨᠡᠢᠢᠭᠡᠮ ᠤᠨ ᠪᠡᠯᠡ ᠬᠦᠷᠦᠩᠭᠡ ᠵᠢ ᠤᠷᠤᠭᠤᠯᠤᠨ ᠠᠪᠴᠢᠷᠠᠵᠤ᠂ ᠲᠦᠪ ᠤᠨ ᠠᠵᠤ ᠠᠬᠤᠢᠢᠯᠠᠯ ᠤᠨ ᠳᠤᠳᠤᠭᠠᠳᠤᠬᠢ ᠦᠭᠡᠷᠡᠴᠢᠯᠡᠯᠳᠠ ᠪᠠ ᠲᠤᠭᠳᠠᠴᠠ ᠵᠢᠨ ᠰᠢᠨ᠎ᠠ ᠵᠢ ᠡᠬᠦᠳᠬᠦ ᠵᠢ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃

    ᠬᠤᠷᠠᠯ ᠡᠴᠡ᠂ ᠲᠦᠷᠦ ᠵᠢᠨ ᠪᠤᠳᠤᠯᠭ᠎ᠠ ᠵᠢᠨ ᠨᠠᠢᠢᠳᠠᠪᠤᠷᠢᠵᠢᠭᠤᠯᠤᠯᠳᠠ ᠵᠢ ᠬᠦᠴᠦᠳᠠᠢ ᠠᠳᠬᠤᠬᠤ ᠵᠢᠨ ᠵᠡᠷᠭᠡᠪᠡᠷ᠂ ᠪᠠᠭ᠎ᠠ ᠵᠢᠵᠢᠭ᠌ ᠠᠵᠤ ᠠᠬᠤᠢᠢᠯᠠᠯ ᠳᠤ ᠦᠵᠡᠭᠦᠯᠬᠦ ᠳᠡᠮᠵᠢᠯᠭᠡ ᠵᠢ ᠴᠢᠨᠠᠭᠰᠢᠳᠠ ᠨᠡᠮᠡᠭᠳᠡᠬᠦᠯᠦᠨ᠎ᠠ᠃

    ᠨᠢᠭᠡ ᠳ᠋᠋ᠦ᠂ 2017 ᠤᠨ ᠤ 12 ᠰᠠᠷ᠎ᠠ ᠵᠢᠨ 1 ᠤ ᠡᠳᠦᠷ ᠡᠴᠡ 2019 ᠤᠨ ᠤ ᠰᠡᠬᠦᠯᠴᠢ ᠪᠤᠯᠳᠡᠯ᠎ᠠ᠂ ᠮᠦᠩᠬᠦᠨ ᠬᠦᠢᠯᠭᠡᠭᠡᠨ ᠤ ᠪᠠᠢᠢᠭᠤᠯᠤᠮᠵᠢ ᠵᠢᠨ ᠬᠦᠦ ᠮᠦᠩᠬᠦ ᠵᠢᠨ ᠤᠷᠤᠯᠭ᠎ᠠ ᠡᠴᠡ ᠦᠷᠳᠡᠭ ᠨᠡᠮᠡᠭᠳᠡᠯ ᠤᠨ ᠭᠠᠢᠢᠯᠢ ᠵᠢ ᠭᠡᠯᠳᠦᠷᠢᠬᠦᠯᠬᠦ ᠲᠦᠷᠦ ᠵᠢᠨ ᠪᠤᠳᠤᠯᠭ᠎ᠠ ᠵᠢᠨ ᠭᠡᠪᠴᠢᠶ᠎ᠠ ᠵᠢ ᠲᠠᠷᠢᠶᠠᠴᠢᠨ ᠡᠷᠦᠭᠡ ᠡᠴᠡ ᠪᠠᠭ᠎ᠠ ᠵᠢᠵᠢᠭ᠌ ᠠᠵᠤ ᠠᠬᠤᠢᠢᠯᠠᠯ᠂ ᠬᠤᠪᠢ ᠵᠢᠨ ᠦᠢᠯᠡᠳᠪᠤᠷᠢ ᠬᠤᠳᠠᠯᠳᠤᠭᠠᠨ ᠤ ᠡᠷᠦᠭᠡ ᠬᠦᠷᠳᠡᠯ᠎ᠠ ᠦᠷᠭᠡᠳᠭᠡᠵᠦ᠂ ᠭᠠᠢᠢᠯᠢ ᠡᠴᠡ ᠭᠡᠯᠳᠦᠷᠢᠬᠦᠯᠬᠦ ᠲᠦᠷᠦ ᠵᠢᠨ ᠪᠤᠳᠤᠯᠭ᠎ᠠ ᠵᠢ ᠬᠦᠷᠳᠡᠬᠦ ᠵᠢᠭᠡᠯᠡᠯᠭᠡ ᠵᠢᠨ ᠵᠤᠭᠤᠰᠤᠨ ᠤ ᠲᠤᠭ᠎ᠠ ᠵᠢᠨ ᠬᠠᠮᠤᠭ ᠤᠨ ᠶ᠍ᠡᠭᠡ ᠭᠡᠮᠵᠢᠶ᠎ᠠ ᠵᠢ ᠭᠠᠭᠴᠠ ᠡᠷᠦᠭᠡ ᠵᠢᠨ 10 ᠲᠦᠮᠡᠨ ᠲᠦᠬᠦᠷᠢᠭ ᠡᠴᠡ 100 ᠲᠦᠮᠡᠨ ᠲᠦᠬᠦᠷᠢᠭ ᠬᠦᠷᠳᠡᠯ᠎ᠠ ᠦᠷᠭᠡᠳᠭᠡᠨ᠎ᠠ᠃

    ᠬᠤᠶᠠᠷ ᠲᠦ᠂ ᠪᠠᠭ᠎ᠠ ᠵᠢᠵᠢᠭ᠌ ᠠᠵᠤ ᠠᠬᠤᠢᠢᠯᠠᠯ ᠤᠨ ᠵᠢᠭᠡᠯᠡᠯᠭᠡ ᠵᠢᠨ ᠭᠡᠷ᠎ᠠ ᠡᠴᠡ ᠳᠡᠮᠳᠡᠭᠳᠦ ᠵᠢᠨ ᠭᠠᠢᠢᠯᠢ ᠵᠢ ᠭᠡᠯᠳᠦᠷᠢᠬᠦᠯᠵᠦ᠂ ᠰᠠᠷ᠎ᠠ ᠵᠢᠨ ᠪᠤᠷᠤᠯᠠᠭᠤᠯᠤᠯᠳᠠ ᠵᠢᠨ ᠭᠡᠮᠵᠢᠶ᠎ᠠ 3 ᠲᠦᠮᠡᠨ ᠲᠦᠬᠦᠷᠢᠭ ᠲᠦ ᠬᠦᠷᠬᠦ ᠦᠭᠡᠢ ᠪᠠᠭ᠎ᠠ ᠵᠢᠵᠢᠭ᠌ ᠠᠵᠤ ᠠᠬᠤᠢᠢᠯᠠᠯ ᠡᠴᠡ ᠨᠡᠮᠡᠭᠳᠡᠯ ᠦᠷᠳᠡᠭ ᠤᠨ ᠭᠠᠢᠢᠯᠢ ᠵᠢ ᠭᠡᠯᠳᠦᠷᠢᠬᠦᠯᠬᠦ ᠬᠤᠶᠠᠷ ᠵᠦᠢᠯ ᠤᠨ ᠲᠦᠷᠦ ᠵᠢᠨ ᠪᠤᠳᠤᠯᠭ᠎ᠠ ᠵᠢ ᠬᠦᠷᠳᠡᠬᠦ ᠬᠤᠭᠤᠴᠠᠭ᠎ᠠ ᠵᠢ 2020 ᠤᠨ ᠪᠤᠯᠳᠠᠯ᠎ᠠ ᠤᠷᠳᠤᠳᠬᠠᠨ᠎ᠠ᠃

