蒙古文网站Logo
ᠰᠢᠨᠬᠤᠸᠠ ᠮᠤᠩᠭ᠋ᠤᠯ ᠨᠧᠲ

ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠵᠢᠯ ᠳᠤᠳᠤᠮ 1300 ᠭᠠᠷᠤᠢ ᠳᠦᠮᠡᠨ ᠬᠦᠮᠦᠨ ᠶᠠᠳᠠᠭᠤ ᠡᠴᠡ ᠠᠩᠬᠢᠵᠢᠷᠠᠵᠠᠢ

2017-10-11 16:28

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ   ᠳᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠠᠨ ᠤ ᠡᠷᠬᠢᠯᠡᠭᠴᠢ ᠯᠢᠦ ᠶᠦᠩ ᠹᠦ᠋ 10 ᠤ ᠡᠳᠦᠷ ᠳᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠳᠡᠬᠡᠷ᠎ᠡ ᠢᠯᠡᠷᠬᠡᠶᠢᠯᠡᠬᠦ ᠳ᠋ᠡᠬᠡᠨ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠠᠵᠢᠯ ᠮᠡᠳᠡᠭᠳᠡᠮ᠎ᠡ ᠠᠮᠵᠢᠯᠳᠠ ᠪᠦᠳᠦᠮᠵᠢ ᠤᠯᠵᠤ᠂ ᠮᠠᠨ ᠤ ᠤᠯᠤᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠡᠪᠴᠢᠶ᠎ᠡ ᠶᠡᠬᠡᠪᠡᠷ ᠴᠦᠬᠡᠷᠡᠭᠰᠡᠨ ᠪᠠᠶᠢᠨ᠎ᠠ ᠭᠡᠵᠡᠢ᠃

    2012 ᠤᠨ ᠡᠴᠡ 2016 ᠤᠨ ᠪᠤᠯᠳᠠᠯ᠎ᠠ ᠮᠠᠨ ᠤ ᠤᠯᠤᠰ ᠤᠨ ᠤᠳᠤᠬᠠᠨ ᠤ ᠪᠠᠷᠢᠮᠵᠢᠶᠠᠨ ᠳᠤ ᠪᠠᠭᠳᠠᠭᠰᠠᠨ 9899 ᠳᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠴᠦᠬᠡᠷᠡᠬᠡᠳ 4335 ᠳᠦᠮᠡᠨ ᠬᠦᠮᠦᠨ ᠪᠤᠯᠵᠤ ᠨᠡᠶᠢᠳᠡ 5564 ᠳᠦᠮᠡᠨ ᠬᠦᠮᠦᠨ ᠬᠠᠰᠤᠭᠳᠠᠭᠰᠠᠨ ᠪᠠᠶᠢᠨ᠎ᠠ᠃ 2017 ᠤᠨ ᠳᠤ ᠬᠠᠰᠤᠭᠳᠠᠬᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠳᠤᠭ᠎ᠠ ᠪᠠᠷᠤᠭᠴᠠᠭᠠᠯᠠᠵᠤ ᠪᠠᠶᠢᠭ᠎ᠠ ᠪᠡᠷ 1000 ᠳᠦᠮᠡ ᠡᠴᠡ ᠳᠡᠬᠡᠭᠰᠢ ᠪᠠᠶᠢᠵᠤ᠂ 5 ᠵᠢᠯ ᠳᠤ ᠳᠤᠮᠳᠠᠴᠢ ᠪᠡᠷ ᠵᠢᠯ ᠪᠦᠷᠢ 1300 ᠭᠠᠷᠤᠢ ᠳᠦᠮᠡᠨ ᠬᠦᠮᠦᠨ ᠶᠠᠳᠠᠭᠤ ᠡᠴᠡ ᠠᠩᠬᠢᠵᠢᠷᠠᠬᠤ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121787578