ᠢᠤᠢ ᠵᠧᠩ ᠱᠧᠩ ᠴᠥᠭᠡᠨ ᠲᠤᠭᠠᠳᠤ ᠥᠨᠳᠣᠰᠣᠳᠡᠨ ᠤ ᠲᠣᠳᠣᠷ ᠭᠠᠵᠠᠷ ᠢᠶᠡᠷ ᠲᠤᠭᠤᠷᠢᠨ ᠥᠵᠡᠬᠦ ᠪᠠᠭ ᠤᠨ ᠪᠥᠬᠦ ᠭᠡᠰᠢᠭᠦᠨ ᠲᠠᠢ ᠠᠭᠤᠯᠵᠠᠪᠠ 2017-09-28 11:57

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠥᠪ ᠬᠤᠷᠢᠶᠠᠨ ᠤ ᠣᠯᠣᠰ ᠲᠥᠷᠥ ᠶ᠋ᠢᠨ ᠲᠤᠪᠴᠢᠶᠠᠨ ᠤ ᠪᠠᠶᠢᠩᠭᠤ ᠶ᠋ᠢᠨ ᠭᠡᠰᠢᠭᠦᠨ᠂ ᠣᠯᠣᠰ ᠲᠥᠷᠥ ᠶ᠋ᠢᠨ ᠵᠥᠪᠯᠡᠯᠭᠡᠨ ᠤ ᠪᠥᠬᠦ ᠣᠯᠣᠰ ᠤᠨ ᠬᠤᠷᠢᠶ᠎ᠠ ᠶᠢᠨ ᠲᠡᠷᠢᠭᠥᠯᠡᠭᠴᠢ ᠢᠤᠢ ᠵᠧᠩ ᠱᠧᠩ 27 ᠤ ᠡᠳᠣᠷ ᠪᠡᠭᠡᠵᠢᠩ ᠳ᠋ᠦ ᠴᠥᠭᠡᠨ ᠲᠤᠭᠠᠳᠤ ᠥᠨᠳᠣᠰᠣᠳᠡᠨ ᠤ ᠲᠣᠳᠣᠷ ᠭᠠᠵᠠᠷ ᠢᠶᠡᠷ ᠲᠤᠭᠤᠷᠢᠨ ᠥᠵᠡᠬᠦ ᠪᠠᠭ ᠤᠨ ᠪᠥᠬᠦ ᠭᠡᠰᠢᠭᠦᠨ ᠲᠠᠢ ᠠᠭᠤᠯᠵᠠᠵᠦ ᠴᠢᠬᠤᠯᠠ ᠶᠠᠷᠢᠶ᠎ᠠ ᠲᠠᠯᠪᠢᠬᠰᠠᠨ ᠪᠠᠶᠢᠨ᠎ᠠ᠃