    ᠭᠤᠷᠪᠠ ᠳ᠋᠋ᠦ᠂ ᠲᠦᠭᠡᠮᠡᠯ ᠬᠠᠷᠠᠭᠠᠯᠵᠠᠯᠳᠤ ᠮᠦᠩᠬᠦᠨ ᠬᠦᠢᠯᠭᠡᠭᠡᠨ ᠤ ᠰᠢᠰᠲ᠋ᠧᠮ ᠢ ᠳᠡᠬᠦᠯᠳᠡᠷᠵᠢᠬᠦᠯᠵᠦ᠂ ᠭᠠᠭᠴᠠ ᠡᠷᠦᠭᠡ ᠵᠢᠨ 500 ᠲᠦᠮᠡᠨ ᠲᠦᠬᠦᠷᠢᠭ ᠡᠴᠡ ᠲᠤᠭᠤᠬᠰᠢᠬᠢ ᠢᠳᠡᠭᠡᠮᠵᠢᠳᠦ ᠵᠢᠭᠡᠯᠡᠯᠭᠡ ᠬᠦᠷᠳᠡᠭᠰᠡᠨ ᠪᠠᠭ᠎ᠠ ᠵᠢᠵᠢᠭ᠌ ᠠᠵᠤ ᠠᠬᠤᠢᠢᠯᠠᠯ᠂ ᠬᠤᠪᠢ ᠵᠢᠨ ᠦᠢᠯᠡᠳᠪᠤᠷᠢ ᠬᠤᠳᠠᠯᠳᠤᠭᠠᠨ ᠤ ᠡᠷᠦᠭᠡ ᠪᠠ ᠪᠠᠭ᠎ᠠ ᠵᠢᠵᠢᠭ᠌ ᠠᠵᠤ ᠠᠬᠤᠢᠢᠯᠠᠯ ᠤᠨ ᠭᠤᠤᠯ ᠡᠵᠡᠩᠨᠡᠯᠳᠠ ᠵᠢᠨ ᠴᠢᠨᠠᠷᠳᠠᠢ ᠵᠢᠭᠡᠯᠡᠯᠭᠡ ᠵᠢᠴᠢ ᠲᠠᠷᠢᠶᠠᠴᠢᠨ ᠡᠷᠦᠭᠡ ᠵᠢᠨ ᠦᠢᠯᠡᠳᠪᠤᠷᠢᠯᠡᠯ ᠡᠵᠡᠩᠨᠡᠯᠳᠠ᠂ ᠦᠢᠯᠡᠰ ᠪᠤᠰᠬᠠᠬᠤ ᠪᠠᠳᠤᠯᠠᠭ᠎ᠠ ᠵᠡᠷᠭᠡ ᠵᠢᠭᠡᠯᠡᠯᠭᠡ ᠵᠢᠨ ᠭᠡᠮᠵᠢᠶ᠎ᠠ ᠵᠢ ᠨᠡᠮᠡᠭᠳᠡᠬᠦᠯᠬᠦ ᠪᠤᠶᠤ ᠦᠯᠡᠳᠡᠪᠦᠷᠢ ᠮᠦᠩᠬᠦ ᠨᠢ ᠵᠤᠬᠢᠬᠤ ᠬᠠᠷᠢᠴᠠᠯ ᠳ᠋᠋ᠦ ᠬᠦᠷᠦᠭᠰᠡᠨ ᠬᠤᠳᠠᠯᠳᠤᠭᠠᠨ ᠤ ᠪᠠᠩᠬᠢ ᠳ᠋᠋ᠦ ᠲᠤᠭᠳᠠᠭᠰᠠᠨ ᠴᠢᠭᠯᠡᠯ ᠵᠢᠡᠷ ᠬᠠᠳᠠᠭᠠᠯᠠᠮᠵᠢ ᠵᠢᠨ ᠬᠦᠦ ᠮᠦᠩᠬᠦ ᠵᠢ ᠪᠠᠭᠤᠷᠠᠭᠤᠯᠵᠦ᠂ ᠲᠠᠬᠢᠨ ᠵᠢᠭᠡᠯᠡᠯᠭᠡ ᠲᠠᠯᠪᠢᠬᠤ ᠵᠢ ᠳᠡᠮᠵᠢᠨ᠎ᠠ᠃

    ᠲᠦᠷᠪᠡ ᠳ᠋᠋ᠦ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠡᠯᠡ ᠮᠦᠩᠬᠦ ᠴᠤᠬᠯᠠᠭᠤᠯᠬᠤ ᠪᠠᠳᠤᠯᠠᠯᠳᠠ ᠪᠠ ᠲᠠᠬᠢᠨ ᠪᠠᠳᠤᠯᠠᠯᠳᠠ ᠬᠢᠬᠦ ᠪᠠᠢᠢᠭᠤᠯᠤᠮᠵᠢ ᠢᠢ ᠬᠦᠭᠵᠢᠬᠦᠯᠵᠦ᠂ ᠤᠯᠤᠰ ᠤᠨ ᠪᠡᠯᠡ ᠮᠦᠩᠬᠦ ᠴᠤᠬᠯᠠᠭᠤᠯᠬᠤ ᠰᠠᠭᠤᠷᠢ ᠮᠦᠩᠬᠦ ᠵᠢ ᠪᠠᠢᠢᠭᠤᠯᠤᠨ᠎ᠠ᠃

    ᠲᠠᠪᠤ ᠳ᠋᠋ᠦ᠂ ᠲᠤᠮᠤ ᠳ᠋᠋ᠠᠢᠢᠲ᠋ᠠ᠂ ᠡᠬᠦᠯᠡᠨ ᠪᠤᠳᠤᠯᠳᠠ ᠵᠡᠷᠭᠡ ᠵᠢᠨ ᠭᠡᠷᠡᠭᠯᠡᠭᠡ ᠵᠢ ᠲᠦᠷᠭᠡᠳᠭᠡᠵᠦ᠂ ᠪᠠᠭ᠎ᠠ ᠵᠢᠵᠢᠭ᠌ ᠠᠵᠤ ᠠᠬᠤᠢᠢᠯᠠᠯ ᠤᠨ ᠮᠦᠩᠬᠦᠨ ᠬᠦᠢᠯᠭᠡᠭᠡᠨ ᠤ ᠦᠢᠯᠡᠴᠢᠯᠡᠭᠡ ᠵᠢ ᠴᠠᠭ ᠲᠤᠬᠠᠢ ᠳ᠋᠋ᠤᠨᠢ ᠲᠦᠬᠦᠮ ᠲᠦᠳᠡ ᠬᠦᠷᠳᠡᠬᠦ ᠳᠤ ᠳᠤᠰᠠᠯᠠᠨ᠎ᠠ ᠭᠡᠵᠦ ᠲᠤᠭᠳᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120701121736144