蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠤᠷᠤᠰ ᠳᠤᠮᠳᠠᠳᠤ ᠶᠢᠨ ᠨᠦᠬᠦᠷᠰᠡᠭ ᠨᠡᠶᠢᠬᠡᠮᠯᠢᠭ ᠪᠠᠶᠢᠭᠤᠯᠤᠭᠳᠠᠭᠰᠠᠨ 60 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠪᠡ

2017-10-10 10:45

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ   10 ᠰᠠᠷ᠎ᠠ ᠶᠢᠨ 9 ᠤ ᠡᠳᠦᠷ᠂ ᠤᠷᠤᠰ ᠳᠤᠮᠳᠠᠳᠤ ᠶᠢᠨ ᠨᠦᠬᠦᠷᠰᠡᠭ ᠨᠡᠶᠢᠬᠡᠮᠯᠢᠭ ᠪᠠᠶᠢᠭᠤᠯᠤᠭᠳᠠᠭᠰᠠᠨ 60 ᠵᠢᠯ ᠤᠨ ᠤᠢ ᠶᠢ ᠳᠡᠮᠳᠡᠭᠯᠡᠬᠦ ᠶᠡᠬᠡ ᠬᠤᠷᠠᠯ ᠮᠤᠰᠺᠧᠠ ᠳᠤ ᠵᠤᠬᠢᠶᠠᠨ ᠪᠠᠶᠢᠭᠤᠯᠤᠭᠳᠠᠪᠠ᠃ ᠤᠯᠤᠰ ᠤᠨ ᠳᠡᠷᠢᠬᠦᠯᠡᠭᠴᠢ ᠰᠢ ᠵᠢᠨ ᠫᠢᠩ ᠤᠷᠤᠰ ᠳᠤᠮᠳᠠᠳᠤ ᠶᠢᠨ ᠨᠦᠬᠦᠷᠰᠡᠭ ᠨᠡᠶᠢᠬᠡᠮᠯᠢᠭ ᠲᠤ ᠪᠠᠶᠠᠷ ᠤᠨ ᠵᠠᠬᠢᠶ᠎ᠠ ᠢᠯᠡᠬᠡᠵᠡᠢ᠃

    ᠰᠢ ᠵᠢᠨ ᠫᠢᠩ ᠪᠠᠶᠠᠷ ᠤᠨ ᠵᠠᠬᠢᠶᠠᠨ ᠳ᠋ᠠᠭᠠᠨ᠂ 60 ᠵᠢᠯ ᠤᠨ ᠳᠤᠷᠰᠢ ᠳᠤᠮᠳᠠᠳᠤ ᠤᠷᠤᠰ ᠤᠨ ᠨᠦᠬᠦᠷᠰᠡᠭ ᠨᠡᠶᠢᠬᠡᠮᠯᠢᠭ ᠳᠤᠮᠳᠠᠳᠤ ᠤᠯᠤᠰ ᠲᠤ ᠨᠦᠬᠦᠷᠰᠡᠭ ᠪᠠᠶᠢᠬᠤ ᠤᠶᠢᠯᠠᠭᠠᠯᠳᠠ ᠪᠡᠨ ᠪᠠᠷᠢᠮᠳᠠᠯᠠᠨ ᠬᠤᠶᠠᠷ ᠤᠷᠤᠨ ᠤ ᠢᠷᠬᠡᠳ ᠤᠨ ᠬᠠᠷᠢᠯᠴᠠᠭ᠎ᠠ ᠶᠢ ᠢᠳᠡᠪᠬᠢᠳᠡᠢ ᠦᠷᠨᠢᠬᠦᠯᠵᠤ᠂ ᠬᠤᠶᠠᠷ ᠤᠷᠤᠨ ᠤ ᠢᠷᠬᠡᠳ ᠤᠨ ᠬᠠᠷᠢᠯᠴᠠᠨ ᠤᠶᠢᠯᠠᠭᠠᠯᠴᠠᠯ ᠪᠠ ᠨᠦᠬᠦᠷᠯᠡᠯ ᠳᠤ ᠢᠳᠡᠪᠬᠢᠳᠡᠢ ᠬᠤᠪᠢ ᠨᠡᠮᠡᠷᠢ ᠦᠵᠡᠬᠦᠯᠦᠭᠰᠡᠨ ᠳᠡᠳᠦᠢ ᠦᠬᠡᠢ ᠳᠤᠮᠳᠠᠳᠤ ᠤᠷᠤᠰ ᠤᠨ ᠬᠠᠷᠢᠯᠴᠠᠭ᠎ᠠ ᠶᠢ ᠪᠡᠬᠢᠵᠢᠬᠦᠯᠵᠤ ᠬᠦᠭᠵᠢᠬᠦᠯᠬᠦ ᠴᠢᠬᠤᠯᠠ ᠳᠤᠯᠭᠠᠭᠤᠷᠢ ᠬᠦᠴᠦᠨ ᠪᠤᠯᠤᠭᠰᠠᠭᠠᠷ ᠢᠷᠡᠭᠰᠡᠨ ᠬᠡᠪᠡ᠃

