蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶᠠᠨ ᠤ ᠨᠠᠶ᠋ᠮᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠬᠡ

2017-10-10 11:33

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ   ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠍ᠠᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠨᠠᠶ᠋ᠮᠠᠳᠤᠭᠠᠷ ᠪᠦᠬᠦᠳᠡ ᠬᠤᠷᠠᠯ 2017 ᠤᠨ ᠤ 10 ᠰᠠᠷ᠎ᠠ ᠢᠢᠨ 9 ᠤ ᠡᠳᠤᠷ ᠪᠡᠭᠡᠵᠢᠩ ᠳ᠋ᠤ ᠶᠠᠪᠤᠭᠳᠠᠪᠠ᠃ ᠲᠤᠰ ᠤᠳᠠᠭ᠎ᠠ ᠶᠢᠨ ᠪᠦᠬᠦᠳᠡ ᠬᠤᠷᠠᠯ ᠳ᠋ᠤ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠬᠡᠰᠢᠬᠦᠨ 119 ᠬᠦᠮᠥᠨ ᠤᠷᠤᠯᠴᠠᠪᠠ; 12 ᠬᠦᠮᠥᠨ ᠰᠤᠯᠠ ᠤᠷᠤᠯᠴᠠᠵᠠᠢ᠃

    ᠪᠦᠬᠦᠳᠡ ᠬᠤᠷᠠᠯ ᠢ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠪᠠᠢᠢᠩᠭᠤ ᠶᠢᠨ ᠬᠤᠷᠢᠶ᠎ᠠ ᠡᠷᠬᠢᠯᠡᠪᠡ᠃

    ᠨᠠᠮ ᠤᠨ ᠲᠦᠪ ᠬᠤᠷᠢᠶ᠍ᠠᠨ ᠤ ᠤᠯᠤᠰ ᠲᠦᠷᠦ ᠶᠢᠨ ᠲᠤᠪᠴᠢᠶ᠍ᠠᠨ ᠤ ᠪᠠᠢᠢᠩᠭᠤ ᠶᠢᠨ ᠬᠡᠰᠢᠬᠦᠨ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠱᠦᠵᠢ ᠸᠠᠩ ᠴᠢ ᠱᠠᠨ ᠶᠠᠷᠢᠶ᠎ᠠ ᠲᠠᠯᠪᠢᠵᠠᠢ᠃

    ᠪᠦᠬᠦᠳᠡ ᠬᠤᠷᠠᠯ ᠡᠴᠡ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠍ᠠᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠡᠴᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠢᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠬᠡ ᠬᠤᠷᠠᠯ ᠳ᠋ᠤ ᠬᠢᠬᠦ ᠠᠵᠢᠯ ᠤᠨ ᠮᠡᠳᠡᠬᠦᠯᠥᠯᠳᠡ ᠢᠢ ᠬᠢᠨᠠᠨ ᠵᠦᠪᠯᠡᠭᠰᠡᠡ ᠪᠠ ᠪᠠᠳᠤᠯᠠᠵᠥ᠂ ᠲᠤᠰ ᠮᠡᠳᠡᠬᠦᠯᠥᠯᠳᠡ ᠢᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶ᠍ᠠᠨ ᠤ ᠲᠤᠯᠤᠳᠤᠭᠠᠷ ᠪᠦᠬᠦᠳᠡ ᠬᠤᠷᠠᠯ ᠳ᠋ᠤ ᠲᠡᠪᠰᠢᠬᠦᠯᠵᠥ ᠬᠢᠨᠠᠨ ᠵᠦᠪᠯᠡᠬᠦᠯᠬᠦ ᠪᠡᠷ ᠵᠦᠪᠰᠢᠶ᠍ᠡᠷᠡᠪᠡ᠃

    ᠪᠦᠬᠦᠳᠡ ᠬᠤᠷᠠᠯ ᠡᠴᠡ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠪᠠᠢᠢᠩᠭᠤ ᠢᠢᠨ ᠬᠤᠷᠢᠶ᠍ᠠᠨ ᠤ ᠯᠢ ᠭᠠᠩ᠂ ᠴᠢᠤᠢ ᠱᠦ ᠬᠤᠢ ᠨᠦᠬᠦᠷ ᠤᠨ ᠰᠠᠬᠢᠯᠭ᠎ᠠ ᠪᠠᠳᠤ ᠢᠢ ᠬᠦᠨᠳᠤ ᠨᠤᠴᠢᠳᠠᠢ ᠵᠦᠷᠢᠴᠡᠭᠰᠡᠡ ᠠᠰᠠᠭᠤᠳᠠᠯ ᠤᠨ ᠲᠤᠬᠠᠢ ᠬᠢᠨᠠᠨ ᠪᠠᠢᠢᠴᠠᠭᠠᠭᠰᠠᠠ ᠮᠡᠳᠡᠬᠦᠯᠥᠯᠳᠡ ᠪᠤᠯᠤᠨ ᠯᠢᠦ ᠱᠧᠩ ᠵᠢᠶᠧ ᠨᠦᠬᠦᠷ ᠢ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠬᠡᠰᠢᠬᠦᠨ ᠤ ᠲᠤᠰᠢᠶ᠍ᠠᠯ ᠡᠴᠡ ᠨᠢ ᠪᠠᠭᠤᠯᠭᠠᠬᠤ ᠲᠤᠬᠠᠢ ᠮᠡᠳᠡᠬᠦᠯᠥᠯᠳᠡ ᠢᠢ ᠬᠢᠨᠠᠨ ᠵᠦᠪᠯᠡᠭᠰᠡᠡ ᠪᠠ ᠪᠠᠳᠤᠯᠠᠵᠥ᠂ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠪᠠᠢᠢᠩᠭᠤ ᠢᠢᠨ ᠬᠤᠷᠢᠶ᠍ᠠᠨ ᠤ ᠯᠢ ᠭᠠᠩ ᠨᠦᠬᠦᠷ ᠲᠥ ᠨᠠᠮ ᠳ᠋ᠤ ᠦᠯᠡᠳᠡᠬᠡᠵᠥ ᠨᠢᠬᠡ ᠵᠢᠯ ᠪᠠᠢᠢᠴᠠᠭᠠᠨ ᠦᠵᠡᠬᠦ ᠰᠢᠳᠬᠡᠯ ᠦᠭᠬᠦ᠂ ᠴᠢᠤᠢ ᠱᠦ ᠬᠤᠢ ᠨᠦᠬᠦᠷ ᠲᠥ ᠨᠠᠮ ᠳ᠋ᠤ ᠦᠯᠡᠳᠡᠭᠡᠵᠥ ᠬᠤᠶ᠍ᠠᠷ ᠵᠢᠯ ᠪᠠᠢᠢᠴᠠᠭᠠᠨ ᠦᠵᠡᠬᠦ ᠰᠢᠳᠬᠡᠯ ᠦᠭᠬᠦ ᠪᠠ ᠯᠢᠦ ᠱᠧᠩ ᠵᠢᠶᠧ ᠨᠦᠬᠦᠷ ᠢ ᠲᠦᠪ ᠤᠨ ᠰᠠᠬᠢᠯᠭ᠎ᠠ ᠪᠠᠳᠤ ᠪᠠᠢᠢᠴᠠᠭᠠᠬᠤ ᠬᠤᠷᠢᠶ᠍ᠠᠨ ᠤ ᠬᠡᠰᠢᠬᠦᠨ ᠤ ᠲᠤᠰᠢᠶ᠍ᠠᠯ ᠡᠴᠡ ᠨᠢ ᠪᠠᠭᠤᠯᠭᠠᠬᠤ ᠲᠤᠭᠳᠠᠭᠠᠯ ᠢ ᠨᠤᠳᠠᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121779841