蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ ᠤᠨᠴᠠᠯᠢᠭ ᠪᠦᠬᠦᠢ ᠲᠤᠮᠤ ᠭᠦᠷᠦᠨ ᠤ ᠭᠠᠲᠠᠭᠠᠲᠤ ᠬᠠᠷᠢᠯᠴᠠᠭ᠎ᠠ ᠢᠲᠡᠷᠡᠬᠦᠨ ᠤᠷᠤᠭᠰᠢᠯᠠᠨᠠᠮ - ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢᠬᠢ ᠭᠠᠲᠠᠭᠠᠲᠤ ᠶᠠᠪᠤᠲᠠᠯ ᠤᠨ ᠠᠵᠢᠯ ᠤᠨ ᠦᠷ᠎ᠡ ᠪᠦᠲᠦᠮᠵᠢ ᠶᠢᠨ ᠬᠦᠦᠷᠨᠢᠯ

2017-10-11 15:36

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠡᠾᠧᠦ ᠯᠢ ᠵᠢᠶᠦ᠋ᠨ᠂ ᠫᠠᠨ ᠵᠢᠶᠧ ) ᠲᠡᠯᠡᠬᠡᠢ ᠯᠤᠭ᠎ᠠ ᠶᠢᠨ ᠬᠠᠷᠢᠯᠴᠠᠭ᠎ᠠ ᠨᠢ ᠭᠦᠨᠵᠡᠭᠡᠢ ᠬᠤᠪᠢᠷᠠᠨ ᠬᠦᠭ᠍ᠵᠢᠵᠦ᠂ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠶᠢᠨ ᠵᠠᠩᠬᠢᠯᠠᠭ᠎ᠠ ᠶᠢᠨ ᠲᠡᠦᠬᠡᠲᠦ ᠡᠷᠢᠨ ᠳ᠋ᠤ ᠰᠢ ᠵᠢᠨ ᠫᠢᠩ ᠨᠦᠬᠦᠷ ᠶᠢᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠡᠯᠡᠬᠡᠢ ᠶᠢᠨ ᠶᠡᠬᠡ ᠬᠠᠨᠲᠤᠰᠢ ᠶᠢ ᠰᠢᠨᠵᠢᠯᠡᠬᠦ ᠤᠬᠠᠭᠠᠨᠴᠢ ᠪᠡᠷ ᠡᠵᠡᠮᠳᠡᠵᠦ᠂ ᠭᠠᠲᠠᠭᠠᠲᠤ ᠶᠠᠪᠤᠲᠠᠯ ᠤᠨ ᠤᠨᠤᠯ ᠪᠠ ᠦᠢᠯᠡᠳᠦᠯᠭᠡ ᠶᠢᠨ ᠰᠢᠨᠡᠴᠢᠯᠡᠯᠲᠡ ᠶᠢ ᠢᠲᠡᠪᠬᠢᠲᠡᠢ ᠠᠬᠢᠭᠤᠯᠤᠨ᠂ ᠲᠤᠮᠲᠠᠲᠤ ᠤᠯᠤᠰ ᠤᠨ ᠤᠨᠴᠠᠯᠢᠭ ᠪᠦᠬᠦᠢ ᠲᠤᠮᠤ ᠭᠦᠷᠦᠨ ᠤ ᠭᠠᠲᠠᠭᠠᠲᠤ ᠶᠠᠪᠤᠲᠠᠯ ᠤᠨ ᠵᠠᠮ ᠢ ᠠᠮᠵᠢᠯᠲᠠ ᠲᠠᠢ ᠨᠡᠬᠡᠬᠡᠭ᠍ᠰᠡᠨ ᠶᠤᠮ᠃

    ᠲᠡᠯᠡᠬᠡᠢ ᠶᠢᠨ ᠴᠢᠨᠠᠷᠲᠠᠢ ᠠᠰᠠᠭᠤᠲᠠᠯ ᠳ᠋ᠦ ᠲᠤᠮᠲᠠᠲᠤ ᠶᠢᠨ ᠬᠦᠴᠦᠨ ᠢᠲᠡᠪᠬᠢ ᠬᠤᠪᠢ ᠨᠠᠮᠠᠷᠢ ᠤᠷᠤᠭᠤᠯᠤᠨ᠎ᠠ  

    ᠡᠨᠡ ᠪᠤᠯ ᠲᠤᠮᠤ ᠬᠦᠭ᠍ᠵᠢᠯᠲᠠ᠂ ᠲᠤᠮᠤ ᠬᠤᠪᠢᠷᠠᠯᠲᠠ᠂ ᠶᠡᠬᠡ ᠬᠤᠪᠢᠰᠤᠯᠳᠠ᠂ ᠲᠤᠮᠤ ᠲᠤᠬᠢᠷᠠᠭᠤᠯᠤᠯᠲᠠ ᠶᠢᠨ ᠴᠠᠭ ᠦᠶ᠎ᠠ ᠪᠤᠯᠤᠨ᠎ᠠ᠃ 《ᠲᠡᠯᠡᠬᠡᠢ ᠶᠢᠷᠲᠢᠨᠴᠦ ᠶᠠᠭᠠᠬᠢᠪᠠ》《ᠲᠡᠯᠡᠬᠡᠢ ᠶᠢᠨ ᠢᠷᠡᠭᠡᠲᠦᠢ》 ᠨᠢ ᠴᠠᠭ ᠦᠶ᠎ᠠ ᠶᠢᠨ ᠬᠦᠭ᠍ᠵᠢᠯᠲᠠ ᠶᠢᠨ ᠠᠰᠠᠭᠤᠯᠲᠠ ᠪᠤᠯᠪᠠ᠃