    ᠰᠢ ᠵᠢᠨ ᠫᠢᠩ᠂ ᠤᠯᠤᠰ ᠬᠦᠷᠦᠨ ᠤ ᠬᠠᠷᠢᠯᠴᠠᠭ᠎ᠠ ᠨᠢ ᠢᠷᠬᠡᠳ ᠤᠨ ᠨᠠᠶᠢᠷᠰᠠᠭ ᠬᠠᠷᠢᠯᠴᠠᠭᠠᠨ ᠳᠤ ᠪᠤᠢ᠃ ᠤᠳᠤᠬᠠᠨ ᠳᠤ ᠳᠤᠮᠳᠠᠳᠤ ᠤᠷᠤᠰ ᠤᠨ ᠬᠠᠷᠢᠯᠴᠠᠭ᠎ᠠ ᠰᠢᠨ᠎ᠡ ᠳᠡᠤᠬᠡᠨ ᠭᠠᠷᠤᠭᠠᠨ ᠳᠤ ᠪᠤᠢ᠂ ᠤᠷᠤᠰ ᠳᠤᠮᠳᠠᠳᠤ ᠶᠢᠨ ᠨᠦᠬᠦᠷᠰᠡᠭ ᠨᠡᠶᠢᠬᠡᠮᠯᠢᠭ ᠪᠠᠶᠢᠭᠤᠯᠤᠭᠳᠠᠭᠰᠠᠨ 60 ᠵᠢᠯ ᠤᠨ ᠤᠢ ᠪᠡᠷ ᠠᠵᠠ ᠳᠤᠬᠢᠶᠠᠯ ᠪᠤᠯᠭᠠᠵᠤ ᠬᠤᠶᠠᠷ ᠤᠷᠤᠨ ᠤ ᠢᠷᠬᠡᠳ ᠬᠤᠭᠤᠷᠤᠨᠳᠤ ᠶᠢᠨ ᠰᠢᠨ᠎ᠡ ᠪᠠᠶᠢᠳᠠᠯ ᠢ ᠪᠤᠢ ᠪᠤᠯᠭᠠᠨ ᠬᠤᠶᠠᠷ ᠤᠷᠤᠨ ᠤ ᠢᠷᠬᠡᠳ ᠤᠨ ᠰᠡᠳᠬᠢᠯ ᠰᠡᠳᠬᠢᠯ ᠢᠶᠡᠨ ᠮᠡᠳᠡᠯᠴᠡᠬᠦ᠂ ᠪᠤᠳᠤᠯ ᠰᠠᠨᠠᠯ ᠢᠶᠡᠨ ᠤᠶᠢᠯᠠᠭᠠᠯᠴᠠᠬᠤ ᠳᠤ ᠤᠯᠠᠮ ᠶᠡᠬᠡ ᠬᠤᠪᠢ ᠨᠡᠮᠡᠷᠢ ᠦᠵᠡᠬᠦᠯᠦᠨ᠂ ᠳᠤᠮᠳᠠᠳᠤ ᠤᠷᠤᠰ ᠤᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠳᠦᠩᠰᠢ ᠶᠢᠨ ᠬᠠᠷᠢᠯᠴᠠᠭ᠎ᠠ ᠶᠢ ᠤᠯᠠᠮ ᠦᠨᠳᠦᠷ ᠳᠦᠪᠰᠢᠨ ᠳᠤ ᠬᠦᠷᠬᠡᠬᠦ ᠶᠢ ᠬᠦᠰᠡᠵᠤ ᠪᠤᠢ ᠬᠡᠵᠡᠢ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠮᠦᠨ ᠤᠷᠤᠰ ᠳᠤᠮᠳᠠᠳᠤ ᠶᠢᠨ ᠨᠦᠬᠦᠷᠰᠡᠭ ᠨᠡᠶᠢᠬᠡᠮᠯᠢᠭ ᠪᠠᠶᠢᠭᠤᠯᠤᠭᠳᠠᠭᠰᠠᠨ 60 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