蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠬᠡᠷ ᠬᠤᠷᠠᠯ ᠤᠨ ᠬᠡᠪᠯᠡᠯ ᠮᠡᠳᠡᠬᠡᠯᠡᠯ ᠤᠨ ᠳᠦᠪ 10 ᠰᠠᠷ᠎ᠠ ᠶᠢᠨ 11 ᠡᠴᠡ ᠡᠬᠢᠯᠡᠨ ᠨᠡᠬᠡᠬᠡᠯᠳᠡ ᠲᠠᠢ ᠬᠦᠯᠢᠶᠡᠨ ᠠᠪᠤᠯᠳᠠ ᠶᠢᠨ ᠦᠢᠯᠡᠴᠢᠯᠡᠬᠡ ᠬᠠᠩᠭᠠᠨ᠎ᠠ

2017-09-29 15:54

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ   ᠰᠤᠷᠪᠤᠯᠵᠢᠯᠠᠭᠴᠢ ᠬᠠᠮᠢᠶᠠᠳᠠᠢ ᠳᠠᠯ᠎ᠠ ᠡᠴᠡ ᠤᠶᠢᠯᠠᠭᠠᠭᠰᠠᠨ ᠢᠶᠡᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠳᠦᠪ 10 ᠰᠠᠷ᠎ᠠ ᠶᠢᠨ 11 ᠡᠴᠡ ᠡᠬᠢᠯᠡᠨ ᠨᠡᠬᠡᠬᠡᠯᠳᠡ ᠲᠠᠢ ᠬᠦᠯᠢᠶᠡᠨ ᠠᠪᠤᠯᠳᠠ ᠶᠢᠨ ᠦᠢᠯᠡᠴᠢᠯᠡᠬᠡ ᠬᠠᠩᠭᠠᠨ᠎ᠠ᠂ ᠳᠦᠪ ᠢ ᠪᠡᠬᠡᠵᠢᠩ ᠤᠨ ᠮᠧᠳ᠋ᠢᠶᠠ ᠪᠠᠭᠤᠳᠠᠯ ᠳᠤ ᠵᠤᠬᠢᠴᠠᠭᠤᠯᠵᠠᠢ᠃