    ᠲᠤᠮᠲᠠᠲᠤ ᠤᠯᠤᠰ ᠤᠷᠢᠳ ᠡᠮᠦᠨ᠎ᠡ ᠪᠠᠶᠢᠭ᠎ᠠ ᠦᠭᠡᠢ ᠪᠡᠷ ᠲᠡᠯᠡᠬᠡᠢ ᠶᠢᠨ ᠲᠦᠪ ᠤᠷᠤᠭᠤ ᠤᠢᠢᠷᠠᠳᠤᠬᠤ ᠶᠢ ᠲᠠᠭᠠᠯᠳᠤᠨ ᠰᠢ ᠵᠢᠨ ᠫᠢᠩ ᠲᠡᠷᠢᠬᠦᠯᠡᠭᠴᠢ ᠲᠤᠮᠤ ᠭᠦᠷᠦᠨ ᠤ ᠤᠲᠤᠷᠢᠲᠤᠭᠴᠢ ᠶᠢᠨ ᠤᠪᠤᠷ ᠪᠠᠢᠢᠳᠠᠯ ᠶᠢᠡᠷ《 ᠲᠡᠯᠡᠬᠡᠢ ᠶᠢᠷᠲᠢᠨᠴᠦ ᠶᠢ ᠶᠠᠮᠠᠷ ᠶᠠᠩᠵᠤ ᠲᠠᠢ ᠪᠠᠶᠢᠭᠤᠯᠬᠤ᠂ ᠬᠡᠷᠬᠢᠨ ᠪᠠᠶᠢᠭᠤᠯᠬᠤ》ᠵᠡᠷᠭᠡ ᠲᠤᠮᠤ ᠴᠢᠬᠤᠯᠠ ᠰᠡᠳᠦᠪ ᠤᠨ ᠲᠤᠭᠤᠷᠢᠨ ᠳ᠋ᠤ ᠭᠦᠨᠵᠡᠭᠡᠢ ᠪᠤᠲᠤᠯᠬᠢᠯᠠᠵᠤ᠂ ᠲᠤᠮᠲᠠᠲᠤ ᠶᠢᠨ ᠲᠦᠰᠦᠯ᠂ ᠲᠤᠮᠲᠠᠲᠤ ᠶᠢᠨ ᠬᠦᠴᠦᠨ ᠢ ᠬᠠᠩᠭ᠋ᠠᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠪᠠᠢᠢᠭᠤᠯᠬᠤ ᠶᠠᠪᠤᠴᠠ ᠶᠢ ᠢᠲᠡᠪᠬᠢᠲᠡᠢ ᠠᠬᠢᠭᠤᠯᠵᠠᠢ᠃

    ᠪᠦᠬᠦ ᠪᠦᠮᠪᠦᠷᠴᠡᠭ ᠢ ᠵᠠᠰᠠᠬᠤ ᠠᠵᠢᠯ ᠳ᠋ᠤ ᠦᠷᠭᠡᠨ ᠬᠡᠪᠴᠢᠶ᠎ᠠ ᠪᠠᠷ ᠢᠲᠡᠪᠬᠢᠲᠡᠢ ᠤᠷᠤᠯᠴᠠᠪᠠ᠃ ᠬᠠᠮᠲᠤ ᠶᠢᠨ᠂ ᠶᠡᠷᠦᠩᠬᠡᠶᠢᠯᠡᠭᠰᠡᠨ᠂ ᠲᠤᠭᠲᠠᠪᠤᠷᠢᠲᠠᠢ ᠬᠦᠭ᠍ᠵᠢᠯᠲᠠ ᠶᠢᠨ ᠠᠶᠤᠯᠬᠦᠢ ᠶᠢᠨ ᠦᠵᠡᠯᠲᠡ ᠡᠴᠡ ᠲᠦᠪ ᠭᠤᠤᠯᠴᠢ᠂ ᠨᠡᠬᠡᠬᠡᠯᠲᠡᠳᠡᠢ᠂ ᠪᠦᠬᠦ ᠲᠠᠯ᠎ᠠ ᠶᠢᠨ ᠰᠢᠨᠡᠴᠢᠯᠡᠯᠲᠡ ᠲᠠᠢ ᠰᠢᠨ᠎ᠡ ᠬᠦᠭ᠍ᠵᠢᠯᠲᠠ ᠶᠢᠨ ᠦᠵᠡᠯᠲᠡ᠂ ᠬᠠᠮᠲᠤᠪᠡᠷ ᠵᠦᠪᠯᠡᠵᠦ ᠬᠠᠮᠲᠤᠪᠡᠷ ᠡᠳ᠋ᠯᠡᠬᠦ ᠪᠦᠬᠦ ᠪᠦᠮᠪᠦᠷᠴᠡᠭ ᠤᠨ ᠡᠳ᠋ ᠤᠨ ᠵᠠᠰᠠᠭ ᠢ ᠵᠠᠰᠠᠬᠤ ᠦᠢᠯᠠᠭᠠᠭᠲᠠᠬᠤᠨ ᠵᠡᠷᠭᠡ ᠪᠦᠬᠦ ᠪᠦᠮᠪᠦᠷᠴᠡᠭ ᠢ ᠵᠠᠰᠠᠬᠤ ᠦᠵᠡᠯᠲᠡ ᠶᠢ ᠰᠠᠨᠠᠭᠠᠴᠢᠯᠠᠵᠤ ᠦᠢᠯᠡᠳᠦᠯᠭᠡᠵᠢᠬᠦᠯᠪᠡ᠃

    ᠠᠽᠢᠶ᠎ᠠ ᠶᠢᠨ ᠲᠡᠳ᠋ ᠪᠦᠲᠦᠴᠡ ᠶᠢᠨ ᠬᠦᠷᠦᠩᠭᠡ ᠤᠷᠤᠭᠤᠯᠲᠠ ᠶᠢᠨ ᠪᠠᠩᠬᠢ᠂ ᠪᠷᠢᠺᠰ ᠤᠨ ᠤᠯᠤᠰ ᠤᠳ ᠤᠨ ᠨᠡᠬᠡᠬᠡᠨ ᠬᠦᠭ᠍ᠵᠢᠬᠦᠯᠬᠦ ᠪᠠᠩᠬᠢ ᠶᠢ ᠰᠠᠨᠠᠭᠠᠴᠢᠯᠠᠨ ᠪᠠᠶᠢᠭᠤᠯᠵᠤ᠂ ᠬᠦᠭ᠍ᠵᠢᠵᠦ ᠪᠠᠶᠢᠭ᠎ᠠ ᠤᠯᠤᠰ ᠤᠨ ᠰᠢᠨ᠎ᠡ ᠬᠡᠯᠪᠡᠷᠢ ᠶᠢᠨ ᠤᠯᠠᠨ ᠲᠠᠯᠠᠲᠤ ᠮᠦᠩᠬᠦᠨ ᠭᠦᠢᠯᠭᠡᠭᠡᠨ ᠤ ᠪᠠᠶᠢᠭᠤᠯᠤᠮᠵᠢ ᠶᠢ ᠰᠢᠨ᠎ᠡ ᠪᠡᠷ ᠪᠤᠢ ᠪᠤᠯᠭᠠᠪᠠ ; ᠤᠯᠠᠨ ᠤᠯᠤᠰ ᠤᠨ ᠵᠤᠭᠤᠰᠤᠨ ᠤ ᠰᠠᠭᠤᠷᠢ ᠮᠦᠩᠬᠦᠨ ᠤ ᠵᠤᠬᠢᠶᠠᠨ ᠪᠠᠶᠢᠭᠤᠯᠤᠯᠲᠠ ᠶᠢᠨ ᠤᠨᠤᠭᠲᠠᠯ ᠤᠨ ᠦᠭᠡᠷᠡᠴᠢᠯᠡᠯᠲᠡ ᠪᠠ ᠵᠠᠰᠠᠬᠤ ᠲᠤᠭᠲᠠᠯᠴᠠᠭᠠᠨ ᠤ ᠦᠭᠡᠷᠡᠴᠢᠯᠡᠯᠲᠡ ᠶᠢ ᠠᠬᠢᠭᠤᠯᠵᠤ᠂ ᠰᠢᠨ᠎ᠡ ᠪᠡᠷ ᠮᠠᠨᠲᠤᠭᠰᠠᠨ ᠡᠳ᠋ ᠤᠨ ᠵᠠᠰᠠᠭ ᠤᠨ ᠴᠤᠭᠴᠠ ᠪᠠ ᠬᠦᠭ᠍ᠵᠢᠵᠦ ᠪᠠᠶᠢᠭ᠎ᠠ ᠤᠯᠤᠰ ᠤᠨ ᠲᠦᠯᠦᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠴᠢᠷᠮᠠᠶᠢᠨ ᠲᠡᠭᠡᠭ᠍ᠰᠢᠯᠡᠬᠦᠯᠵᠦ ᠪᠦᠬᠦ ᠪᠦᠮᠪᠦᠷᠴᠡᠭ ᠤᠨ ᠮᠦᠩᠬᠦᠨ ᠬᠦᠢᠯᠭᠡᠭᠡ ᠶᠢ ᠵᠠᠰᠠᠬᠤ ᠠᠵᠢᠯ ᠢ ᠠᠬᠢᠭᠤᠯᠪᠠ᠃

