蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠪᠦᠬᠦ ᠳᠠᠯ᠎ᠠ ᠪᠡᠷ ᠨᠠᠮ ᠢ ᠴᠢᠩᠭ᠎ᠠ ᠵᠠᠰᠠᠭᠰᠠᠨ ᠠᠮᠵᠢᠯᠳᠠ ᠪᠦᠳᠦᠮᠵᠢ

2017-10-10 16:19

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠦᠬᠦ ᠳᠠᠯ᠎ᠠ ᠪᠡᠷ ᠴᠢᠩᠭᠠᠳᠬᠠᠨ᠂ ᠨᠠᠮ ᠤᠨ ᠪᠠᠶᠢᠭᠤᠯᠤᠯᠳᠠ ᠶᠢᠨ ᠠᠭᠤᠤ ᠶᠡᠬᠡ ᠰᠢᠨ᠎ᠡ ᠳᠦᠰᠦᠯ ᠢ ᠬᠦᠨᠵᠡᠬᠡᠢ ᠠᠬᠢᠭᠤᠯᠵᠤ᠂ ᠡᠷᠡᠰ ᠰᠢᠶ᠋ᠳᠮᠡᠬᠡᠢ ᠪᠡᠷ ᠪᠦᠬᠦ ᠳᠠᠯ᠎ᠠ ᠪᠡᠷ ᠨᠠᠮ ᠢ ᠴᠢᠩᠭ᠎ᠠ ᠵᠠᠰᠠᠭᠰᠠᠨ ᠪᠠᠶᠢᠨ᠎ᠠ᠃

    ᠰᠤᠷᠳᠠᠯ ᠤᠨ ᠪᠠᠶᠢᠭᠤᠯᠤᠯᠳᠠ ᠶᠢ ᠴᠢᠩᠭ᠎ᠠ ᠠᠳᠬᠤᠪᠠ᠃ 2016 ᠤᠨ ᠤ ᠡᠴᠤᠰ ᠪᠤᠯᠳᠠᠯ᠎ᠠ᠂ ᠤᠯᠤᠰ ᠲᠠᠶᠠᠭᠠᠷ ᠤᠨ ᠬᠡᠮᠵᠢᠶᠡᠨ ᠳᠤ ᠳᠦᠪ ᠤᠨ ᠨᠠᠶ᠋ᠮᠠᠨ ᠵᠤᠷᠪᠤᠰ ᠳᠤᠭᠳᠠᠭᠠᠯ ᠤᠨ ᠵᠤᠷᠢᠭ ᠰᠠᠨᠠᠭ᠎ᠠ ᠶᠢ ᠵᠦᠷᠢᠴᠡᠭᠰᠡᠨ ᠨᠡᠶᠢᠳᠡ 15.53 ᠳᠦᠮᠡᠨ ᠬᠡᠷᠡᠭ ᠢ ᠳᠤᠳᠤᠯᠠᠪᠠ᠃ ᠡᠬᠦᠨ ᠳᠤ 2013 ᠤᠨ ᠪᠤᠯᠤᠨ 2014 ᠤᠨ ᠳᠤ ᠡᠬᠦᠰᠦᠭᠰᠡᠨ ᠬᠡᠷᠡᠭ ᠨᠢ 78.2%᠂ 2015 ᠤᠨ ᠳᠤ ᠡᠬᠦᠰᠦᠭᠰᠡᠨ ᠨᠢ 15.1%᠂ 2016 ᠤᠨ ᠳᠤ ᠡᠬᠦᠰᠦᠭᠰᠡᠨ ᠨᠢ 6.7% ᠶᠢ ᠡᠵᠡᠯᠡᠨ ᠬᠤᠪᠢ ᠶᠢᠨ ᠬᠠᠷᠢᠴᠠᠯ ᠮᠡᠳᠡᠭᠳᠡᠮ᠎ᠡ ᠪᠠᠭᠤᠷᠠᠵᠠᠢ᠃