    ᠬᠡᠪᠯᠡᠯ ᠮᠡᠳᠡᠬᠡᠯᠡᠯ ᠤᠨ ᠳᠦᠪ ᠨᠢ ᠠᠷᠪᠠ ᠶᠢᠰᠦᠳᠦᠬᠡᠷ ᠶᠡᠬᠡ ᠬᠤᠷᠠᠯ ᠢ ᠮᠡᠳᠡᠬᠡᠯᠡᠬᠦ ᠪᠡᠷ ᠬᠦᠷᠬᠦ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ᠂ ᠳᠠᠶᠢᠧᠠᠨ ᠵᠡᠷᠬᠡ ᠭᠠᠵᠠᠷ ᠤᠨ ᠰᠤᠷᠪᠤᠯᠵᠢᠯᠠᠭᠴᠢ ᠪᠤᠯᠤᠨ ᠭᠠᠳᠠᠭᠠᠳᠤ ᠶᠢᠨ ᠬᠡᠪᠯᠡᠯ ᠮᠡᠳᠡᠬᠡᠯᠡᠯ ᠤᠨ ᠰᠤᠷᠪᠤᠯᠵᠢᠯᠠᠭᠴᠢᠳ ᠲᠤ ᠰᠤᠷᠪᠤᠯᠵᠢᠯᠠᠬᠤ ᠦᠨᠡᠮᠯᠡᠯ ᠬᠢᠵᠤ ᠦᠭᠬᠦ᠂ ᠰᠤᠷᠪᠤᠯᠵᠢᠯᠠᠬᠤ ᠡᠷᠬᠦᠳᠡᠯ ᠢ ᠰᠢᠶ᠋ᠳᠪᠦᠷᠢᠯᠡᠬᠦ᠂ ᠬᠤᠷᠠᠯ ᠤᠨ ᠪᠦᠬᠦ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠢ ᠵᠤᠬᠢᠶᠠᠨ ᠪᠠᠶᠢᠭᠤᠯᠬᠤ ᠪᠠ ᠰᠤᠷᠪᠤᠯᠵᠢᠯᠠᠭᠴᠢᠳ ᠢ ᠬᠦᠯᠢᠶᠡᠨ ᠠᠪᠬᠤ᠂ ᠰᠤᠷᠪᠤᠯᠵᠢᠯᠠᠭᠴᠢᠳ ᠢ ᠵᠤᠬᠢᠶᠠᠨ ᠪᠠᠶᠢᠭᠤᠯᠵᠤ ᠰᠤᠷᠪᠤᠯᠵᠢᠯᠠᠬᠤ ᠠᠵᠢᠯᠯᠠᠭ᠎ᠠ ᠳᠤ ᠤᠷᠤᠯᠴᠠᠭᠤᠯᠬᠤ ᠵᠡᠷᠬᠡ ᠦᠢᠯᠡᠴᠢᠯᠡᠬᠡ ᠬᠠᠩᠭᠠᠨ᠎ᠠ᠃ ᠪᠠᠰᠠ ᠠᠷᠪᠠ ᠶᠢᠰᠦᠳᠦᠬᠡᠷ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠳᠦᠪ ᠤᠨ ᠠᠯᠪᠠᠨ ᠤ ᠨᠧᠲ ᠪᠤᠯᠤᠨ ᠠᠯᠪᠠᠨ ᠤ ᠸᠢᠴᠠᠲ ᠪᠠᠶᠢᠭᠤᠯᠵᠤ᠂ ᠰᠤᠷᠪᠤᠯᠵᠢᠯᠠᠭᠴᠢᠳ ᠤᠨ ᠠᠷᠪᠠ ᠶᠢᠰᠦᠳᠦᠬᠡᠷ ᠶᠡᠬᠡ ᠬᠤᠷᠠᠯ ᠢ ᠮᠡᠳᠡᠬᠡᠯᠡᠬᠦ ᠳᠤ ᠰᠤᠷᠠᠭ ᠵᠠᠩᠬᠢ ᠬᠢᠬᠡᠳ ᠲᠧᠭᠨᠤᠯᠤᠬᠢ ᠶᠢᠨ ᠨᠦᠬᠦᠴᠡᠯ ᠬᠠᠩᠭᠠᠨ᠎ᠠ᠃

    ᠤᠯᠤᠰ ᠤᠨ ᠳᠤᠳᠤᠭᠠᠳᠤ ᠶᠢᠨ ᠰᠤᠷᠪᠤᠯᠵᠢᠯᠠᠭᠴᠢᠳ ᠢ ᠬᠦᠯᠢᠶᠡᠨ ᠠᠪᠬᠤ ᠳᠦᠪ ᠤᠨ ᠬᠠᠷᠢᠯᠴᠠᠬᠤ ᠤᠳᠠᠰᠤ᠄ 010-68521200᠂ 010-68521300᠂ ᠹᠠᠺᠰ᠄ 010-68521400᠂ 010-68521600

    ᠰᠢᠶᠠᠩᠭᠠᠩ ᠤᠤᠮᠧᠨ ᠳᠠᠶᠢᠧᠠᠨ ᠤ ᠰᠤᠷᠪᠤᠯᠵᠢᠯᠠᠭᠴᠢᠳ ᠢ ᠬᠦᠯᠢᠶᠡᠨ ᠠᠪᠬᠤ ᠳᠦᠪ ᠤᠨ ᠬᠠᠷᠢᠯᠴᠠᠬᠤ ᠤᠳᠠᠰᠤ᠄ 010- 68520200᠂ 010- 68520300᠂ ᠹᠠᠺᠰ᠄ 010-68520500᠂ 010-68520600

    ᠭᠠᠳᠠᠭᠠᠳᠤ ᠶᠢᠨ ᠰᠤᠷᠪᠤᠯᠵᠢᠯᠠᠭᠴᠢᠳ ᠢ ᠬᠦᠯᠢᠶᠡᠨ ᠠᠪᠬᠤ ᠳᠦᠪ ᠤᠨ ᠬᠠᠷᠢᠯᠴᠠᠬᠤ ᠤᠳᠠᠰᠤ᠄ 010- 68576100᠂ 010-68576200᠂ 010-68576300᠂ ᠹᠠᠺᠰ᠄ 010-68576400᠂ 010-68576500᠂ 010-68574200

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121746115