蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠤᠭᠡᠷ ᠶᠡᠬᠡ ᠬᠤᠷᠠᠯ ᠤᠨ ᠰᠣᠨᠢᠨ ᠮᠡᠳᠡᠭᠡᠨ ᠤ ᠲᠦᠪ ᠤᠨ ᠨᠧᠲ ᠪᠤᠯᠤᠨ ᠠᠯᠪᠠᠨ ᠤ ᠸᠢᠴᠠᠲ 11 ᠤ ᠡᠳᠦᠷ ᠡᠴᠡ ᠡᠬᠢᠯᠡᠨ ᠨᠡᠪᠲᠠᠷᠠᠨ᠎ᠠ

2017-10-10 10:35

    ᠰᠢᠨᠬᠤᠧᠠ ᠬᠤᠷᠢᠶ᠎ᠠ  ᠪᠡᠭᠡᠵᠢᠩ ᠤᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ᠰᠤᠷᠪᠤᠯᠵᠢᠯᠠᠬᠴᠢ ᠬᠤᠯᠪᠤᠭᠳᠠᠯ ᠪᠦᠬᠦᠢ ᠲᠠᠯ᠎ᠠ ᠡᠴᠡ ᠤᠶᠢᠯᠠᠭᠠᠭᠰᠠᠨ ᠢᠶᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠤᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠰᠣᠨᠢᠨ ᠮᠡᠳᠡᠭᠡᠨ ᠤ ᠲᠦᠪ ᠤᠨ ᠨᠧᠲ (http://19th.cpcnews.cn) ᠪᠤᠯᠤᠨ ᠠᠯᠪᠠᠨ ᠤ ᠸᠢᠴᠠᠲ (ᠸᠢᠴᠠᠲ ᠤᠨ ᠳ᠋ᠤᠭᠠᠷ᠄ cpcnews19th)10 ᠰᠠᠷ᠎ᠠ ᠶᠢᠨ 11 ᠤ ᠡᠳᠦᠷ ᠡᠴᠡ ᠡᠬᠢᠯᠡᠨ ᠨᠡᠪᠲᠡᠷᠡᠬᠦ ᠪᠤᠯᠤᠨ᠎ᠠ᠃

    ᠤᠶᠢᠯᠠᠭᠠᠭᠰᠠᠨ ᠢᠶᠡᠷ᠂ ᠨᠠᠮ ᠤᠨ ᠠᠷᠪᠠ ᠶᠢᠰᠦᠳᠤᠭᠡᠷ ᠶᠡᠬᠡ ᠬᠤᠷᠠᠯ ᠤᠨ ᠰᠣᠨᠢᠨ ᠮᠡᠳᠡᠭᠡᠨ ᠤ ᠲᠦᠪ ᠤᠨ ᠨᠧᠲ ᠪᠤᠯᠤᠨ ᠠᠯᠪᠠᠨ ᠤ ᠸᠢᠴᠠᠲ ᠶᠡᠬᠡ ᠬᠤᠷᠠᠯ ᠤᠨ ᠡᠯ᠎ᠠ ᠵᠦᠢᠯ ᠤᠨ ᠬᠦᠳᠤᠯᠪᠦᠷᠢ᠂ ᠬᠠᠨᠳᠤᠯᠭ᠎ᠠ᠂ ᠮᠡᠳᠡᠭᠳᠡᠯ᠂ ᠵᠠᠷᠯᠠᠯ ᠵᠡᠷᠭᠡ ᠶᠢ ᠴᠠᠭ ᠲᠤᠬᠠᠢ ᠳᠤ ᠨᠢ ᠨᠡᠶᠢᠲᠡᠯᠡᠬᠦ ᠪᠦᠬᠡᠳ ᠬᠢᠲᠠᠳ᠂ ᠠᠩᠭ᠍ᠯᠢ ᠬᠡᠯᠡ ᠪᠡᠷ ᠳᠤᠮᠳᠠᠳᠤ ᠭᠠᠳᠠᠭᠠᠲᠤ ᠶᠢᠨ ᠰᠤᠷᠪᠤᠯᠵᠢᠯᠠᠬᠴᠢ ᠪᠠ ᠤᠩᠰᠢᠭᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠤᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠰᠤᠷᠠᠭ ᠵᠠᠩᠬᠢ ᠶᠢ ᠬᠠᠩᠭ᠋ᠠᠬᠤ ᠶᠢᠨ ᠵᠡᠷᠭᠡᠴᠡᠭᠡ ᠤᠷᠢᠲᠤ ᠶᠢᠨ ᠶᠠᠪᠤᠭᠳᠠᠭᠰᠠᠨ ᠨᠠᠮ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠤᠬᠠᠢ ᠮᠠᠲ᠋ᠧᠷᠢᠶᠠᠯ᠂ ᠨᠠᠮ ᠤᠨ ᠲᠤᠬᠠᠢ ᠤᠨᠤᠯ ᠮᠡᠳᠡᠯᠭᠡ ᠵᠡᠷᠭᠡ ᠶᠢ ᠬᠠᠩᠭ᠋ᠠᠨ᠎ᠠ᠃ ᠡᠬᠦᠨ ᠡᠴᠡ ᠭᠠᠳᠠᠨ᠎ᠠ᠂ ᠳᠤᠮᠳᠠᠳᠤ ᠭᠠᠳᠠᠭᠠᠲᠤ ᠶᠢᠨ ᠰᠤᠷᠪᠤᠯᠵᠢᠯᠠᠬᠴᠢᠳ ᠠᠯᠪᠠᠨ ᠤ ᠸᠢᠴᠠᠲ ᠢᠶᠡᠷ ᠳᠠᠮᠵᠢᠨ ᠰᠣᠨᠢᠨ ᠮᠡᠳᠡᠭᠡᠨ ᠤ ᠲᠦᠪ ᠤᠨ ᠡᠯ᠎ᠠ ᠵᠦᠢᠯ ᠤᠨ ᠥᠢᠯᠡᠴᠢᠯᠡᠬᠡᠨ ᠤ ᠠᠭᠤᠯᠭ᠎ᠠ ᠪᠠ ᠠᠷᠭ᠎ᠠ ᠬᠡᠮᠵᠢᠶ᠎ᠠ ᠶᠢ ᠤᠶᠢᠯᠠᠭᠠᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121779126