ᠰᠢ ᠵᠢᠨ ᠫᠢᠩ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠪᠠᠢᠢᠭᠤᠯᠤᠭᠳᠠᠭᠰᠠᠨ 80 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠪᠡ 2017-10-04 12:16

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠵᠢᠨ ᠫᠢᠩ 3 ᠤ ᠡᠳᠦᠷ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠪᠠᠢᠢᠭᠤᠯᠤᠭᠳᠠᠭᠰᠠᠨ 80 ᠵᠢᠯ ᠤᠨ ᠤᠢ ᠳᠦ ᠵᠠᠬᠢᠶ᠎ᠠ ᠢᠯᠡᠬᠡᠨ᠂ ᠪᠦᠬᠦ ᠪᠠᠭᠰᠢ ᠤᠶᠤᠳᠠᠨ ᠠᠵᠢᠯᠳᠠᠨ ᠪᠤᠯᠤᠨ ᠦᠷᠭᠡᠨ ᠤᠯᠠᠨ ᠰᠤᠷᠤᠯᠭ᠎ᠠ ᠵᠢᠨ ᠬᠠᠨᠢᠳᠠᠨ ᠳᠦ ᠬᠠᠯᠠᠭᠤᠨ ᠪᠠᠶᠠᠷ ᠬᠦᠷᠭᠡᠪᠡ᠃

    ᠰᠢ ᠵᠢᠨ ᠫᠢᠩ ᠪᠠᠶᠠᠷ ᠤᠨ ᠵᠠᠬᠢᠶᠠᠨ ᠳ᠋ᠠᠭᠠᠨ᠂ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠪᠤᠯ ᠮᠠᠨ ᠤ ᠨᠠᠮ ᠤᠨ ᠪᠠᠢᠢᠭᠤᠯᠤᠭᠰᠠᠨ ᠠᠩᠬᠠᠳᠠᠭᠴᠢ ᠰᠢᠨ᠎ᠠ ᠮᠠᠶ᠊ᠢᠭ ᠤᠨ ᠵᠢᠩᠬᠢᠨᠢ ᠶᠡᠬᠡ ᠰᠤᠷᠭᠠᠭᠤᠯᠢ ᠪᠤᠯᠤᠨ᠎ᠠ᠃ ᠰᠤᠷᠭᠠᠭᠤᠯᠢ ᠪᠠᠢᠢᠭᠤᠯᠤᠭᠳᠠᠭᠰᠠᠨ ᠡᠴᠡ ᠨᠠᠰᠢ᠂ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠢᠮᠠᠭᠳᠠ ᠨᠠᠮ ᠤᠨ ᠤᠳᠤᠷᠢᠳᠤᠯᠭ᠎ᠠ ᠵᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠢᠯᠤᠭᠤᠳᠬᠤ ᠪᠠᠢᠢᠷᠢ ᠰᠠᠭᠤᠷᠢ ᠵᠢ ᠪᠠᠷᠢᠮᠲᠠᠯᠠᠵᠤ᠂ ᠨᠠᠮ ᠪᠤᠯᠤᠨ ᠠᠷᠠᠳ ᠲᠦᠮᠡᠨ ᠤ ᠦᠢᠯᠡᠰ ᠲᠤ ᠦᠢᠯᠡᠴᠢᠯᠡᠬᠦ ᠵᠢ ᠪᠠᠷᠢᠮᠳᠠᠯᠠᠵᠤ᠂ ᠢᠯᠡ ᠳᠤᠳᠤ ᠰᠤᠷᠭᠠᠭᠤᠯᠢ ᠡᠷᠬᠢᠯᠡᠬᠦ ᠤᠨᠴᠠᠯᠢᠭ ᠢ ᠪᠦᠷᠢᠯᠳᠦᠭᠦᠯᠤᠨ᠂ ᠮᠠᠨ ᠤ ᠤᠯᠤᠰ ᠤᠨ ᠰᠤᠶᠤᠯ ᠢᠷᠭᠡᠨᠰᠢᠯ ᠨᠡᠢᠢᠭᠡᠮ ᠤᠨ ᠰᠢᠨᠵᠢᠯᠡᠬᠦ ᠤᠬᠠᠭᠠᠨ ᠤ ᠬᠦᠷᠢᠶᠠᠨ ᠳᠦ ᠤᠨᠴᠠᠭᠠᠢ ᠦᠢᠯᠡᠳᠦᠯ ᠪᠠᠳᠠᠷᠠᠭᠤᠯᠵᠤ᠂ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠢᠢᠭᠤᠯᠤᠯᠲᠠ᠂ ᠦᠭᠡᠷᠡᠴᠢᠯᠡᠯᠲᠡ ᠵᠢᠨ ᠦᠢᠯᠡᠰ ᠲᠦ ᠠᠯᠢ ᠤᠯᠠᠨ ᠰᠢᠯᠢᠳᠡᠭ ᠴᠢᠳᠠᠪᠤᠷᠢᠲᠠᠨ ᠬᠦᠮᠦᠵᠢᠭᠦᠯᠵᠤ ᠦᠭᠴᠠᠢ ᠭᠡᠵᠤ ᠵᠢᠭᠠᠵᠤ ᠭᠠᠷᠭᠠᠪᠠ᠃

    ᠰᠢ ᠵᠢᠨ ᠫᠢᠩ᠂ ᠤᠳᠤᠬᠠᠨ ᠳ᠋ᠤ ᠨᠠᠮ ᠪᠤᠯᠤᠨ ᠤᠯᠤᠰ ᠤᠨ ᠠᠵᠢᠯ ᠦᠢᠯᠡᠰ ᠶᠠᠬ ᠵᠠᠩᠭᠢᠯᠠᠭ᠎ᠠ ᠵᠢᠨ ᠴᠠᠬ ᠦᠶ᠎ᠠ ᠳᠤ ᠤᠷᠤᠭᠠᠳ ᠪᠤᠢ᠂ ᠪᠢᠳᠠ ᠤ ᠳᠡᠭᠡᠳᠦ ᠵᠡᠷᠭᠡ ᠵᠢᠨ ᠰᠤᠷᠭᠠᠨ ᠬᠦᠮᠦᠵᠢᠯ ᠤᠨ ᠲᠤᠬᠠᠢ ᠬᠡᠷᠡᠭᠴᠡᠭᠡ ᠱᠠᠭᠠᠷᠳᠠᠯᠭ᠎ᠠ ᠦᠩᠭᠡᠷᠡᠭᠰᠡᠨ ᠤ ᠠᠯᠢ ᠴᠤ ᠴᠠᠬ ᠦᠶ᠎ᠠ ᠡᠴᠡ ᠨᠡᠩ ᠢᠯᠡᠭᠦᠦ ᠲᠤᠯᠭᠠᠮ᠎ᠠ ᠪᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠪᠠ ᠭᠠᠷᠮᠠᠭᠠᠢ ᠴᠢᠳᠠᠪᠤᠷᠢᠲᠠᠨ ᠤ ᠲᠤᠬᠠᠢ ᠬᠦᠰᠡᠯ ᠱᠠᠭᠠᠷᠳᠠᠯᠭ᠎ᠠ ᠦᠩᠭᠡᠷᠡᠭᠰᠡᠨ ᠤ ᠠᠯᠢ ᠴᠤ ᠴᠠᠬ ᠦᠶ᠎ᠠ ᠡᠴᠡ ᠨᠡᠩ ᠢᠯᠡᠭᠦᠦ ᠴᠢᠩᠭ᠎ᠠ ᠪᠤᠯᠤᠬᠰᠠᠨ ᠪᠠᠢᠢᠨ᠎ᠠ᠃ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠵᠢᠨ ᠬᠢᠨ ᠰᠤᠷᠭᠠᠭᠤᠯᠢ ᠪᠠᠢᠢᠭᠤᠯᠤᠬᠳᠠᠬᠰᠠᠨ 80 ᠵᠢᠯ ᠤᠨ ᠤᠢ ᠪᠡᠷ ᠰᠢᠨ᠎ᠠ ᠭᠠᠷᠤᠭ᠎ᠠ ᠪᠤᠯᠭᠠᠵᠤ᠂ ᠬᠡᠨ ᠳ᠋ᠤ ᠴᠢᠳᠠᠪᠤᠷᠢᠲᠠᠨ ᠬᠦᠮᠦᠵᠢᠭᠦᠯᠵᠦ ᠦᠭᠬᠦ᠂ ᠶᠠᠮᠠᠷ ᠶᠠᠩᠵᠤ ᠵᠢᠨ ᠴᠢᠳᠠᠪᠤᠷᠢᠲᠠᠨ ᠢ ᠬᠦᠮᠦᠵᠢᠭᠦᠯᠬᠦ᠂ ᠴᠢᠳᠠᠪᠤᠷᠢᠲᠠᠨ ᠢ ᠬᠡᠷᠬᠢᠨ ᠬᠦᠮᠦᠵᠢᠭᠦᠯᠬᠦ ᠡᠨᠡᠬᠦ ᠦᠨᠳᠦᠰᠦᠨ ᠠᠰᠠᠭᠤᠳᠠᠯ ᠢ ᠰᠠᠢᠢᠳᠤᠷ ᠰᠢᠢᠳᠪᠦᠷᠢᠯᠡᠬᠦ ᠵᠢᠨ ᠲᠤᠭᠤᠷᠢᠨ ᠳ᠋ᠤ᠂ ᠶᠤᠰᠤ ᠰᠤᠷᠲᠠᠬᠤᠨ ᠢᠶᠡᠷ ᠴᠢᠳᠠᠪᠤᠷᠢᠲᠡᠨ ᠢ ᠬᠦᠮᠦᠵᠢᠭᠦᠯᠬᠦ ᠵᠢ ᠪᠠᠷᠢᠮᠲᠠᠯᠠᠵᠤ᠂ ᠰᠤᠷᠭᠠᠨ ᠬᠦᠮᠦᠵᠢᠯ ᠤᠨ ᠵᠢᠮ᠎ᠠ᠎ ᠶᠤᠰᠤ ᠵᠢ ᠵᠢᠷᠤᠮᠯᠠᠵᠤ᠂ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠤᠯᠤᠰ ᠤᠨ ᠪᠠᠶᠢᠳᠠᠯ ᠳ᠋ᠠᠭᠠᠨ ᠦᠨᠳᠦᠰᠦᠯᠡᠨ ᠰᠤᠷᠭᠠᠭᠤᠯᠢ ᠡᠷᠬᠢᠯᠡᠵᠦ᠂ ᠳᠡᠯᠡᠬᠡᠢ ᠵᠢᠨ ᠲᠡᠷᠢᠭᠦᠨ ᠵᠡᠷᠬᠡᠯᠡᠯ ᠤᠨ ᠶᠡᠬᠡ ᠰᠤᠷᠭᠠᠭᠤᠯᠢ ᠪᠠ ᠲᠡᠷᠢᠭᠦᠨ ᠵᠡᠷᠬᠡᠯᠡᠯ ᠤᠨ ᠰᠢᠨᠵᠢᠯᠡᠭᠡᠨ ᠤ ᠰᠠᠯᠪᠤᠷᠢ ᠶᠢ ᠴᠢᠷᠮᠠᠢᠢᠨ ᠪᠠᠢᠢᠭᠤᠯᠵᠤ᠂ ᠮᠠᠨ ᠤ ᠤᠯᠤᠰ ᠤᠨ ᠳᠡᠭᠡᠳᠦ ᠵᠡᠷᠭᠡ ᠵᠢᠨ ᠰᠤᠷᠭᠠᠨ ᠬᠦᠮᠦᠵᠢᠯ ᠤᠨ ᠦᠢᠯᠡᠰ ᠤᠨ ᠴᠡᠴᠡᠭᠯᠡᠯ ᠬᠦᠭᠵᠢᠯ《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ ᠤ ᠠᠭᠤᠤ ᠶᠡᠬᠡ ᠰᠡᠷᠭᠦᠨ ᠮᠠᠠᠳᠤᠯᠲᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠳᠤ ᠰᠢᠨ᠎ᠠ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢᠢᠨ᠎ᠠ ᠭᠡᠵᠤ ᠴᠢᠬᠤᠯᠠᠴᠢᠯᠠᠵᠠᠢ᠃

    ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠵᠢᠨ ᠰᠤᠷᠭᠠᠭᠤᠯᠢ ᠪᠠᠢᠢᠭᠤᠯᠤᠬᠳᠠᠬᠰᠠᠨ 80 ᠵᠢᠯ ᠤᠨ ᠤᠢ ᠵᠢ ᠪᠡᠯᠭᠡᠯᠡᠬᠦ ᠶᠡᠬᠡ ᠬᠤᠷᠠᠯ 3 ᠤ ᠦᠳᠡ ᠡᠴᠡ ᠡᠮᠦᠨ᠎ᠠ ᠪᠡᠭᠡᠵᠢᠩ ᠳ᠋ᠤ ᠶᠠᠪᠤᠬᠳᠠᠪᠠ᠃

    ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠭᠡᠰᠢᠭᠦᠨ᠂ ᠲᠦᠷᠦ ᠵᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠢᠢᠳ ᠯᠢᠤ ᠶᠠᠨ ᠳ᠋ᠦᠩ ᠬᠤᠷᠠᠯ ᠳᠡᠭᠡᠷ᠎ᠠ ᠰᠢ ᠵᠢᠨ ᠫᠢᠩ ᠤᠨ ᠪᠠᠶᠠᠷ ᠤᠨ ᠵᠠᠬᠢᠶ᠎ᠠ ᠶᠢ ᠤᠩᠰᠢᠨ ᠳᠤᠭᠤᠯᠭᠠᠵᠤ ᠶᠠᠷᠢᠶ᠎ᠠ ᠲᠠᠯᠪᠢᠪᠠ᠃ ᠲᠡᠷᠡ᠂ ᠶᠠᠷᠤᠩᠬᠡᠢ ᠱᠦᠵᠢ ᠰᠢ ᠵᠢᠨ ᠫᠢᠩ ᠦᠨ ᠴᠢᠬᠤᠯᠠ ᠵᠢᠭᠠᠪᠤᠷᠢ ᠵᠢᠨ ᠵᠤᠷᠢᠬ ᠰᠠᠨᠠᠭ᠎ᠠ ᠢᠢ ᠬᠦᠨᠵᠡᠬᠡᠢ ᠨᠠᠢᠢᠳᠠᠪᠤᠷᠢᠵᠢᠭᠤᠯᠵᠤ᠂ ᠨᠠᠮ ᠤᠨ ᠰᠤᠷᠭᠠᠨ ᠬᠦᠮᠤᠵᠢᠯ ᠤᠨ ᠴᠢᠭᠯᠡᠯᠳᠠ ᠵᠢ ᠲᠤᠤᠱᠯᠠᠭᠤᠯᠵᠤ᠂ ᠶᠤᠰᠤ ᠰᠤᠷᠳᠠᠬᠤᠨ ᠢᠶᠡᠷ ᠴᠢᠳᠠᠪᠤᠷᠢᠳᠠᠨ ᠬᠦᠮᠤᠵᠢᠬᠦᠯᠬᠦ ᠦᠨᠳᠤᠰᠤᠨ ᠡᠬᠦᠷᠬᠡ ᠪᠡᠷ ᠭᠤᠤᠯᠳᠠᠭᠤᠯᠵᠤ᠂ ᠠᠷᠠᠳ ᠤᠨ ᠲᠦᠯᠤᠬᠡ ᠰᠤᠷᠭᠠᠭᠤᠯᠢ ᠪᠠᠢᠢᠭᠤᠯᠵᠤ᠂ ᠰᠤᠷᠭᠠᠭᠤᠯᠢ ᠵᠢ ᠵᠠᠰᠠᠵᠤ ᠤᠯᠤᠰ ᠲᠠᠭᠠᠨ ᠵᠢᠳᠬᠦᠬᠦ ᠤᠯᠠᠮᠵᠢᠯᠠᠯ ᠢᠶᠡᠨ ᠪᠠᠳᠠᠷᠠᠭᠤᠯᠤᠨ᠂ ᠰᠤᠷᠭᠠᠨ ᠬᠦᠮᠤᠵᠢᠯ ᠤᠨ ᠶᠠᠷᠤᠩᠬᠡᠢᠢᠯᠡᠭᠰᠡᠨ ᠦᠬᠡᠷᠡᠴᠢᠯᠠᠯᠳᠠ ᠢᠢ ᠬᠦᠨᠵᠡᠬᠡᠢᠢᠷᠡᠬᠦᠯᠵᠤ᠂ ᠰᠤᠷᠭᠠᠭᠤᠯᠢ ᠡᠷᠬᠢᠯᠡᠬᠦ ᠲᠦᠪᠰᠢᠨ ᠢᠶᠡᠨ ᠲᠠᠰᠤᠷᠠᠯᠳᠠ ᠦᠬᠡᠢ ᠲᠡᠭᠡᠭᠰᠢᠯᠡᠬᠦᠯᠵᠤ᠂ ᠲᠡᠯᠡᠬᠡᠢ ᠶᠢᠨ ᠲᠡᠷᠢᠬᠦᠨ ᠵᠡᠷᠬᠡᠯᠡᠯ ᠤᠨ ᠶᠡᠬᠡ ᠰᠤᠷᠭᠠᠭᠤᠯᠢ ᠪᠤᠯᠤᠨ ᠲᠡᠷᠢᠬᠦᠨ ᠵᠡᠷᠬᠡᠯᠡᠯ ᠤᠨ ᠰᠢᠨᠵᠢᠯᠡᠭᠡᠨ ᠤ ᠰᠠᠯᠪᠤᠷᠢ ᠶᠢ ᠪᠠᠢᠢᠭᠤᠯᠬᠤ ᠠᠶᠠᠨ ᠵᠠᠮ ᠢᠶᠡᠷ ᠯᠠᠪᠳᠠᠭᠤᠨ ᠪᠠᠳᠤᠳᠠᠢ ᠶᠠᠪᠤᠵᠤ᠂ ᠤᠯᠤᠰ ᠤᠨ ᠬᠦᠭᠵᠢᠯᠳᠠ ᠪᠤᠯᠤᠨ ᠦᠨᠳᠤᠰᠤᠳᠠᠨ ᠦ ᠰᠡᠷᠬᠦᠨ ᠮᠠᠨᠳᠤᠯᠳᠠ ᠳᠤ ᠨᠡᠩ ᠤᠯᠠᠨ ᠰᠢᠯᠢᠳᠡᠭ ᠴᠢᠳᠠᠪᠤᠷᠢᠳᠠᠨ ᠢ ᠬᠦᠮᠤᠵᠢᠬᠦᠯᠵᠤ ᠦᠭᠬᠦ ᠭᠡᠷᠡᠭᠳᠠᠢ ᠬᠡᠵᠤ ᠢᠯᠡᠳᠬᠡᠪᠡ᠃

    ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠪᠤᠯ ᠤᠤᠯ ᠤᠨ 1937 ᠤᠨ ᠳᠤ ᠪᠠᠢᠢᠭᠤᠯᠤᠬᠳᠠᠬᠰᠠᠨ ᠱᠠᠨᠪᠧᠢ ᠶᠢᠨ ᠠᠯᠪᠠᠨ ᠰᠤᠷᠭᠠᠭᠤᠯᠢ ᠵᠢᠴᠢ ᠬᠤᠵᠢᠮ ᠤᠨ ᠬᠤᠧᠠᠪᠧᠢ ᠶᠢᠨ ᠬᠤᠯᠪᠤᠭᠠᠳᠤ ᠶᠡᠬᠡ ᠰᠤᠷᠭᠠᠭᠤᠯᠢ ᠪᠤᠯᠤᠨ ᠬᠤᠧᠠᠪᠧᠢ ᠶᠡᠬᠡ ᠰᠤᠷᠭᠠᠭᠤᠯᠢ ᠪᠤᠯᠤᠨ᠎ᠠ᠂ 1950 ᠤᠨ ᠦ 10 ᠰᠠᠷ᠎ᠠ ᠢᠢᠨ 3 ᠤ ᠡᠳᠤᠷ ᠬᠤᠧᠠᠪᠧᠢ ᠶᠡᠬᠡ ᠰᠤᠷᠭᠠᠭᠤᠯᠢ ᠶᠢᠨ ᠰᠠᠭᠤᠷᠢᠨ ᠳᠤ ᠨᠡᠢᠢᠯᠡᠭᠦᠯᠵᠦ ᠲᠠᠬᠢᠨ ᠵᠤᠬᠢᠶᠠᠨ ᠪᠠᠢᠢᠭᠤᠯᠤᠭᠰᠠᠨ ᠶᠤᠮ᠂ ᠤᠷᠳᠤ ᠬᠤᠭᠤᠴᠠᠭᠠᠨ ᠦ ᠰᠤᠷᠭᠠᠭᠤᠯᠢ ᠡᠷᠬᠢᠯᠡᠬᠦ ᠤᠢᠢᠯᠡᠳᠤᠯᠬᠡ ᠳᠤ᠂ ᠰᠤᠶᠤᠯ ᠢᠷᠬᠡᠨᠰᠢᠯ ᠨᠡᠢᠢᠬᠡᠮ ᠤᠨ ᠰᠢᠨᠵᠢᠯᠡᠬᠦ ᠤᠬᠠᠭᠠᠨ ᠤ ᠲᠡᠭᠡᠳᠤ ᠵᠡᠷᠬᠡ ᠵᠢᠨ ᠰᠤᠷᠭᠠᠨ ᠬᠦᠮᠤᠵᠢᠯ᠂ ᠮᠠᠷᠺᠰ ᠤᠨ ᠦᠵᠡᠯ ᠤᠨ ᠵᠢᠭᠠᠨ ᠰᠤᠷᠭᠠᠯᠳᠠ ᠪᠤᠯᠤᠨ ᠰᠤᠳᠤᠯᠭᠠᠨ ᠢ ᠴᠢᠬᠤᠯᠠᠴᠢᠯᠠᠵᠤ《ᠮᠠᠨ ᠦ ᠤᠯᠤᠰ ᠤᠨ ᠰᠤᠶᠤᠯ ᠢᠷᠬᠡᠨᠰᠢᠯ ᠨᠡᠢᠢᠬᠡᠮ ᠤᠨ ᠰᠢᠨᠵᠢᠯᠡᠬᠦ ᠤᠬᠠᠭᠠᠨ ᠤ ᠲᠡᠭᠡᠳᠤ ᠵᠡᠷᠬᠡ ᠶᠢᠨ ᠰᠤᠷᠭᠠᠨ ᠬᠦᠮᠤᠵᠢᠯ ᠤᠨ ᠬᠦᠷᠢᠶᠠᠨ ᠦ ᠲᠤᠬ ᠲᠡᠮᠳᠡᠭ》ᠬᠡᠮᠡᠭᠳᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121762191