蒙古文网站Logo
ᠰᠢᠨᠬᠤᠸᠠ ᠮᠤᠩᠭ᠋ᠤᠯ ᠨᠧᠲ

《 ᠤᠭ ᠰᠠᠨᠠᠭ᠎ᠠ ᠪᠠᠨ ᠮᠠᠷᠲᠠᠯ ᠦᠭᠡᠢ ᠤᠷᠤᠭᠰᠢᠯᠠᠶ᠎ᠠ》ᠭᠡᠬᠦ ᠲᠤᠯᠤᠭᠠᠨ ᠠᠩᠬᠢᠲᠤ ᠤᠯᠤᠰ ᠲᠦᠷᠦ ᠤᠨᠤᠯ ᠤᠨ ᠲᠤᠰᠬᠠᠢ ᠹᠢᠯᠢᠮ ᠢ ᠨᠡᠪᠲᠡᠷᠡᠬᠦᠯᠪᠡ

2017-10-06 11:58

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ   ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠶᠢᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠠᠯᠦᠰ ᠤᠨ ᠬᠠᠷᠠᠴᠠ ᠲᠠᠢ᠂ ᠦᠢᠯᠡᠳᠦᠯᠭᠡ ᠳ᠋ᠤ ᠰᠠᠭᠤᠷᠢᠯᠠᠭᠰᠠᠨ᠂ ᠤᠯᠤᠰ ᠢ ᠵᠠᠰᠠᠵᠤ ᠲᠦᠷᠦ ᠪᠠᠷᠢᠬᠤ ᠰᠢᠨ᠎ᠡ ᠤᠶᠢᠯᠠᠭᠠᠬᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠪᠡᠷ ᠨᠠᠮ ᠲᠦᠷᠦ ᠶᠢᠨ ᠡᠯ᠎ᠡ ᠰᠠᠯᠪᠤᠷᠢ ᠶᠢᠨ ᠠᠵᠢᠯ ᠦᠢᠯᠡᠰ ᠢ ᠬᠦᠲᠦᠯᠦᠨ ᠲᠠᠭᠠᠭᠤᠯᠵᠤ ᠲᠡᠦᠬᠡᠲᠦ ᠴᠢᠨᠠᠷᠲᠠᠢ ᠬᠤᠪᠢᠷᠠᠯᠲᠠ ᠭᠠᠷᠭᠠᠵᠤ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠰᠢᠨ᠎ᠡ ᠬᠦᠭ᠍ᠵᠢᠯᠲᠠ ᠶᠢᠨ ᠱᠠᠲᠤᠨ ᠳ᠋ᠠᠭᠠᠨ ᠤᠷᠤᠬᠤ ᠶᠢ ᠠᠬᠢᠭᠤᠯᠪᠠ᠃ ᠲᠠᠪᠤᠨ ᠵᠢᠯ ᠤᠨ ᠲᠤᠷᠰᠢᠬᠢ ᠲᠤᠮᠲᠠᠲᠤ ᠤᠯᠤᠰ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠯᠤᠲᠤ ᠶᠡᠬᠡ ᠠᠮᠵᠢᠯᠲᠠ ᠪᠦᠲᠦᠮᠵᠢ ᠶᠢ ᠭᠦᠢᠴᠡᠳ ᠦᠵᠡᠬᠦᠯᠵᠦ᠂ ᠰᠢ ᠵᠢᠨ ᠫᠢᠩ ᠶᠡᠷᠦᠩᠬᠡᠢ ᠱᠦᠵᠢ ᠶᠢᠨ ᠦᠵᠡᠯ ᠰᠠᠨᠠᠭ᠎ᠠ᠂ ᠶᠠᠪᠤᠭᠰᠠᠨ ᠮᠦᠷ ᠶᠢᠡᠷ ᠨᠠᠮ ᠤᠨ ᠲᠦᠪ ᠬᠤᠷᠢᠶ᠎ᠠ ᠬᠠᠮᠢᠶᠠᠲᠠᠢ ᠰᠠᠯᠠᠭ᠎ᠠ ᠮᠦᠴᠢᠷ ᠢ ᠬᠢᠨ ᠢ ᠵᠤᠬᠢᠶᠠᠨ ᠪᠠᠶᠢᠭᠤᠯᠵᠤ ᠲᠤᠯᠤᠭᠠᠨ ᠠᠩᠬᠢᠲᠤ ᠤᠯᠤᠰ ᠲᠦᠷᠦ ᠤᠨᠤᠯ ᠤᠨ ᠲᠤᠰᠬᠠᠢ ᠹᠢᠯᠢᠮ 《 ᠤᠭ ᠰᠠᠨᠠᠭ᠎ᠠ ᠪᠠᠨ ᠮᠠᠷᠲᠠᠯ ᠦᠭᠡᠢ ᠤᠷᠤᠭᠰᠢᠯᠠᠶ᠎ᠠ》 ᠶᠢ ᠵᠢᠷᠤᠭᠯᠠᠨ ᠪᠦᠲᠦᠭᠡᠪᠡ᠃ ᠡᠨᠡᠬᠦ ᠹᠢᠯᠢᠮ 5 ᠤ ᠤᠷᠤᠢ ᠡᠴᠡ ᠡᠬᠢᠯᠡᠨ ᠲᠦᠪ ᠤᠨ ᠲᠧᠯᠸᠢᠰ ᠬᠤᠷᠢᠶ᠎ᠠ ᠶᠢᠨ ᠶᠡᠷᠦᠩᠬᠡᠶᠢᠯᠡᠭᠰᠡᠨ ᠰᠤᠪᠠᠭ ᠲᠤ ᠠᠩᠬ᠎ᠠ ᠨᠡᠪᠲᠡᠷᠡᠬᠦᠯᠬᠦ ᠶᠢᠨ ᠬᠠᠮᠲᠤ ᠲᠦᠪ ᠲᠧᠯᠸᠢᠰ ᠤᠨ ᠮᠡᠲᠡᠭᠡ ᠮᠡᠲᠡᠭᠡᠯᠡᠯ ᠤᠨ ᠰᠢᠯᠵᠢᠭᠡ ᠰᠠᠶᠢᠲ ᠵᠡᠷᠭᠡ ᠬᠡᠪᠯᠡᠯ ᠮᠡᠲᠡᠭᠡᠯᠡᠯ ᠤᠨ ᠬᠡᠷᠡᠭᠰᠡᠯ ᠤᠳ ᠶᠢᠡᠷ ᠰᠠᠴᠤᠭᠲᠠᠬᠤ ᠪᠤᠯᠤᠨ᠎ᠠ᠃

