蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠬᠤᠷᠢᠶᠠᠨ ᠤ ᠰᠢᠬᠦᠮᠵᠢ᠄ ᠳᠡᠤᠬᠡᠨ ᠰᠢᠨ᠎ᠡ ᠵᠤᠭᠰᠤᠴᠠ ᠡᠴᠡ ᠤᠷᠤᠭᠰᠢᠯᠠᠶ᠎ᠠ

2017-10-09 16:27

    ᠰᠢᠨᠬᠤᠧᠠ ᠬᠤᠷᠢᠶ᠎ᠠ   ᠪᠡᠭᠡᠵᠢᠩ ᠤᠨ 9 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠠᠩ ᠯᠢ ᠨᠠ) ᠨᠠᠯᠠᠭᠠᠷ ᠨᠠᠮᠤᠷ ᠤᠨ ᠰᠠᠶᠢᠬᠠᠨ ᠴᠠᠭ ᠲᠤ ᠳᠠᠪᠤᠨ ᠤᠳᠤᠳᠤ ᠤᠯᠠᠭᠠᠨ ᠳᠤᠭ ᠰᠠᠯᠬᠢᠨ ᠤ ᠠᠶ᠎ᠠ ᠪᠡᠷ ᠨᠠᠮᠢᠷᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠮᠠᠨᠢ 68 ᠨᠠᠰᠤᠨ ᠤ ᠤᠢ ᠪᠡᠨ ᠤᠭᠳᠤᠯ᠎ᠠ᠃

    ᠡᠳᠡᠬᠡᠷ ᠤᠨ ᠰᠠᠷ᠎ᠠ ᠨᠤᠭᠤᠳ ᠢ ᠡᠷᠬᠢᠨ ᠬᠠᠷᠠᠪᠠᠯ ᠳᠤᠮᠤ ᠬᠡᠷᠡᠭ ᠤᠴᠢᠷ ᠳᠠᠰᠤᠯᠳᠠᠭ᠎ᠠ ᠦᠬᠡᠢ᠂ ᠪᠠᠶᠠᠷᠳᠤ ᠬᠡᠷᠡᠭ ᠤᠴᠢᠷ ᠦᠷᠬᠦᠯᠵᠢᠯᠡᠭᠰᠡᠬᠡᠷ᠄

    ᠨᠠᠮ ᠤᠨ ᠳᠦᠪ ᠬᠤᠷᠢᠶᠠᠨ ᠤ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ ᠳᠤᠤᠱᠯᠠᠭᠤᠯᠤᠯᠳᠠ ᠪᠡᠷ᠂ ᠰᠢᠶᠦ᠋ᠩ ᠠᠨ ᠰᠢᠨ᠎ᠡ ᠳᠤᠭᠤᠷᠢᠭ ᠬᠡᠮᠡᠬᠦ ᠡᠨᠡ《ᠮᠢᠩᠭᠠᠨ ᠤᠨ ᠤ ᠴᠢᠬᠤᠯᠠ ᠪᠤᠳᠤᠯᠭ᠎ᠠ᠂ ᠳᠦᠷᠦ ᠬᠦᠷᠦᠨ ᠤ ᠳᠤᠮᠤ ᠬᠡᠷᠡᠭ》 ᠪᠤᠯᠤᠭᠰᠠᠨ ᠢᠷᠡᠬᠡᠳᠦᠢ ᠶᠢᠨ ᠬᠤᠳᠠ ᠪᠠᠶᠢᠭᠤᠯᠤᠭᠳᠠᠯ᠎ᠠ; ᠤᠯᠤᠰ ᠡᠴᠡ ᠦᠢᠯᠡᠳᠪᠦᠷᠢᠯᠡᠭᠰᠡᠨ C919 ᠳᠤᠮᠤ ᠵᠠᠭᠪᠤᠷ ᠤᠨ ᠨᠢᠰᠬᠦ ᠤᠩᠭᠤᠴᠠ ᠡᠴᠡ 《ᠹᠦ᠋ ᠰᠢᠩ ᠨᠤᠮᠧᠷᠳᠤ》 ᠬᠤᠷᠳᠤᠨ ᠤ ᠭᠠᠯᠳᠤ ᠳᠡᠷᠬᠡ ᠬᠦᠷᠳᠡᠯ᠎ᠡ ᠳᠤᠮᠤ ᠬᠦᠷᠦᠨ ᠤ ᠮᠤᠨᠳᠠᠭ ᠪᠦᠳᠦᠬᠡᠭᠳᠡᠬᠦᠨ ᠨᠤᠬᠦᠳ ᠳᠤᠮᠳᠠᠳᠤ ᠤᠯᠤᠰ ᠤᠨ ᠦᠢᠯᠡᠳᠪᠦᠷᠢᠯᠡᠯ ᠤᠨ ᠦᠮᠴᠢ ᠶᠢᠨ ᠰᠢᠨ᠎ᠡ ᠦᠨᠳᠦᠷᠴᠡ ᠶᠢ ᠡᠬᠦᠳᠪᠡ; ᠳᠡᠭᠷᠢ ᠶᠢᠨ ᠵᠠᠪᠢ ᠨᠢᠬᠡ ᠨᠤᠮᠧᠷᠳᠤ ᠠᠴᠢᠶᠠᠨ ᠤ ᠬᠦᠯᠬᠡ ᠡᠴᠡ ᠺᠧᠨᠨ᠋ᠲ ᠺᠤᠮᠫᠢᠦ᠋ᠲ᠋ᠧᠷ ᠬᠦᠷᠳᠡᠯ᠎ᠡ ᠨᠢᠬᠡ ᠪᠦᠯᠦᠭ ᠳᠡᠯᠡᠬᠡᠢ ᠶᠢᠨ ᠳᠡᠷᠢᠬᠦᠨ ᠤ ᠳᠦᠪᠰᠢᠨ ᠳᠤ ᠬᠦᠷᠦᠭᠰᠡᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠷ᠎ᠡ ᠪᠦᠳᠦᠮᠵᠢ ᠮᠡᠨᠳᠦᠯᠡᠪᠡ; ᠬᠤᠷᠢᠨ ᠤᠯᠤᠰ ᠤᠨ ᠪᠦᠯᠦᠭᠯᠡᠯ ᠤᠨ ᠬᠠᠩᠵᠧᠤ ᠳ᠋ᠡᠬᠢ ᠴᠢᠭᠤᠯᠭ᠎ᠠ ᠠᠭᠤᠯᠵᠠᠯᠳᠠ᠂ 《ᠨᠢᠬᠡ ᠪᠦᠰᠡ ᠨᠢᠬᠡ ᠵᠠᠮ》 ᠤᠯᠠᠨ ᠤᠯᠤᠰ ᠤᠨ ᠳᠡᠬᠡᠳᠦ ᠳᠦᠪᠰᠢᠨ ᠤ ᠹᠤᠷᠦ᠋ᠮ ᠡᠴᠡ ᠪᠷᠢᠺᠰ ᠤᠯᠤᠰ ᠤᠳ ᠤᠨ ᠤᠳᠤᠷᠢᠳᠬᠤ ᠬᠦᠮᠦᠰ ᠤᠨ ᠰᠢᠶᠠᠮᠧᠨ ᠳ᠋ᠡᠬᠢ ᠠᠭᠤᠯᠵᠠᠯᠳᠠ ᠬᠦᠷᠳᠡᠯ᠎ᠡ ᠳᠤᠮᠳᠠᠳᠤ ᠤᠯᠤᠰ ᠤᠨ ᠤᠨᠴᠠᠯᠢᠭ ᠲᠠᠢ ᠳᠤᠮᠤ ᠬᠦᠷᠦᠨ ᠤ ᠭᠠᠳᠠᠭᠠᠳᠤ ᠬᠠᠷᠢᠯᠴᠠᠭᠠᠨ ᠤ ᠦᠷ᠎ᠡ ᠪᠦᠳᠦᠮᠵᠢ ᠡᠯᠪᠡᠭ᠌ ᠬᠤᠷᠢᠶᠠᠯᠳᠠ ᠤᠯᠤᠯ᠎ᠠ ᠋᠁