    ᠠᠪᠯᠢᠭᠠᠯ ᠲᠠᠢ ᠡᠷᠡᠰ ᠳᠡᠮᠡᠴᠡᠨ ᠰᠠᠬᠢᠯᠭ᠎ᠠ ᠪᠠᠳᠤ ᠪᠡᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃ 2016 ᠤᠨ ᠤ ᠡᠴᠤᠰ ᠪᠤᠯᠳᠠᠯ᠎ᠠ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠲᠦᠪ ᠡᠴᠡ ᠬᠠᠮᠢᠶᠠᠷᠬᠤ 240 ᠺᠠᠳ᠋ᠷ ᠤᠨ ᠬᠡᠷᠡᠭ ᠢ ᠳᠠᠩᠰᠠᠯᠠᠨ ᠪᠠᠶᠢᠴᠠᠭᠠᠵᠤ᠂ 223 ᠬᠦᠮᠦᠨ ᠢ ᠰᠠᠬᠢᠯᠭ᠎ᠠ ᠪᠠᠳᠤ ᠵᠦᠷᠢᠴᠡᠭᠰᠡᠨ ᠢᠶᠡᠷ ᠰᠢᠳᠬᠡᠪᠡ᠃ ᠤᠯᠤᠰ ᠲᠠᠶᠠᠭᠠᠷ ᠤᠨ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ ᠨᠡᠶᠢᠳᠡ 116.2 ᠳᠦᠮᠡᠨ ᠬᠡᠷᠡᠭ ᠳᠠᠩᠰᠠᠯᠠᠵᠤ᠂ 119.9 ᠳᠦᠮᠡᠨ ᠬᠦᠮᠦᠨ ᠢ ᠰᠠᠬᠢᠯᠭ᠎ᠠ ᠪᠠᠳᠤ ᠵᠦᠷᠢᠴᠡᠭᠰᠡᠨ ᠢᠶᠡᠷ ᠰᠢᠳᠬᠡᠪᠡ᠃ ᠬᠢᠯᠢ ᠳᠠᠮᠨᠠᠨ ᠳᠤᠳᠠᠭᠠᠭᠰᠠᠨ 2566 ᠬᠦᠮᠦᠨ ᠢ ᠨᠡᠬᠡᠮᠵᠢᠯᠡᠨ ᠠᠪᠴᠢᠷᠠᠵᠤ᠂ 86.4 ᠳ᠋ᠦᠩᠰᠢᠭᠤᠷ ᠳᠦᠬᠦᠷᠢᠭ᠌ ᠤᠨ ᠬᠠᠤᠯᠢ ᠪᠤᠰᠤ ᠬᠦᠷᠦᠩᠬᠡ ᠶᠢ ᠬᠤᠷᠢᠶᠠᠵᠤ ᠠᠪᠤᠪᠠ᠃《ᠤᠯᠠᠭᠠᠨ ᠪᠠᠷᠢᠪᠴᠢᠯᠠᠬᠤ ᠵᠠᠷᠯᠢᠭ ᠲᠠᠢ ᠤᠨᠴᠠᠭᠠᠢ ᠵᠠᠭᠤᠨ ᠬᠦᠮᠦᠨ》 ᠤ 43 ᠨᠢ ᠬᠠᠤᠯᠢ ᠶᠢᠨ ᠲᠤᠤᠷ ᠲᠤ ᠤᠨᠠᠵᠠᠢ᠃

    《ᠵᠠᠩᠬᠢᠯᠠᠭ᠎ᠠ ᠶᠢᠨ ᠴᠦᠬᠡᠨ ᠳᠤᠭᠠᠳᠠᠨ》 ᠢ ᠴᠢᠩᠭ᠎ᠠ ᠬᠠᠮᠢᠶᠠᠷᠴᠤ ᠺᠠᠳ᠋ᠷᠴᠤᠳ ᠤᠨ ᠬᠢᠨᠠᠨ ᠬᠠᠮᠢᠶᠠᠷᠤᠯᠳᠠ ᠢ ᠴᠢᠩᠭ᠎ᠠ ᠬᠡᠷᠡᠭᠵᠢᠬᠦᠯᠪᠡ᠃ 5 ᠵᠢᠯ ᠤᠨ ᠳᠤᠷᠰᠢ᠂ ᠨᠠᠮ ᠤᠨ ᠳᠦᠪ ᠬᠤᠷᠢᠶ᠎ᠠ ᠨᠠᠮ ᠤᠨ ᠳᠤᠳᠤᠭᠠᠳᠤ ᠳ᠋ᠡᠬᠢ ᠬᠠᠤᠯᠢ ᠳᠦᠷᠢᠮ ᠢ ᠨᠡᠶᠢᠳᠡ 88 ᠳᠤᠭᠳᠠᠭᠠᠵᠤ᠂ ᠡᠨᠡ ᠨᠢ ᠤᠳᠤ ᠪᠡᠷ ᠬᠡᠷᠡᠭᠵᠢᠬᠦᠯᠵᠤ ᠪᠤᠢ 188 ᠬᠦᠴᠦᠨ ᠪᠦᠬᠦᠢ ᠬᠠᠤᠯᠢ ᠳᠦᠷᠢᠮ ᠤᠨ 47% ᠶᠢ ᠡᠵᠡᠯᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121781366