    ᠲᠤᠮᠲᠠᠲᠤ ᠤᠯᠤᠰ - ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠡᠩᠬᠡ ᠲᠠᠶᠢᠪᠤᠩ ᠪᠠ ᠬᠦᠭ᠍ᠵᠢᠯᠲᠠ ᠶᠢᠨ ᠰᠠᠭᠤᠷᠢ ᠮᠦᠩᠬᠦ᠂ 《 ᠡᠮᠦᠨᠡᠲᠦ ᠡᠮᠦᠨᠡᠲᠦ ᠶᠢᠨ ᠬᠠᠮᠲᠤᠷᠠᠯᠴᠠᠭ᠎ᠠ ᠶᠢ ᠲᠡᠳᠬᠦᠬᠦ ᠰᠠᠭᠤᠷᠢ ᠮᠦᠩᠬᠦ》 ᠶᠢ ᠪᠠᠶᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ 《 ᠫᠠᠷᠢᠰ ᠤᠨ ᠬᠡᠯᠡᠯᠴᠡᠭᠡᠷ》 ᠤᠨ ᠲᠤᠭᠲᠠᠬᠤ ᠶᠢ ᠠᠬᠢᠭᠤᠯᠤᠨ᠂ 2030 ᠤᠨ ᠤ ᠲᠤᠭᠲᠠᠪᠤᠷᠢᠲᠠᠢ ᠬᠦᠭ᠍ᠵᠢᠯᠲᠠ ᠶᠢᠨ ᠬᠡᠯᠡᠯᠴᠡᠭᠡᠷ ᠢ ᠠᠬᠢᠭᠤᠯᠬᠤ ᠠᠵᠢᠯ ᠳ᠋ᠤ ᠡᠮᠦᠨ᠎ᠡ ᠡᠩᠨᠡᠭᠡᠨ ᠳ᠋ᠤᠨᠢ ᠬᠤᠰᠢᠭᠤᠷᠠᠵᠤ ᠲᠤᠮᠲᠠᠲᠤ ᠤᠯᠤᠰ ᠤᠨ ᠲᠤᠮᠤ ᠭᠦᠷᠦᠨ ᠤ ᠬᠠᠷᠢᠭᠤᠴᠠᠯᠭ᠎ᠠ ᠶᠢ ᠬᠠᠷᠠᠭᠤᠯᠤᠭᠰᠠᠨ ᠪᠠᠶᠢᠲᠠᠭ ᠶᠤᠮ᠃

    ᠲᠡᠯᠡᠬᠡᠢ ᠶᠢᠨ ᠡᠳ᠋ ᠤᠨ ᠵᠠᠰᠠᠭ ᠤᠨ ᠬᠠᠨᠲᠤᠰᠢ ᠶᠢ ᠬᠦᠲᠦᠯᠪᠡ᠃ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠤᠲᠤᠷᠢᠲᠤᠭᠴᠢᠳ ᠤᠨ ᠪᠡᠭᠡᠵᠢᠩ ᠳ᠋ᠡᠬᠢ ᠬᠤᠷᠠᠯ᠂ ᠬᠤᠷᠢᠨ ᠤᠯᠤᠰ ᠤᠨ ᠡᠪᠰᠡᠯ ᠪᠦᠯᠦᠭ ᠤᠨ ᠤᠲᠤᠷᠢᠲᠤᠭᠴᠢᠳ ᠤᠨ ᠬᠠᠩᠵᠧᠦ ᠳ᠋ᠡᠬᠢ ᠴᠢᠭᠤᠯᠭ᠎ᠠ ᠠᠭᠤᠯᠵᠠᠯᠲᠠ᠂ 《 ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠡᠭᠡᠲᠦ ᠲᠦᠪᠰᠢᠨ ᠤ ᠹᠤᠷᠦ᠋ᠮ᠂ ᠪᠷᠢᠺᠰ ᠤᠨ ᠤᠯᠤᠰ ᠤᠳ ᠤᠨ ᠤᠲᠤᠷᠢᠲᠤᠭᠴᠢᠳ ᠤᠨ ᠰᠢᠶᠠᠮᠧᠠ ᠳ᠋ᠡᠬᠢ ᠠᠭᠤᠯᠵᠠᠯᠲᠠ ᠵᠡᠷᠭᠡ ᠴᠤᠪᠤᠷᠠᠯ ᠭᠠᠲᠠᠭᠠᠲᠤ ᠶᠠᠪᠤᠲᠠᠯ ᠤᠨ ᠠᠵᠢᠯᠯᠠᠭ᠎ᠠ ᠨᠢ ᠲᠤᠮᠲᠠᠲᠤ ᠤᠯᠤᠰ ᠲᠡᠯᠡᠬᠡᠢ ᠶᠢᠨ ᠡᠳ᠋ ᠤᠨ ᠵᠠᠰᠠᠭ ᠢ ᠨᠡᠩ ᠨᠡᠬᠡᠬᠡᠯᠲᠡ ᠲᠠᠢ᠂ ᠪᠠᠭᠲᠠᠭᠠᠮᠵᠢ ᠲᠠᠢ᠂ ᠲᠡᠩᠴᠡᠭᠦᠷᠢ ᠲᠠᠢ᠂ ᠲᠦᠭᠡᠮᠡᠯᠵᠢᠬᠦᠯᠦᠯᠲᠡ ᠲᠠᠢ ᠴᠢᠭᠯᠡᠯ ᠤᠷᠤᠭᠤ ᠬᠦᠭ᠍ᠵᠢᠬᠦᠯᠵᠦ ᠪᠤᠢ᠃

    ᠲᠡᠯᠡᠬᠡᠢ ᠨᠡᠶᠢᠲᠡ ᠶᠢᠨ ᠠᠮᠤᠷ ᠲᠤᠭᠲᠠᠭᠤᠨ ᠢ ᠬᠠᠮᠠᠭᠠᠯᠠᠪᠠ᠃ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠪᠠᠶᠢᠩᠭ᠋ᠤ ᠶᠢᠨ ᠬᠡᠷᠡᠭ ᠡᠷᠬᠢᠯᠡᠬᠦ ᠤᠯᠤᠰ ᠪᠤᠯᠤᠭᠰᠠᠨ ᠤ ᠬᠤᠪᠢ ᠳ᠋ᠤ ᠲᠤᠮᠲᠠᠲᠤ ᠤᠯᠤᠰ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯ ᠳ᠋ᠤ ᠢᠲᠡᠪᠬᠢᠲᠡᠢ ᠤᠷᠤᠯᠴᠠᠵᠤ᠂ ᠲᠤᠰ ᠠᠵᠢᠯ ᠤᠨ ᠭᠤᠤᠯ ᠴᠡᠷᠢᠭ ᠭᠠᠷᠠᠭᠠᠬᠤ ᠤᠯᠤᠰ᠂ ᠬᠦᠷᠦᠩᠭᠡ ᠭᠠᠷᠭᠠᠬᠤ ᠤᠯᠤᠰ ᠪᠤᠯᠵᠤ᠂ ᠬᠠᠮᠢᠶᠠᠲᠠᠢ ᠤᠷᠤᠨ ᠪᠠ ᠤᠯᠤᠰ ᠤᠨ ᠡᠩᠬᠡ ᠲᠠᠶᠢᠪᠤᠩ ᠲᠤᠭᠲᠠᠭᠤᠨ ᠳ᠋ᠤ ᠲᠤᠪᠤᠶᠢᠮ᠎ᠠ ᠬᠤᠪᠢ ᠨᠡᠮᠡᠷᠢ ᠦᠵᠡᠬᠦᠯᠪᠡ᠃

    ᠰᠤᠯᠤᠩᠭ᠋ᠤᠰ ᠬᠤᠶᠢᠭ ᠤᠨ ᠴᠦᠮ᠎ᠡ ᠶᠢᠨ ᠠᠰᠠᠭᠤᠲᠠᠯ᠂ ᠢᠷᠠᠨ ᠤ ᠴᠦᠮ᠎ᠡ ᠶᠢᠨ ᠠᠰᠠᠭᠤᠲᠠᠯ᠂ ᠠᠹᠭᠠᠨᠢᠰᠲ᠋ᠠᠨ ᠤ ᠠᠰᠠᠭᠤᠲᠠᠯ᠂ ᠰᠢᠷᠢᠶ᠎ᠠ ᠶᠢᠨ ᠠᠰᠠᠭᠤᠲᠠᠯ ᠵᠡᠷᠭᠡ ᠭᠠᠵᠠᠷ ᠤᠷᠤᠨ ᠤ ᠬᠠᠯᠠᠭᠤᠷᠠᠯ ᠠᠰᠠᠭᠤᠲᠠᠯ ᠢ ᠤᠯᠤᠰ ᠲᠦᠷᠦ ᠶᠢᠨ ᠠᠷᠭ᠎ᠠ ᠪᠡᠷ ᠰᠢᠢᠳᠪᠦᠷᠢᠯᠡᠬᠦ ᠶᠢ ᠠᠬᠢᠭᠤᠯᠵᠤ᠂ ᠲᠤᠮᠲᠠᠲᠤ ᠤᠯᠤᠰ ᠤᠨ ᠦᠢᠯᠡᠳᠦᠯ ᠨᠢ ᠡᠯ᠎ᠡ ᠲᠠᠯ᠎ᠠ ᠶᠢᠨ ᠬᠢᠨ ᠤ ᠮᠠᠭᠲᠠᠭᠠᠯ ᠢ ᠤᠯᠤᠭᠰᠠᠨ ᠶᠤᠮ᠃

    ᠬᠦᠲᠡᠯᠦᠩᠬᠦᠢ ᠪᠡᠷ ᠪᠦᠬᠦ ᠪᠦᠮᠪᠦᠷᠴᠡᠭ ᠤᠨ ᠬᠠᠨᠢᠲᠠᠨ ᠤ ᠬᠠᠷᠢᠴᠠᠭᠠᠨ ᠤ ᠲᠤᠤᠷ ᠢ ᠠᠵᠢᠯᠯᠠᠭᠤᠯᠬᠤ ᠪᠡᠷ ᠪᠡᠯᠡᠳᠭᠡᠨ᠎ᠡ

    ᠰᠢ ᠵᠢᠨ ᠫᠢᠩ ᠲᠡᠷᠢᠬᠦᠯᠡᠭᠴᠢ 28 ᠤᠲᠠᠭ᠎ᠠ ᠭᠠᠲᠠᠭᠠᠲᠤ ᠳ᠋ᠤ ᠠᠶᠢᠯᠴᠢᠯᠠᠯᠲᠠ ᠬᠢᠵᠦ ᠲᠠᠪᠤᠨ ᠲᠢᠪ ᠤᠨ 50 ᠭᠠᠷᠤᠢ ᠤᠯᠤᠰ ᠶᠢᠡᠷ ᠬᠦᠷᠪᠡ᠃ ᠲᠤᠮᠲᠠᠲᠤ ᠤᠯᠤᠰ 100 ᠭᠠᠷᠤᠢ ᠤᠯᠤᠰ ᠤᠷᠤᠨ ᠪᠠ ᠵᠤᠬᠢᠶᠠᠨ ᠪᠠᠶᠢᠭᠤᠯᠤᠯᠲᠠ ᠲᠠᠢ ᠠᠳᠠᠯᠢ ᠪᠤᠰᠤ ᠬᠡᠯᠪᠡᠷᠢ ᠶᠢᠨ ᠲᠦᠩᠰᠢᠯᠡᠯ ᠤᠨ ᠬᠠᠷᠢᠯᠴᠠᠭ᠎ᠠ ᠪᠠᠶᠢᠭᠤᠯᠵᠤ᠂ ᠲᠡᠯᠡᠬᠡᠢ ᠶᠢᠨ ᠡᠯ᠎ᠡ ᠤᠷᠤᠨ ᠪᠦᠰᠡ᠂ ᠠᠳᠠᠯᠢ ᠪᠤᠰᠤ ᠬᠡᠯᠪᠡᠷᠢ ᠶᠢᠨ ᠤᠯᠤᠰ ᠢ ᠬᠠᠮᠤᠷᠪᠠ᠃

    5 ᠵᠢᠯ ᠤᠨ ᠲᠤᠷᠰᠢ ᠲᠤᠮᠲᠠᠲᠤ ᠤᠯᠤᠰ ᠶᠡᠷᠦᠩᠬᠡᠢ ᠪᠠᠶᠢᠲᠠᠯ ᠲᠤᠭᠲᠠᠭᠤᠨ᠂ ᠲᠡᠩᠴᠡᠬᠦᠷᠢᠲᠡᠢ ᠬᠦᠭ᠍ᠵᠢᠯᠲᠠ ᠶᠢᠨ ᠲᠤᠮᠤ ᠭᠦᠷᠦᠨ ᠤ ᠬᠠᠷᠢᠯᠴᠠᠭᠠᠨ ᠤ ᠬᠦᠲᠦᠯᠪᠦᠷᠢ ᠶᠢ ᠴᠢᠷᠮᠠᠶᠢᠨ ᠪᠤᠢ ᠪᠤᠯᠭᠠᠵᠤ᠂ ᠭᠤᠤᠯ ᠪᠤᠯᠬᠤ ᠤᠯᠤᠰ ᠤᠷᠤᠨ ᠯᠤᠭ᠎ᠠ ᠶᠢᠨ ᠬᠠᠷᠢᠯᠴᠠᠭ᠎ᠠ ᠲᠤᠭᠲᠠᠭᠤᠨ ᠤ ᠲᠤᠮᠲᠠ ᠬᠦᠭ᠍ᠵᠢᠵᠦ ᠪᠠᠶᠢᠨ᠎ᠠ᠃

    5 ᠵᠢᠯ ᠤᠨ ᠲᠤᠷᠰᠢ ᠲᠤᠮᠲᠠᠲᠤ ᠤᠯᠤᠰ ᠲᠤᠲᠤᠨᠤ ᠢᠲᠡᠭᠡᠯ ᠲᠠᠢ ᠠᠰᠢᠭᠲᠠᠢ ᠪᠠᠭᠲᠠᠭᠠᠮᠵᠢᠲᠠᠢ ᠪᠠᠶᠢᠬᠤ ᠤᠶᠢᠯᠠᠭᠠᠭᠲᠠᠬᠤᠨ ᠢ ᠪᠠᠷᠢᠮᠲᠠᠯᠠᠵᠤ᠂ ᠤᠶᠢᠷ᠎ᠠ ᠬᠠᠪᠢ ᠶᠢᠨ ᠤᠯᠤᠰ ᠤᠷᠤᠨ ᠯᠤᠭ᠎ᠠ ᠶᠢᠨ ᠬᠠᠷᠢᠯᠴᠠᠭ᠎ᠠ ᠶᠢ ᠭᠦᠨᠵᠡᠭᠡᠶᠢᠷᠡᠬᠦᠯᠦᠨ ᠬᠠᠷᠢᠯᠴᠠᠨ ᠠᠰᠢᠭ ᠬᠦᠷᠲᠡᠭᠡᠵᠦ᠂ ᠬᠠᠪᠢ ᠲᠦᠰᠦᠷ ᠤᠨ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠪᠠ᠃

    5 ᠵᠢᠯ ᠤᠨ ᠲᠤᠷᠰᠢ ᠲᠤᠮᠲᠠᠲᠤ ᠤᠯᠤᠰ ᠵᠦᠪ ᠡᠭᠦᠷᠭᠡ ᠠᠰᠢᠭ ᠤᠨ ᠦᠵᠡᠯᠲᠡ ᠶᠢ ᠪᠠᠷᠢᠮᠲᠠᠯᠠᠵᠤ᠂ ᠬᠦᠭ᠍ᠵᠢᠵᠦ ᠪᠠᠶᠢᠭ᠎ᠠ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠶᠢᠷᠡᠬᠦᠯᠤᠨ ᠦᠷᠭᠡᠳᠭᠡᠵᠦ᠂ ᠬᠠᠮᠲᠤ ᠶᠢᠨ ᠬᠤᠪᠢ ᠵᠠᠶᠠᠭᠠᠨ ᠤ ᠲᠠᠭᠠᠤ ᠬᠠᠮᠲᠤ ᠪᠠᠷ ᠲᠠᠪᠰᠢᠬᠤ ᠶᠢ ᠪᠡᠶᠡᠯᠡᠬᠦᠯᠪᠡ᠃

    ᠤᠯᠤᠰ ᠤᠨ ᠦᠭᠡᠷᠡᠴᠢᠯᠡᠯᠲᠡ ᠬᠦᠭ᠍ᠵᠢᠯᠲᠠ ᠲᠤᠭᠲᠠᠭᠤᠨ ᠤ ᠪᠠᠶᠢᠲᠠᠯ ᠢ ᠬᠠᠮᠠᠭᠠᠯᠠᠬᠤ ᠪᠡᠷ ᠡᠷᠡᠰ ᠰᠢᠢᠳᠮᠡᠭᠡᠢ ᠤᠷᠤᠭᠰᠢᠯᠠᠪᠠ

    ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠶᠢᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠤᠮᠲᠠᠲᠤ ᠤᠯᠤᠰ ᠢ ᠬᠦᠲᠦᠯᠦᠨ ᠡᠷᠡᠰ ᠰᠢᠢᠳᠮᠡᠭᠡᠢ ᠪᠡᠷ ᠤᠷᠤᠭᠰᠢᠯᠠᠨ᠂ ᠤᠯᠤᠰ ᠤᠨ ᠡᠷᠬᠡ ᠮᠡᠲᠡᠯ᠂ ᠠᠶᠤᠯᠬᠦᠢ ᠪᠠ ᠬᠦᠭ᠍ᠵᠢᠯᠲᠠ ᠶᠢᠨ ᠠᠰᠢᠭ ᠲᠤᠰᠠ ᠶᠢ ᠬᠠᠮᠠᠭᠠᠯᠠᠨ᠂ 《ᠬᠤᠶᠠᠷ ᠵᠠᠭᠤᠨ》 ᠤ ᠲᠡᠮᠡᠴᠡᠬᠦ ᠬᠠᠷᠠᠯᠲᠠ᠂ ᠲᠤᠮᠲᠠᠲᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠲᠤᠯᠲᠠ ᠶᠢᠨ ᠲᠤᠮᠲᠠᠲᠤ ᠶᠢᠨ ᠮᠦᠷᠦᠭᠡᠲᠦᠯ ᠳ᠋ᠤ ᠬᠦᠴᠦᠲᠠᠢ ᠪᠠᠲᠤᠯᠠᠭ᠎ᠠ ᠬᠠᠩᠭ᠋ᠠᠬᠤ ᠶᠢ ᠪᠡᠶᠡᠯᠡᠬᠦᠯᠪᠡ᠃

    ᠤᠯᠤᠰ ᠤᠨ ᠲᠤᠲᠤᠭᠠᠲᠤ ᠭᠠᠲᠠᠭᠠᠲᠤ ᠯᠤᠭ᠎ᠠ ᠬᠠᠷᠢᠯᠴᠠᠨ ᠲᠠᠭᠠᠯᠲᠤᠬᠤ ᠶᠢ ᠴᠢᠩᠭ᠋ᠠᠳᠬᠠᠵᠤ ᠤᠯᠤᠰ ᠤᠨ ᠲᠤᠲᠤᠭᠠᠲᠤ ᠶᠢᠨ ᠬᠦᠭ᠍ᠵᠢᠯᠲᠠ ᠳ᠋ᠤ ᠦᠢᠯᠡᠴᠢᠯᠡᠪᠡ -

    ᠲᠤᠮᠲᠠᠲᠤ ᠪᠧᠯᠦᠷᠦ᠋ᠰ ᠤᠨ ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠵᠠᠭᠤ ᠭᠠᠷᠤᠢ ᠬᠢᠯᠢ ᠶᠢᠨ ᠭᠠᠲᠠᠨᠠᠬᠢ ᠠᠷᠠᠯᠵᠢᠶ᠎ᠠ ᠬᠤᠲᠠᠯᠲᠤᠭᠠᠨ ᠤ ᠬᠠᠮᠲᠤᠷᠠᠯᠴᠠᠭᠠᠨ ᠤ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠵᠤ᠂ ᠲᠤᠮᠲᠠᠲᠤ ᠤᠯᠤᠰ ᠤᠨ ᠠᠵᠤ ᠠᠬᠤᠶᠢᠯᠠᠯ᠂ ᠲᠤᠨᠤᠭ ᠲᠦᠬᠦᠭᠡᠷᠦᠮᠵᠢ᠂ ᠮᠡᠷᠭᠡᠵᠢᠯ ᠤᠨ 《ᠭᠠᠷᠴᠤ ᠶᠠᠪᠤᠬᠤ》 ᠳ᠋ᠤ ᠲᠦᠬᠦᠮ ᠦᠵᠡᠬᠦᠯᠵᠦ᠂ ᠡᠯ᠎ᠡ ᠲᠦᠷᠦᠯ ᠤᠨ ᠠᠷᠠᠯᠵᠢᠶ᠎ᠠ ᠬᠤᠲᠠᠯᠲᠤᠭᠠᠨ ᠤ ᠵᠦᠷᠢᠴᠡᠯ ᠢ ᠰᠢᠢᠳᠪᠦᠷᠢᠯᠡᠵᠦ᠂ ᠤᠷᠤᠨ ᠪᠦᠰᠡ ᠶᠢᠨ ᠴᠢᠨᠠᠷᠲᠠᠢ ᠬᠠᠮᠲᠤᠷᠠᠯᠴᠠᠭᠠᠨ ᠤ ᠰᠢᠨ᠎ᠡ ᠵᠠᠭᠪᠤᠷ ᠢ ᠬᠠᠶᠢᠨ ᠰᠦᠪᠡᠭ᠍ᠴᠢᠯᠡᠪᠠ ᠁᠁ᠲᠤᠮᠲᠠᠲᠤ ᠤᠯᠤᠰ ᠤᠨ ᠭᠠᠲᠠᠭᠠᠲᠤ ᠶᠠᠪᠤᠲᠠᠯ ᠨᠢ ᠤᠯᠤᠰ ᠤᠨ ᠲᠤᠲᠤᠭᠠᠲᠤ ᠶᠢᠨ ᠠᠵᠤ ᠦᠢᠯᠡᠰᠵᠢᠯᠲᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠳ᠋ᠤ ᠦᠢᠯᠡᠴᠢᠯᠡᠵᠦ᠂ ᠤᠯᠠᠨ ᠤᠯᠤᠰ ᠤᠨ ᠠᠵᠤ ᠦᠢᠯᠡᠰ ᠡᠨᠧᠷᠬᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭ᠋ᠠᠳᠬᠠᠨ᠂ ᠰᠢᠨ᠎ᠠ ᠡᠭᠡᠯᠵᠢ ᠶᠢᠨ ᠦᠨᠳᠦᠷ ᠲᠦᠪᠰᠢᠨ ᠪᠦᠬᠦᠢ ᠭᠠᠲᠠᠭᠠᠲᠤ ᠯᠤᠭ᠎ᠠ ᠶᠢᠨ ᠨᠡᠬᠡᠬᠡᠯᠲᠡᠳᠡᠢ ᠰᠢᠨ᠎ᠡ ᠶᠢ ᠡᠭᠦᠳᠬᠦ ᠳ᠋ᠤ ᠰᠠᠶᠢᠨ ᠭᠠᠲᠠᠭᠠᠲᠤ ᠤᠷᠴᠢᠨ ᠢ ᠬᠠᠩᠭ᠋ᠠᠵᠤ ᠦᠭ᠍ᠭᠦᠭ᠍ᠰᠡᠨ ᠶᠤᠮ᠃

    ᠤᠯᠤᠰ ᠤᠨ ᠡᠷᠬᠡ ᠮᠡᠲᠡᠯ ᠢ ᠬᠠᠮᠠᠭᠠᠯᠠᠵᠤ ᠴᠢᠬᠤᠯᠠ ᠠᠰᠢᠭ ᠲᠤᠰᠠ ᠶᠢ ᠪᠠᠲᠤᠯᠠᠨ᠎ᠠ-

    ᠳ᠋ᠢᠶᠤᠤ ᠢᠦᠢ ᠳ᠋ᠤᠤ ᠠᠷᠠᠯ ᠤᠨ ᠠᠰᠠᠭᠤᠲᠠᠯ ᠳ᠋ᠤ ᠵᠠᠷᠴᠢᠮ ᠢ ᠪᠠᠷᠢᠮᠲᠠᠯᠠᠵᠤ᠂ ᠲᠤᠮᠲᠠᠲᠤ ᠤᠯᠤᠰ ᠤᠨ ᠵᠠᠰᠠᠭ ᠤᠨ ᠤᠷᠲᠤᠨ ᠪᠠ ᠠᠷᠠᠳ ᠲᠦᠮᠡᠨ ᠤ ᠤᠯᠤᠰ ᠤᠨ ᠨᠤᠲᠤᠭ ᠲᠡᠪᠢᠰᠭᠡᠷ ᠤᠨ ᠪᠦᠷᠢᠨ ᠡᠷᠬᠡ ᠶᠢᠨ ᠡᠷᠡᠰ ᠰᠢᠳᠮᠡᠭᠡᠢ ᠵᠤᠷᠢᠭ ᠢ ᠭᠦᠢᠴᠡᠳ ᠬᠠᠷᠠᠭᠤᠯᠤᠭᠰᠠᠨ ᠶᠤᠮ; ᠭᠡᠷᠡᠴᠢ ᠪᠠᠷᠢᠮᠲᠠ ᠲᠠᠢ ᠪᠡᠷ ᠡᠮᠦᠨᠡᠲᠦ ᠲᠠᠩᠬᠢᠰ ᠤᠨ ᠬᠦᠨᠲᠡᠯᠡᠨ ᠡᠴᠡ ᠰᠢᠬᠦᠬᠦ ᠬᠡᠷᠡᠭ ᠢ ᠨᠢᠴᠤᠭᠠᠵᠤ᠂ ᠬᠡᠯᠡᠯᠴᠡᠨ ᠵᠦᠪᠲᠡᠬᠦ ᠬᠡᠯᠪᠡᠷᠢ ᠤᠷᠤᠭᠤ ᠰᠢᠯᠵᠢᠬᠦᠯᠪᠡ ; ᠨᠢᠭᠡ ᠲᠤᠮᠲᠠᠲᠤ ᠤᠯᠤᠰ ᠭᠡᠬᠦ ᠵᠠᠷᠴᠢᠮ ᠢ ᠪᠠᠷᠢᠮᠲᠠᠯᠠᠵᠤ᠂ ᠭᠠᠲᠠᠭᠠᠲᠤ ᠶᠢᠨ ᠬᠦᠴᠦᠨ ᠤ ᠰᠢᠶᠠᠩᠭ᠋ᠠᠩ ᠤᠤᠮᠧᠨ ᠤ ᠶᠠᠪᠤᠲᠠᠯ ᠳ᠋ᠤ ᠭᠠᠷ ᠲᠦᠷᠦᠬᠦ ᠶᠢ ᠬᠤᠷᠢᠭᠯᠠᠪᠠ ; ᠲᠦᠪᠡᠳ᠂ ᠰᠢᠨᠵᠢᠶᠠᠩ ᠲᠠᠢ ᠬᠤᠯᠪᠤᠭᠲᠠᠭᠰᠠᠨ ᠭᠠᠲᠠᠭᠠᠲᠤ ᠶᠠᠪᠤᠲᠠᠯ ᠤᠨ ᠠᠵᠢᠯᠯᠠᠭ᠎ᠠ ᠶᠢ ᠪᠤᠲᠠᠲᠠᠢ ᠦᠷᠨᠢᠬᠦᠯᠵᠦ᠂ ᠤᠯᠠᠨ ᠤᠯᠤᠰ ᠯᠤᠭ᠎ᠠ ᠬᠠᠮᠲᠤᠷᠠᠨ ᠠᠵᠢᠯᠯᠠᠵᠤ 《ᠭᠤᠷᠪᠠᠨ ᠬᠦᠴᠦᠨ》 ᠳ᠋ᠤ ᠴᠤᠬᠢᠯᠲᠠ ᠦᠭ᠍ᠬᠦ ᠪᠠᠨ ᠴᠢᠩᠭ᠋ᠠᠳᠬᠠᠬᠰᠠᠨ ᠶᠤᠮ᠃

    ᠲᠤᠮᠲᠠᠲᠤ ᠤᠯᠤᠰ ᠤᠷᠰᠢᠭ ᠲᠠᠲᠠᠬᠤ ᠦᠭᠡᠢ᠂ ᠶᠠᠷᠰᠢᠬ ᠡᠴᠡ ᠴᠤ ᠠᠶᠤᠬᠤ ᠦᠭᠡᠢ᠂ ᠴᠢᠬᠤᠯᠠ ᠠᠰᠢᠭ ᠲᠤᠰᠠ ᠳ᠋ᠤ ᠬᠤᠯᠪᠤᠭᠲᠠᠭᠰᠠᠨ ᠠᠰᠠᠭᠤᠲᠠᠯ ᠳ᠋ᠤ ᠲᠤᠲᠤᠷᠬᠠᠢ ᠬᠡᠮᠵᠢᠶᠠᠨ ᠤ ᠵᠤᠭᠰᠤᠯᠲᠠ ᠲᠠᠢ᠂ ᠦᠨᠳᠦᠰᠦᠨ ᠱᠠᠭᠠᠷᠲᠠᠯᠭ᠎ᠠ ᠪᠠᠨ ᠬᠠᠮᠠᠭᠠᠯᠠᠵᠤ ᠲᠤᠮᠲᠠᠲᠤ ᠤᠯᠤᠰ ᠤᠨ ᠲᠡᠯᠡᠬᠡᠢ ᠨᠡᠶᠢᠲᠡ ᠳ᠋ᠡᠬᠢ ᠨᠡᠷ᠎ᠡ ᠠᠯᠲᠠᠷᠰᠢᠯ ᠢ ᠶᠡᠬᠡᠬᠡᠨ ᠲᠡᠭᠡᠭ᠍ᠰᠢᠯᠡᠬᠦᠯᠦᠭᠰᠡᠨ ᠶᠤᠮ᠃

    ᠬᠦᠮᠦᠨ ᠶᠢᠡᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠢᠷᠭᠡᠳ ᠤᠨ ᠡᠷᠬᠡ ᠠᠰᠢᠭ ᠢ ᠪᠠᠲᠤᠯᠠᠨ᠎ᠠ -