    ᠠᠮᠵᠢᠯᠳᠠ ᠪᠦᠳᠦᠮᠵᠢ ᠬᠢᠯᠪᠠᠷ ᠢᠷᠡᠭᠰᠡᠨ ᠪᠢᠰᠢ᠃ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠤᠳᠤᠬᠠᠨ ᠤ ᠳᠡᠯᠡᠬᠡᠢ ᠶᠢᠨ ᠪᠤᠯᠤᠨ ᠳᠤᠮᠳᠠᠳᠤ ᠤᠯᠤᠰ ᠤᠨ ᠬᠦᠭᠵᠢᠯᠳᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠡᠷ ᠡᠵᠡᠮᠳᠡᠵᠤ᠂ ᠪᠤᠳᠠᠳᠤ ᠦᠢᠯᠡᠳᠦᠯᠬᠡ ᠶᠢᠨ ᠱᠠᠭᠠᠷᠳᠠᠯᠭ᠎ᠠ ᠬᠢᠬᠡᠳ ᠢᠷᠬᠡᠳ ᠤᠨ ᠬᠦᠰᠡᠯ ᠳᠤ ᠨᠡᠶᠢᠴᠡᠬᠦᠯᠦᠨ ᠪᠦᠬᠦ ᠨᠠᠮ ᠪᠦᠬᠦ ᠴᠡᠷᠢᠭ᠌ ᠪᠦᠬᠦ ᠦᠨᠳᠦᠰᠦᠳᠡᠨ ᠤ ᠢᠷᠬᠡᠳ ᠢ ᠡᠶ᠎ᠡ ᠨᠢᠬᠡᠳᠦᠬᠦᠯᠦᠨ ᠤᠤᠯ ᠵᠤᠷᠢᠯᠳᠠ ᠪᠡᠨ ᠮᠠᠷᠳᠠᠯ ᠦᠬᠡᠢ ᠡᠷᠡᠯᠬᠡᠭᠯᠡᠨ ᠳᠡᠮᠡᠴᠡᠭᠰᠡᠨ ᠢᠶᠡᠷ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠳᠤ ᠳᠡᠤᠬᠡᠨ ᠴᠢᠨᠠᠷᠳᠠᠢ ᠦᠬᠡᠷᠡᠴᠢᠯᠡᠯᠳᠡ ᠭᠠᠷᠴᠤ᠂ ᠮᠦᠨ ᠳᠡᠤᠬᠡᠳᠦ ᠴᠢᠨᠠᠷᠳᠠᠢ ᠠᠮᠵᠢᠯᠳᠠ ᠪᠦᠳᠦᠮᠵᠢ ᠤᠯᠵᠤ ᠤᠯᠤᠰ ᠢ ᠵᠠᠰᠠᠵᠤ ᠳᠦᠷᠦ ᠪᠠᠷᠢᠬᠤ ᠰᠢᠨ᠎ᠡ ᠪᠠᠶᠢᠳᠠᠯ ᠢ ᠡᠬᠦᠳᠴᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠨᠡᠶᠢᠬᠡᠮ ᠤᠨ ᠰᠢᠨ᠎ᠡ ᠳᠦᠷᠬᠦ ᠶᠢ ᠱᠤᠭᠤᠵᠠᠢ᠃

    68 ᠵᠢᠯ ᠤᠨ ᠠᠰᠤᠷᠤ ᠬᠦᠭᠵᠢᠯ ᠤᠨ ᠤᠯᠪᠠᠭ᠎ᠠ ᠲᠠᠢ ᠪᠦᠬᠦ ᠨᠠᠶᠢᠷᠠᠮᠳᠠᠬᠤ ᠤᠯᠤᠰ ᠮᠠᠨᠢ ᠦᠨᠦᠳᠦᠷ ᠳᠡᠤᠬᠡᠨ ᠤ ᠰᠢᠨ᠎ᠡ ᠴᠡᠭ ᠲᠤ ᠵᠤᠭᠰᠤᠯ᠎ᠠ᠃ ᠤᠳᠠᠬᠤ ᠦᠬᠡᠢ ᠬᠤᠷᠠᠯᠳᠤᠬᠤ ᠬᠡᠵᠤ ᠪᠠᠶᠢᠭ᠎ᠠ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠨᠢ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠢᠯᠠᠯᠳᠠ ᠶᠢᠨ ᠱᠠᠳᠤ ᠪᠠ ᠳᠤᠮᠳᠠᠳᠤ ᠤᠯᠤᠰ ᠤᠨ ᠨᠡᠶᠢᠬᠡᠮ ᠵᠢᠷᠤᠮᠳᠤ ᠨᠡᠶᠢᠬᠡᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠬᠤᠷᠠᠯᠳᠤᠬᠤ ᠮᠠᠰᠢ ᠴᠢᠬᠤᠯᠠ ᠶᠡᠬᠡ ᠬᠤᠷᠠᠯ ᠪᠤᠯᠬᠤ ᠶᠤᠮ᠃ ᠳᠡᠷᠡ ᠨᠢ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠢᠯᠠᠯᠳᠠ ᠪᠠ ᠨᠡᠶᠢᠬᠡᠮ ᠵᠢᠷᠤᠮᠳᠤ ᠨᠡᠶᠢᠬᠡᠮ ᠤᠨ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠬᠤ ᠬᠦᠨᠳᠦ ᠴᠢᠬᠤᠯᠠ ᠡᠬᠦᠷᠬᠡ ᠶᠢ ᠡᠬᠦᠷᠬᠡᠯᠡᠵᠤ᠂ ᠨᠠᠮ ᠪᠠ ᠤᠯᠤᠰ ᠬᠡᠷ ᠤᠨ ᠠᠵᠢᠯ ᠦᠢᠯᠡᠰ ᠤᠨ ᠦᠷᠬᠦᠯᠵᠢᠯᠡᠨ ᠶᠠᠪᠤᠭᠳᠠᠬᠤ ᠳᠤ ᠬᠤᠯᠪᠤᠭᠳᠠᠬᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠨᠡᠶᠢᠬᠡᠮ ᠤᠨ ᠢᠷᠡᠬᠡᠳᠦᠢ ᠶᠢᠨ ᠬᠤᠪᠢ ᠵᠠᠶᠠᠭ᠎ᠠ ᠳᠤ ᠬᠤᠯᠪᠤᠭᠳᠠᠬᠤ᠂ ᠦᠷᠬᠡᠨ ᠤᠯᠠᠨ ᠢᠷᠬᠡᠳ ᠤᠨ ᠦᠨᠳᠦᠰᠦᠨ ᠠᠰᠢᠭ ᠳᠤᠰᠠ ᠳᠤ ᠬᠤᠯᠪᠤᠭᠳᠠᠬᠤ ᠴᠢᠬᠤᠯᠠ ᠬᠤᠷᠠᠯ ᠪᠤᠯᠬᠤ ᠶᠤᠮ᠃