    ᠨᠠᠮ ᠤᠨ ᠠᠷᠪᠠᠨ ᠶᠢᠰᠦᠲᠦᠭᠡᠷ ᠤᠲᠠᠭᠠᠨ ᠤ ᠶᠡᠬᠡ ᠬᠤᠷᠠᠯ ᠬᠤᠷᠠᠯᠲᠤᠬᠤ ᠭᠡᠵᠦ ᠪᠠᠶᠢᠭ᠎ᠠ ᠲᠠᠰᠢᠷᠠᠮ ᠳ᠋ᠤ ᠡᠨᠡᠬᠦ ᠹᠢᠯᠢᠮ ᠤᠨ ᠨᠡᠪᠲᠡᠷᠡᠬᠦᠯᠦᠭᠲᠡᠭᠰᠡᠨ ᠨᠢ ᠰᠢ ᠵᠢᠨ ᠫᠢᠩ ᠨᠦᠬᠦᠷ ᠶᠢᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠴᠢᠩᠭ᠋᠎ᠠ ᠤᠲᠤᠷᠢᠲᠤᠯᠭ᠎ᠠ ᠲᠤᠤᠷ᠎ᠠ ᠪᠦᠬᠦ ᠨᠠᠮ ᠪᠠ ᠪᠦᠬᠦ ᠤᠯᠤᠰ ᠤᠨ ᠠᠷᠠᠳ ᠲᠦᠮᠡᠨ ᠢ ᠤᠯᠠᠮ ᠵᠤᠷᠢᠭᠵᠢᠭᠤᠯᠵᠤ᠂ 《 ᠬᠤᠶᠠᠷ ᠵᠠᠭᠤᠨ》 ᠤ ᠲᠡᠮᠡᠴᠡᠬᠦ ᠬᠠᠷᠠᠯᠲᠠ᠂ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠲᠤᠮᠲᠠᠲᠤ ᠶᠢᠨ ᠬᠦᠰᠡᠯ ᠮᠦᠷᠦᠭᠡᠲᠦᠯ ᠤᠨ ᠶᠢᠡᠨ ᠲᠦᠯᠦᠭᠡ ᠴᠤᠴᠠᠯᠲᠠ ᠦᠭᠡᠢ ᠴᠢᠷᠮᠠᠶᠢᠬᠤ ᠪᠤᠯᠤᠨ᠎᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121766038