    ᠤᠷᠤᠭ᠎ᠠ ᠪᠤᠰᠬᠠᠭ᠎ᠠ ᠪᠠᠶᠢᠬᠤ ᠶᠧᠮᠧᠨ᠂ ᠡᠮᠦᠨᠡᠲᠦ ᠰᠦᠲᠠᠨ᠂ ᠪᠠᠶᠢᠭᠠᠯᠢ ᠶᠢᠨ ᠭᠠᠮᠰᠢᠭ ᠡᠭᠦᠰᠦᠭᠰᠡᠨ ᠨᠧᠫᠠᠯ᠂ ᠰᠢᠨ᠎ᠡ ᠽᠧᠯᠠᠨᠳ᠋ ᠵᠡᠷᠭᠡ ᠤᠯᠤᠰ ᠤᠳ ᠲᠤ ᠠᠶᠤᠯ ᠲᠦᠭᠰᠢᠬᠦᠷᠢ ᠬᠦᠴᠢᠷ ᠠᠰᠠᠭᠤᠲᠠᠯ ᠤᠨ ᠡᠮᠦᠨ᠎ᠡ ᠲᠤᠮᠲᠠᠲᠤ ᠤᠯᠤᠰ ᠤᠨ ᠭᠠᠲᠠᠭᠠᠲᠤ ᠶᠠᠪᠤᠲᠠᠯ ᠤᠨ ᠠᠯᠪᠠᠨ ᠲᠤᠰᠢᠶᠠᠯᠲᠠᠳ ᠠᠵᠢᠯᠯᠠᠵᠤ ᠪᠠᠶᠢᠲᠠᠭ᠃ 5 ᠵᠢᠯ ᠤᠨ ᠲᠤᠷᠰᠢ ᠲᠤᠮᠲᠠᠲᠤ ᠤᠯᠤᠰ ᠶᠧᠮᠧᠨ ᠵᠡᠷᠭᠡ ᠤᠯᠤᠰ ᠤᠷᠤᠨ ᠡᠴᠡ 9 ᠤᠲᠠᠭ᠎ᠠ ᠠᠮᠵᠢᠯᠲᠠ ᠲᠠᠢ ᠪᠡᠷ ᠬᠠᠷᠢᠶᠠᠲᠤ ᠪᠡᠨ ᠰᠢᠯᠵᠢᠬᠦᠯᠵᠦ᠂ ᠲᠤᠮᠲᠠᠲᠤ ᠶᠢᠨ ᠢᠷᠭᠡᠨ ᠬᠢᠯᠢ ᠶᠢᠨ ᠭᠠᠲᠠᠨ᠎ᠠ ᠪᠠᠷᠢᠴᠠᠭᠠᠯᠠᠭᠲᠠᠭᠰᠠᠨ ᠪᠤᠶᠤ ᠲᠠᠭᠠᠷᠢᠯᠲᠠ ᠳ᠋ᠤ ᠤᠴᠠᠷᠠᠭᠰᠠᠨ ᠵᠡᠷᠭᠡ 100 ᠭᠠᠷᠤᠢ ᠬᠡᠷᠡᠭ ᠢ ᠰᠢᠢᠳᠪᠦᠷᠢᠯᠡᠵᠦ᠂ ᠺᠤᠨᠰᠦ᠋ᠯ ᠤᠨ ᠭᠠᠵᠠᠷ ᠡᠴᠡ ᠡᠯ᠎ᠡ ᠲᠦᠷᠦᠯ ᠤᠨ ᠠᠪᠤᠷᠠᠨ ᠲᠤᠰᠠᠯᠠᠬᠤ ᠠᠵᠢᠯᠯᠠᠭ᠎ᠠ 30 ᠲᠦᠮᠡ ᠭᠠᠷᠤᠢ ᠰᠢᠢᠳᠪᠦᠷᠢᠯᠡᠭᠰᠡᠨ ᠪᠠᠶᠢᠲᠠᠭ᠃

    《ᠭᠠᠲᠠᠭᠠᠲᠤ ᠶᠠᠪᠤᠲᠠᠯ ᠨᠢ ᠢᠷᠭᠡᠳ ᠤᠨ ᠲᠦᠯᠦᠭᠡ》ᠭᠡᠬᠦ ᠤᠶᠢᠯᠠᠭᠠᠭᠲᠠᠬᠤᠨ ᠢ ᠪᠠᠷᠢᠮᠲᠠᠯᠠᠵᠤ᠂ ᠲᠤᠮᠲᠠᠲᠤ ᠤᠯᠤᠰ ᠤᠨ ᠭᠠᠲᠠᠭᠠᠲᠤ ᠶᠠᠪᠤᠲᠠᠯ ᠨᠢ ᠲᠤᠮᠲᠠᠲᠤ ᠶᠢᠨ ᠢᠷᠭᠡᠨ ᠪᠠ ᠠᠵᠤ ᠠᠬᠤᠶᠢᠯᠠᠯ ᠤᠨ ᠭᠠᠲᠠᠭᠠᠲᠤ ᠳ᠋ᠡᠬᠢ ᠬᠠᠦᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠪᠠᠶᠢᠲᠠᠭ ᠶᠤᠮ᠃

    ᠲᠤᠮᠲᠠᠲᠤ ᠤᠯᠤᠰ ᠡᠲᠦᠷ ᠢᠷᠡᠬᠦᠶ᠎ᠡ ᠲᠡᠯᠡᠬᠡᠢ ᠶᠢᠨ ᠲᠦᠪ ᠤᠷᠤᠭᠤ ᠤᠶᠢᠷᠠᠲᠤᠬᠤ ᠪᠡᠷ ᠲᠤᠮᠤ ᠭᠦᠷᠦᠨ ᠤ ᠤᠨᠴᠠᠯᠢᠭ ᠪᠦᠬᠦᠢ᠂ ᠲᠤᠮᠤ ᠭᠦᠷᠦᠨ ᠤ ᠵᠠᠭᠪᠤᠷ᠂ ᠲᠦᠷᠬᠦ ᠨᠠᠮᠪᠠ ᠲᠠᠢ ᠲᠤᠮᠲᠠᠲᠤ ᠤᠯᠤᠰ ᠤᠨ ᠭᠠᠲᠠᠭᠠᠲᠤ ᠶᠠᠪᠤᠲᠠᠯ ᠢᠲᠡᠷᠡᠬᠦᠨ ᠤᠷᠤᠭᠰᠢᠯᠠᠵᠤ ᠲᠡᠯᠡᠬᠡᠢ ᠶᠢᠷᠲᠢᠨᠴᠦ ᠶᠢ ᠲᠤᠭᠲᠤᠯᠤᠭᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121787077