    ᠬᠦᠰᠡᠯ ᠮᠦᠷᠦᠬᠡᠳᠦᠯ ᠢᠷᠡᠬᠡᠳᠦᠢ ᠶᠢ ᠳᠤᠯᠢᠳᠠᠨ᠎ᠠ᠃ ᠪᠢᠳᠡ ᠦᠩᠬᠡᠷᠡᠭᠰᠡᠨ ᠤ ᠠᠯᠢ ᠴᠤ ᠦᠶ᠎ᠡ ᠡᠴᠡ ᠢᠯᠡᠬᠦᠦ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠶᠢᠨ ᠬᠠᠷᠠᠯᠳᠠ ᠳᠤ ᠤᠶᠢᠷᠠᠳᠤᠭᠰᠠᠨ᠂ ᠳᠡᠤᠬᠡᠨ ᠤ ᠠᠯᠢ ᠴᠤ ᠴᠠᠭ ᠦᠶ᠎ᠡ ᠡᠴᠡ ᠢᠯᠡᠬᠦᠦ ᠢᠳᠡᠬᠡᠯ ᠲᠠᠢ᠂ ᠢᠯᠡᠬᠦᠦ ᠴᠢᠳᠠᠪᠤᠷᠢ ᠲᠠᠢ ᠪᠡᠷ ᠡᠨᠡᠬᠦ ᠬᠠᠷᠠᠯᠳᠠ ᠳᠤ ᠬᠦᠷᠬᠦ ᠦᠶ᠎ᠡ ᠪᠢᠳᠡᠨ ᠤ ᠡᠬᠦᠷᠬᠡ ᠬᠠᠷᠢᠭᠤᠴᠠᠯᠭ᠎ᠠ ᠦᠩᠬᠡᠷᠡᠭᠰᠡᠨ ᠤ ᠠᠯᠢ ᠴᠤ ᠦᠶ᠎ᠡ ᠡᠴᠡ ᠢᠯᠡᠬᠦᠦ ᠬᠦᠨᠳᠦ ᠪᠠᠶᠢᠳᠠᠭ᠃

    ᠬᠡᠷᠡᠯ ᠰᠠᠴᠤᠷᠤᠩᠭᠤᠢ ᠠᠮᠵᠢᠯᠳᠠ ᠪᠦᠳᠦᠮᠵᠢ ᠬᠦᠮᠦᠰ ᠤᠨ ᠤᠷᠮ᠎ᠠ ᠵᠤᠷᠢᠭ ᠢ ᠬᠦᠭᠵᠢᠬᠡᠵᠤ᠂ ᠠᠤᠭ᠎ᠠ ᠵᠢᠪᠬᠤᠯᠠᠩᠳᠤ ᠠᠶᠠᠯᠠᠯ ᠬᠦᠮᠦᠰ ᠢ ᠡᠷᠡᠯᠬᠡᠭ ᠢᠶᠡᠷ ᠤᠷᠤᠭᠰᠢᠯᠠᠭᠤᠯᠤᠨ᠎ᠠ᠃ ᠴᠢᠨᠡᠬᠡᠯᠢᠭ᠌ ᠨᠠᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠢᠯᠠᠯᠳᠠ ᠶᠢ ᠤᠯᠬᠤ ᠪᠠ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠴᠢᠷᠮᠠᠶᠢᠨ ᠪᠡᠶᠡᠯᠡᠬᠦᠯᠬᠦ ᠪᠦᠷᠢᠶᠡᠨ ᠤ ᠬᠠᠩᠬᠢᠨᠠᠮ᠎ᠠ ᠳᠠᠭᠤᠨ ᠢᠶᠡᠷ ᠳᠤᠮᠳᠠᠳᠤ  ᠨᠤᠮᠧᠷᠳᠤ ᠳᠤᠮᠤ ᠬᠦᠯᠬᠡ ᠳᠠᠷᠪᠠᠭᠤᠯ ᠬᠡᠶᠢᠰᠬᠡᠡ ᠰᠢᠨ᠎ᠡ ᠠᠶᠠᠨ ᠵᠠᠮ ᠢᠶᠡᠷ ᠤᠷᠤᠭᠰᠢᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121775498