    ᠢᠤᠢ ᠵᠧᠩ ᠱᠧᠩ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠢ ᠪᠠᠶᠠᠷᠯᠠᠨ ᠣᠬᠳᠣᠬᠤ ᠪᠠ ᠬᠤᠷᠠᠯ ᠤᠨ ᠵᠤᠷᠢᠭ ᠰᠠᠨᠠᠭ᠎ᠠ ᠶ᠋ᠢ ᠰᠤᠷᠤᠯᠴᠠᠨ ᠲᠣᠣᠱᠯᠠᠭᠤᠯᠬᠤ ᠶᠠᠪᠤᠳᠠᠯ ᠢ ᠣᠯᠣᠰ ᠲᠥᠷᠥ ᠶ᠋ᠢᠨ ᠲᠡᠷᠢᠭᠦᠨ ᠴᠢᠬᠤᠯᠠ ᠡᠭᠦᠷᠭᠡ ᠪᠤᠯᠭᠠᠵᠦ᠂ ᠨᠥᠬᠦᠷ ᠰᠢ ᠵᠢᠨ ᠫᠢᠩ ᠢᠶᠡᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠡᠷᠭᠡ ᠰᠥᠷ ᠢ ᠡᠷᠡᠰ ᠬᠠᠮᠠᠭᠠᠯᠠᠵᠦ᠂ ᠨᠠᠮ ᠤᠨ ᠲᠥᠪ ᠬᠤᠷᠢᠶᠠᠨ ᠤ ᠰᠢᠨ᠎ᠡ ᠰᠢᠢᠳᠪᠥᠷᠢᠳᠣ ᠪᠤᠳᠤᠯᠭ᠎ᠠ ᠰᠢᠨ᠎ᠡ ᠪᠠᠶᠢᠷᠢᠯᠠᠭᠤᠯᠤᠯᠳᠠ ᠶ᠋ᠢ ᠨᠠᠷᠢᠨ ᠬᠢᠨᠠᠮᠠᠭᠠᠢ ᠨᠠᠶᠢᠳᠠᠪᠥᠷᠢᠵᠢᠭᠤᠯᠵᠦ ᠬᠠᠷᠢᠯᠴᠠᠨ ᠡᠶ᠎ᠡ ᠨᠠᠶᠢᠷᠳᠠᠢ᠂ ᠬᠠᠷᠠᠭᠠᠯᠵᠠᠨ ᠲᠤᠰᠠᠯᠠᠯᠴᠠᠬᠤ ᠶ᠋ᠢ ᠪᠠᠷᠢᠮᠳᠠᠯᠠᠵᠦ᠂ ᠥᠨᠳᠣᠰᠣᠳᠡᠨ ᠨᠦᠭᠦᠳ ᠤᠨ ᠬᠠᠷᠢᠯᠴᠠᠭ᠎ᠠ ᠰᠣᠯᠢᠯᠴᠠᠭ᠎ᠠ ᠶ᠋ᠢ ᠴᠢᠩᠭᠠᠳᠬᠠᠨ᠂ ᠥᠨᠳᠣᠰᠣᠳᠡᠨ ᠨᠦᠭᠦᠳ ᠤᠨ ᠡᠶ᠎ᠡ ᠪᠥᠯᠬᠦᠮᠳᠡᠯ ᠲᠠᠢ ᠪᠠᠶᠢᠬᠤ ᠪᠠ ᠡᠶ᠎ᠡ ᠵᠤᠬᠢᠴᠠᠯ ᠲᠠᠢ ᠬᠠᠮᠳᠣᠪᠡᠷ ᠭᠦᠭᠵᠢᠬᠦ ᠶ᠋ᠢ ᠠᠬᠢᠭᠤᠯᠵᠦ᠂《ᠲᠤᠮᠳᠠᠳᠣ ᠶ᠋ᠢᠨ ᠥᠨᠳᠣᠰᠣᠳᠡᠨ ᠨᠢᠭᠡ ᠭᠡᠷ ᠪᠥᠯᠢ ᠰᠢᠭ ᠪᠥᠯᠬᠦᠮᠳᠡᠵᠦ᠂ ᠰᠡᠳᠬᠢᠯ ᠨᠢᠭᠡᠳᠣᠨ ᠲᠤᠮᠳᠠᠳᠣ ᠣᠯᠣᠰ ᠤᠨ ᠬᠥᠰᠡᠯ ᠢ ᠪᠡᠶᠡᠯᠡᠭᠦᠯᠬᠦ》 ᠳ᠋ᠦ ᠨᠡᠩ ᠶᠡᠬᠡ ᠰᠢᠨ᠎ᠡ ᠬᠤᠪᠢ ᠨᠡᠮᠡᠷᠢ ᠤᠷᠤᠭᠤᠯᠬᠤ ᠭᠡᠷᠡᠭᠳᠡᠢ ᠭᠡᠵᠡᠢ᠃

    ᠣᠯᠣᠰ ᠲᠠᠶᠠᠭᠠᠷ ᠤᠨ ᠴᠥᠬᠡᠨ ᠲᠤᠭᠠᠳᠣ ᠥᠨᠳᠣᠰᠣᠳᠡᠨ ᠤ ᠲᠤᠭᠤᠷᠢᠨ ᠥᠵᠡᠬᠦ ᠪᠠᠭ ᠢ ᠣᠯᠣᠰ ᠤᠨ ᠥᠨᠳᠣᠰᠣᠳᠡᠨ ᠤ ᠬᠡᠷᠡᠭ ᠡᠷᠬᠢᠯᠡᠬᠦ ᠵᠥᠪᠯᠡᠯ ᠡᠴᠠ ᠵᠤᠬᠢᠶᠠᠨ ᠪᠠᠶᠢᠭᠤᠯᠵᠦ᠂ ᠣᠯᠣᠰ ᠲᠠᠶᠠᠭᠠᠷ ᠤᠨ 31 ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠠ ᠰᠢᠨᠵᠢᠶᠠᠩ ᠤᠨ ᠥᠢᠯᠡᠳᠪᠥᠷᠢᠯᠡᠯ ᠪᠥᠳᠥᠭᠡᠨ ᠪᠠᠶᠢᠭᠤᠯᠤᠯᠳᠠ ᠶ᠋ᠢᠨ ᠪᠢᠩᠲ᠋ᠤᠧᠠᠨ ᠡᠴᠠ ᠬᠥᠷᠥᠯᠴᠡᠨ ᠢᠷᠡᠭᠰᠡᠨ 225 ᠬᠥᠮᠥᠨ ᠢᠶᠡᠷ ᠪᠥᠷᠢᠯᠳᠥᠭᠰᠡᠨ ᠪᠠᠶᠢᠨ᠎ᠠ᠃ ᠲᠡᠳᠡ ᠪᠤᠯ ᠣᠯᠣᠰ ᠲᠠᠶᠠᠭᠠᠷ ᠤᠨ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠲᠡᠭᠡᠷ᠎ᠡ ᠴᠤᠯᠭᠤᠷᠠᠨ ᠭᠠᠷᠤᠬᠰᠠᠨ ᠥᠨᠳᠣᠰᠣᠳᠡᠨ ᠤ ᠪᠥᠯᠬᠦᠮᠳᠡᠯ ᠤᠨ ᠰᠢᠯᠢᠳᠡᠭ ᠲᠥᠯᠥᠭᠡᠯᠡᠭᠴᠢᠳ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121738671