蒙古文网站Logo
ᠰᠢᠨᠬᠤᠸᠠ ᠮᠤᠩᠭ᠋ᠤᠯ ᠨᠧᠲ

《ᠨᠡᠢᠢᠬᠡᠮ ᠵᠢᠷᠤᠮᠳᠤ ᠨᠡᠢᠢᠬᠡᠮ ᠢ ᠪᠠᠢᠢᠭᠤᠯᠬᠤ ᠲᠤᠬᠠᠢ ᠰᠢ ᠵᠢᠨ ᠫᠢᠩ ᠤᠨ ᠦᠬᠦᠯᠡᠯᠳᠡ ᠢᠢᠨ ᠰᠤᠩᠭᠤᠮᠠᠯ》 ᠢ ᠬᠡᠪᠯᠡᠨ ᠲᠠᠷᠬᠠᠭᠠᠪᠠ

2017-10-09 16:27

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠲᠤᠯᠭᠤᠷ ᠪᠢᠴᠢᠭ᠌ ᠰᠤᠳᠤᠯᠬᠤ ᠲᠠᠰᠤᠭ ᠤᠨ ᠨᠠᠢᠢᠷᠠᠭᠤᠯᠤᠭᠰᠠᠠ《ᠨᠡᠢᠢᠬᠡᠮ ᠵᠢᠷᠤᠮᠳᠤ ᠨᠡᠢᠢᠬᠡᠮ ᠢ ᠪᠠᠢᠢᠭᠤᠯᠬᠤ ᠲᠤᠬᠠᠢ ᠰᠢ ᠵᠢᠨ ᠫᠢᠩ ᠤᠨ ᠦᠬᠦᠯᠡᠯᠳᠡ ᠢᠢᠨ ᠰᠤᠩᠭᠤᠮᠠᠯ》 ᠬᠡᠬᠦ ᠨᠤᠮ ᠢ ᠤᠢᠢᠷ᠎ᠠ ᠢᠢᠨ ᠡᠳᠤᠷ ᠲᠦᠪ ᠤᠨ ᠲᠤᠯᠭᠤᠷ ᠪᠢᠴᠢᠭ᠌ ᠤᠨ ᠬᠡᠪᠯᠡᠯ ᠤᠨ ᠬᠤᠷᠢᠶ᠎ᠠ ᠡᠴᠡ ᠬᠡᠪᠯᠡᠬᠦᠯᠵᠥ᠂ ᠤᠯᠤᠰ ᠲᠠᠶᠠᠭᠠᠷ ᠲᠥ ᠲᠠᠷᠬᠠᠭᠠᠪᠠ᠃

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠠᠷᠠᠳ ᠲᠦᠮᠡᠨ  ᠢᠶᠡᠷ ᠭᠤᠤᠯ ᠪᠤᠯᠭᠠᠬᠤ ᠬᠦᠭᠵᠢᠯᠳᠡ ᠢᠢᠨ ᠦᠵᠡᠯ ᠰᠠᠨᠠᠭ᠎ᠠ ᠪᠤᠯᠤᠨ ᠪᠦᠬᠦᠯᠢ ᠴᠤᠭᠴᠠ ᠶᠢᠨ ᠤᠯᠤᠰ ᠤᠨ ᠠᠶᠤᠯᠬᠦᠢ ᠶᠢᠨ ᠦᠵᠡᠯᠳᠡ ᠢᠢ ᠪᠠᠷᠢᠮᠳᠠᠯᠠᠵᠥ᠂ ᠠᠷᠠᠳ ᠲᠦᠮᠡᠨ ᠤ ᠰᠠᠢᠢᠨ ᠰᠠᠢᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠢᠢᠴᠡᠭᠦᠯᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠬᠦᠯᠬᠦ᠂ ᠬᠦᠮᠥᠨ ᠤ ᠪᠦᠬᠦ ᠲᠠᠯ᠎ᠠ ᠢᠢᠨ ᠬᠦᠭᠵᠢᠯᠳᠡ ᠢᠢ ᠠᠬᠢᠭᠤᠯᠬᠤ ᠢᠢ ᠠᠯᠢᠪᠠ ᠠᠵᠢᠯ ᠤᠨ ᠢᠶᠡᠨ ᠭᠠᠷᠤᠭ᠎ᠠ ᠪᠤᠯᠤᠨ ᠵᠤᠭᠰᠤᠴᠠ ᠪᠠᠨ ᠪᠤᠯᠭᠠᠵᠥ᠂ ᠠᠷᠠᠳ ᠤᠯᠠᠨ ᠤ ᠬᠠᠮᠤᠭ ᠡᠴᠡ ᠢᠯᠡᠬᠦᠤ ᠠᠩᠬᠠᠷᠴᠦ ᠪᠠᠢᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠠ ᠢᠢᠨ ᠠᠰᠠᠭᠤᠳᠠᠯ ᠡᠴᠡ ᠭᠠᠷᠳᠠᠨ ᠰᠤᠷᠭᠠᠨ ᠬᠦᠮᠥᠵᠢᠯ᠂ ᠠᠵᠢᠯ ᠤᠯᠭᠤᠯᠳᠠ᠂ ᠤᠷᠤᠯᠭ᠎ᠠ ᠶᠢᠨ ᠬᠤᠪᠢᠶᠡᠷᠢᠯᠡᠯᠳᠡ᠂ ᠨᠡᠢᠢᠬᠡᠮ ᠤᠨ ᠪᠠᠳᠤᠯᠠᠪᠤᠷᠢ᠂ ᠡᠮ ᠡᠮᠨᠡᠯᠬᠡ ᠡᠷᠡᠬᠦᠯ ᠬᠠᠮᠠᠭᠠᠯᠠᠯ ᠵᠡᠷᠬᠡ ᠡᠯ᠎ᠠ ᠬᠦᠷᠢᠶᠡᠨ ᠤ ᠠᠷᠠᠳ ᠤᠨ ᠠᠮᠢᠳᠤᠷᠠᠯ  ᠤᠨ ᠠᠵᠢᠯ  ᠢ ᠨᠢᠬᠡᠳᠤᠯᠳᠡᠢ ᠲᠦᠯᠥᠪᠵᠢᠬᠦᠯᠥᠨ ᠰᠠᠢᠢᠳᠤᠷ ᠬᠢᠵᠥ᠂ ᠠᠷᠠᠳ ᠲᠦᠮᠠᠨ ᠤ ᠠᠮᠢᠳᠤᠷᠠᠯ ᠤᠨ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠪᠡ᠃

    ᠰᠢ ᠵᠢᠨ ᠫᠢᠩ ᠨᠦᠬᠦᠷ ᠤᠨ ᠨᠡᠢᠢᠭᠡᠮ ᠵᠢᠷᠤᠮᠳᠤ ᠨᠡᠢᠢᠬᠡᠮ ᠤᠨ ᠪᠠᠢᠢᠭᠤᠯᠤᠯᠳᠠ ᠢᠢᠨ ᠲᠤᠬᠠᠢ ᠴᠢᠬᠤᠯᠠ ᠦᠬᠦᠯᠡᠯᠳᠡ ᠢᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠨᠢ ᠪᠦᠬᠦ ᠨᠠᠮ ᠪᠦᠬᠦ ᠨᠡᠢᠢᠬᠡᠮ ᠤᠨ ᠬᠢᠨ ᠤ ᠠᠷᠠᠳ ᠤᠨ ᠠᠮᠢᠳᠤᠷᠠᠯ ᠤᠨ ᠪᠠᠢᠢᠭᠤᠯᠤᠯᠳᠠ ᠪᠤᠯᠤᠨ ᠨᠡᠢᠢᠬᠡᠮ ᠤᠨ ᠵᠠᠰᠠᠯᠳᠠ ᠢᠢᠨ ᠴᠢᠬᠤᠯᠠ ᠠᠴᠢ ᠬᠤᠯᠪᠤᠭᠳᠠᠯ ᠢ ᠬᠦᠨᠵᠡᠬᠡᠢ ᠲᠠᠨᠢᠬᠤ᠂ ᠠᠷᠠᠳ ᠲᠦᠮᠡᠨ ᠢᠶᠡᠷ ᠦᠨᠳᠦᠰᠦ ᠪᠤᠯᠭᠠᠬᠤ᠂ ᠬᠦᠮᠥᠨ ᠢᠶᠡᠷ ᠦᠨᠳᠦᠰᠦ ᠪᠤᠯᠭᠠᠬᠤ ᠲᠦᠷᠦ ᠪᠠᠷᠢᠬᠤ ᠤᠢᠢᠯᠠᠭᠠᠬᠳᠠᠬᠤᠨ ᠢ ᠨᠠᠢᠢᠳᠠᠪᠤᠷᠢᠵᠢᠭᠤᠯᠬᠤ᠂ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠢᠢ ᠲᠠᠰᠤᠷᠠᠯᠳᠡ ᠦᠭᠡᠢ ᠰᠠᠢᠢᠳᠤᠷ ᠪᠡᠶᠡᠯᠡᠬᠦᠯᠵᠥ᠂ ᠰᠠᠢᠢᠳᠤᠷ ᠬᠠᠮᠠᠭᠠᠯᠠᠵᠥ᠂ ᠰᠠᠢᠢᠳᠤᠷ ᠬᠦᠭᠵᠢᠬᠦᠯᠬᠦ᠂ ᠬᠦᠭᠵᠢᠯᠳᠡ ᠠᠷᠠᠳ ᠲᠦᠮᠡᠨ ᠳ᠋ᠤ ᠲᠦᠰᠢᠭᠯᠡᠬᠦ᠂ ᠬᠦᠭᠵᠢᠯᠳᠡ ᠢᠢᠨ ᠦᠷ᠎ᠠ ᠪᠦᠳᠦᠭᠡᠯ ᠢ ᠠᠷᠠᠳ ᠲᠦᠮᠡᠨ ᠬᠠᠮᠳᠤᠪᠡᠷ ᠡᠳ᠋ᠯᠡᠬᠦ᠂ ᠰᠤᠷᠬᠤ ᠡᠴᠡ ᠰᠤᠷᠭᠠᠭᠤᠯᠢ ᠲᠠᠢ᠂ ᠬᠦᠳᠡᠯᠮᠦᠷᠢᠪᠡᠯ ᠤᠷᠤᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠦᠳᠡᠯᠪᠡᠯ ᠠᠰᠠᠷᠠᠮᠵᠢ ᠲᠠᠢ᠂ ᠰᠠᠭᠤᠬᠤ ᠡᠴᠡ ᠤᠷᠤᠨ ᠰᠠᠭᠤᠴᠠ ᠲᠠᠢ ᠪᠤᠯᠭᠠᠬᠤ ᠲᠠᠯ᠎ᠠ ᠪᠡᠷ ᠦᠷᠬᠦᠯᠵᠢᠯᠡᠨ ᠰᠢᠨ᠎ᠠ ᠠᠬᠢᠴᠠ ᠲᠠᠢ ᠪᠤᠯᠬᠤ᠂《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠳᠠ ᠢᠢ ᠪᠡᠶᠡᠯᠡᠬᠦᠯᠬᠦ᠂ ᠲᠤᠮᠳᠠᠳᠤ ᠢᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠢᠢᠨ ᠲᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠳᠤ ᠲᠤᠢᠢᠯ ᠤᠨ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃

    《ᠦᠬᠦᠯᠡᠯᠳᠡ ᠢᠢᠨ ᠰᠤᠩᠭᠤᠮᠠᠯ》ᠨᠢ 9 ᠲᠤᠰᠬᠠᠢ ᠰᠡᠳᠤᠪ ᠲᠡᠢ ᠄ ᠠᠷᠠᠳ ᠲᠦᠮᠡᠨ ᠤ ᠰᠠᠢᠢᠨ ᠰᠠᠢᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠤᠯ ᠲᠠᠷᠤᠢ ᠪᠢᠳᠡᠨ ᠤ ᠲᠡᠮᠡᠴᠡᠬᠦ ᠬᠠᠷᠠᠯᠳᠡ ᠮᠥᠨ; ᠨᠡᠢᠢᠬᠡᠮ ᠤᠨ ᠲᠦᠪ ᠭᠤᠤᠯᠴᠢ ᠰᠢᠳᠤᠷᠭᠤ ᠶᠤᠰᠤ ᠢᠢ ᠠᠬᠢᠭᠤᠯᠵᠥ᠂ ᠦᠷᠭᠡᠨ ᠤᠯᠠᠨ ᠠᠷᠠᠳ ᠲᠦᠮᠡᠨ ᠳ᠋ᠤ ᠦᠭᠡᠷᠡᠴᠢᠯᠡᠯᠳᠡ ᠬᠦᠭᠵᠢᠯᠳᠡ ᠢᠢᠨ ᠦᠷ᠎ᠠ ᠪᠦᠳᠦᠭᠡᠯ ᠢ ᠬᠠᠮᠳᠤᠪᠡᠷ ᠡᠳ᠋ᠯᠡᠬᠦᠯᠥᠶ᠎ᠠ; ᠰᠤᠷᠭᠠᠨ ᠬᠦᠮᠥᠵᠢᠯ ᠤᠨ ᠬᠦᠭᠵᠢᠯᠳᠡ ᠢᠢᠨ ᠦᠷ᠎ᠠ ᠪᠦᠳᠦᠭᠡᠯ ᠢ ᠪᠦᠬᠦ ᠠᠷᠠᠳ ᠲᠦᠮᠡᠨ ᠳ᠋ᠤ ᠨᠡᠩ ᠤᠯᠠᠨ ᠨᠡᠩ ᠲᠦᠪ ᠭᠤᠤᠯᠴᠢ ᠪᠡᠷ ᠬᠦᠷᠳᠡᠭᠡᠬᠦ ᠢᠢ ᠲᠠᠰᠤᠷᠠᠯᠳᠡ ᠦᠭᠡᠢ ᠠᠬᠢᠭᠤᠯᠤᠶ᠎ᠠ; ᠠᠵᠢᠯ ᠤᠯᠭᠤᠯᠳᠠ ᠵᠢᠨ ᠠᠵᠢᠯ ᠢ ᠰᠠᠢᠢᠳᠤᠷ ᠬᠢᠬᠦ ᠢᠢ ᠲᠤᠪᠤᠢᠢᠮ᠎ᠠ ᠪᠠᠢᠢᠷᠢᠨ ᠳ᠋ᠤ ᠲᠠᠯᠪᠢᠵᠥ᠂ ᠤᠯᠠᠨ ᠠᠷᠭ᠎ᠠ ᠵᠠᠮ ᠢᠶᠡᠷ ᠠᠵᠢᠯ ᠤᠨ ᠪᠠᠢᠢᠷᠢ ᠢᠢ ᠡᠬᠦᠳᠦᠶ᠎ᠠ; ᠨᠡᠩ ᠲᠦᠪ ᠭᠤᠤᠯᠴᠢ ᠦᠷᠬᠦᠯᠵᠢᠯᠡᠵᠤ ᠪᠤᠯᠬᠤ ᠨᠡᠢᠢᠬᠡᠮ ᠤᠨ ᠪᠠᠳᠤᠯᠠᠪᠤᠷᠢ ᠢᠢᠨ ᠲᠦᠷᠢᠮ ᠢ ᠪᠠᠢᠢᠭᠤᠯᠤᠶ᠎ᠠ; ᠡᠷᠡᠬᠦᠯ ᠡᠩᠬᠡ ᠲᠤᠮᠳᠠᠳᠤ ᠤᠯᠤᠰ ᠤᠨ ᠪᠦᠳᠦᠬᠡᠨ ᠪᠠᠢᠢᠭᠤᠯᠤᠯᠳᠠ ᠢᠢ ᠲᠦᠷᠭᠡᠳᠭᠡᠨ ᠠᠬᠢᠭᠤᠯᠤᠶ᠎ᠠ; ᠨᠡᠢᠢᠬᠡᠮ ᠤᠨ ᠵᠠᠰᠠᠯᠳᠠ ᠢᠢ ᠴᠢᠩᠭᠠᠳᠬᠠᠨ ᠰᠢᠨᠡᠴᠢᠯᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮᠳᠦ ᠨᠡᠢᠢᠬᠡᠮ ᠤᠨ ᠵᠠᠰᠠᠯᠳᠠ ᠢᠢᠨ ᠰᠢᠰᠲ᠋ᠧᠮ ᠢ ᠪᠦᠷᠢᠨᠰᠢᠬᠦᠯᠥᠶ᠎ᠠ; ᠤᠯᠠᠨ ᠨᠡᠢᠢᠳᠠ ᠢᠢᠨ ᠠᠶᠤᠯᠬᠦᠢ ᠪᠤᠯᠤᠨ ᠨᠡᠢᠢᠬᠡᠮ ᠤᠨ ᠠᠶᠤᠯᠬᠦᠢ ᠶᠢ ᠦᠨᠡᠨᠬᠦ ᠬᠠᠮᠠᠭᠠᠯᠠᠵᠥ᠂ ᠠᠮᠤᠷ ᠠᠮᠤᠭᠤᠯᠠᠩ ᠲᠤᠮᠳᠠᠳᠤ ᠤᠯᠤᠰ ᠢ ᠴᠢᠷᠮᠠᠢᠢᠨ ᠪᠦᠳᠦᠬᠡᠨ ᠪᠠᠢᠢᠭᠤᠯᠤᠶ᠎ᠠ; ᠪᠦᠬᠦᠯᠢ ᠴᠤᠭᠴᠠ ᠢᠢᠨ ᠤᠯᠤᠰ ᠤᠨ ᠠᠶᠤᠯᠬᠦᠢ ᠶᠢᠨ ᠦᠵᠡᠯᠳᠡ ᠢᠢ ᠪᠠᠷᠢᠮᠳᠠᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠤᠯᠤᠰ ᠤᠨ ᠠᠶᠤᠯᠬᠦᠢ ᠶᠢᠨ ᠵᠠᠮ ᠢᠶᠡᠷ ᠵᠠᠮᠨᠠᠶ᠎ᠠ ᠬᠡᠬᠦ ᠵᠡᠷᠭᠡ ᠪᠤᠯᠤᠨ᠎ᠠ᠃

    ᠲᠤᠰ ᠨᠤᠮ ᠳ᠋ᠥ 326 ᠬᠡᠰᠡᠭ ᠦᠬᠦᠯᠡᠯᠳᠡ ᠢᠢ ᠰᠤᠩᠭᠤᠨ ᠤᠷᠤᠭᠤᠯᠵᠥ᠂ ᠰᠢ ᠵᠢᠨ ᠫᠢᠩ ᠨᠦᠬᠦᠷ ᠤᠨ 2012 ᠤᠨ ᠤ 11 ᠰᠠᠷ᠎ᠠ ᠢᠢᠨ 15 ᠤ ᠡᠳᠤᠷ ᠡᠴᠡ 2017 ᠤᠨ ᠤ 9 ᠰᠠᠷ᠎ᠠ ᠶᠢᠨ 19 ᠤ ᠡᠳᠤᠷ ᠪᠤᠯᠳᠠᠯᠠᠬᠢ ᠬᠤᠭᠤᠴᠠᠭᠠᠨ ᠤ ᠶᠠᠷᠢᠶ᠎ᠠ᠂ ᠮᠡᠳᠡᠬᠦᠯᠥᠯᠳᠡ᠂ ᠶᠠᠷᠢᠶ᠎ᠠ ᠢᠯᠡᠳᠬᠡᠯ᠂ ᠵᠢᠭᠠᠪᠤᠷᠢ᠂ ᠴᠤᠬᠤᠯᠠᠪᠤᠷᠢ᠂ ᠪᠠᠶᠠᠷ ᠤᠨ ᠵᠠᠬᠢᠶ᠎ᠠ ᠵᠡᠷᠬᠡ ᠴᠢᠬᠤᠯᠠ ᠰᠤᠷᠪᠤᠯᠵᠢ ᠪᠢᠴᠢᠭ᠌ ᠡᠴᠡ ᠠᠪᠤᠪᠠ᠃ ᠡᠬᠦᠨ ᠳ᠋ᠤ ᠠᠯᠢ ᠤᠯᠠᠨ ᠦᠬᠦᠯᠡᠯᠳᠡ ᠢᠢ ᠨᠢ ᠠᠩᠬ᠎ᠠ ᠤᠳᠠᠭ᠎ᠠ ᠢᠯᠡ ᠪᠡᠷ ᠨᠡᠢᠢᠳᠡᠯᠡᠵᠥ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121775387