蒙古文网站Logo
ᠰᠢᠨᠬᠤᠸᠠ ᠮᠤᠩᠭ᠋ᠤᠯ ᠨᠧᠲ

ᠬᠠᠶᠢᠷ᠎ᠠ ᠬᠠᠯᠠᠮᠵᠢ - ᠠᠯᠢᠪᠠ ᠪᠦᠬᠦᠨ ᠠᠷᠠᠳ ᠲᠦᠮᠡᠨ ᠤ ᠬᠦᠰᠡᠯ ᠡᠷᠡᠮᠡᠯᠵᠡᠯ ᠤᠨ ᠲᠦᠯᠦᠭᠡ

2017-10-12 16:32

    ᠬᠠᠶᠢᠷ᠎ᠠ ᠬᠠᠯᠠᠮᠵᠢ - ᠠᠯᠢᠪᠠ ᠪᠦᠬᠦᠨ ᠠᠷᠠᠳ ᠲᠦᠮᠡᠨ ᠤ ᠬᠦᠰᠡᠯ ᠡᠷᠡᠮᠡᠯᠵᠡᠯ ᠤᠨ ᠲᠦᠯᠦᠭᠡ - ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢᠬᠢ ᠤᠯᠤᠰ ᠤᠨ ᠲᠤᠳᠤᠭᠠᠳᠤ ᠳᠤ ᠰᠢᠨᠵᠢᠯᠡᠨ ᠪᠠᠶᠢᠴᠠᠭᠠᠭᠰᠠᠨ ᠭᠠᠵᠠᠷ ᠤᠳ ᠢᠶᠠᠷ ᠲᠠᠬᠢᠨ ᠰᠤᠷᠪᠤᠯᠵᠢᠯᠠᠭᠰᠠᠨ ᠨᠢ

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 6 ᠤ ᠴᠠᠬᠢᠯᠭᠠᠨ ᠮᠡᠳᠡᠭᠡ (ᠰᠤᠷᠪᠤᠵᠢᠯᠠᠭᠴᠢ ᠬᠤ᠋ ᠬᠤᠤ᠂ ᠳ᠋ᠦᠩ ᠰᠢᠶᠤᠤ ᠬᠤᠩ᠂ ᠫᠧᠩ ᠶᠤᠸᠠᠨ᠂ ᠰᠢᠤᠸᠠᠢ ᠴᠢᠨ ᠹᠧᠩ᠂ ᠡᠦ ᠮᠧᠩ ᠳ᠋ᠠ᠂ ᠪᠠᠢ ᠯᠢᠨ᠂ ᠯᠢᠨ ᠮᠢᠶᠤᠤ ᠮᠢᠶᠤᠤ᠂ ᠯᠦᠸᠧ ᠵᠢᠶᠠᠩ᠂ ᠸᠠᠩ ᠮᠢᠨ) ᠤᠯᠤᠰ ᠬᠦᠷᠦᠨ ᠠᠷᠠᠳ ᠲᠦᠮᠡᠨ ᠢᠶᠠᠷ ᠦᠨᠳᠦᠰᠦ ᠪᠤᠯᠭᠠᠵᠤ᠂ ᠲᠦᠷᠦ ᠵᠠᠰᠠᠭ ᠢ ᠠᠷᠠᠳ ᠲᠦᠮᠡᠨ ᠤ ᠲᠦᠯᠦᠭᠡ ᠪᠠᠶᠢᠭᠤᠯᠤᠨ᠎ᠠ᠃

    ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠲᠦᠮᠡᠨ ᠢᠶᠠᠷ ᠲᠦᠪ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠷᠠᠳ ᠲᠦᠮᠡᠨ ᠤ ᠠᠮᠢᠳᠤᠷᠠᠯ ᠢ ᠰᠠᠶᠢᠵᠢᠷᠠᠭᠤᠯᠬᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ ᠪᠠᠷ ᠵᠤᠷᠢᠯᠭ᠎ᠠ ᠪᠤᠯᠤᠨ ᠬᠠᠷᠠᠯᠳᠠ ᠪᠠᠨ ᠪᠤᠯᠭᠠᠵᠤ᠂ ᠬᠦᠭᠵᠢᠯᠳᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠭᠤᠤᠯᠴᠢ ᠪᠠᠷ ᠪᠦᠬᠦ ᠠᠷᠠᠳ ᠲᠦᠮᠡᠨ ᠳᠤ ᠳᠠᠰᠤᠷᠠᠯᠳᠠ ᠦᠭᠡᠢ ᠬᠦᠷᠳᠡᠭᠡᠭᠰᠡᠨ ᠶᠤᠮ᠃

    ᠳᠠᠪᠤᠨ ᠵᠢᠯ ᠤᠨ ᠲᠤᠷᠰᠢ᠂ ᠬᠠᠮᠢᠭ᠎ᠠ ᠬᠦᠷᠴᠦ ᠰᠢᠨᠵᠢᠯᠡᠨ ᠪᠠᠶᠢᠴᠠᠭᠠᠬᠰᠠᠨ ᠴᠦ ᠶᠡᠷᠦᠩᠬᠡᠢ ᠱᠦᠵᠢ ᠰᠢ ᠶᠢᠨ ᠫᠢᠩ ᠬᠡᠵᠢᠶᠡᠳᠡ ᠦᠷᠬᠡᠨ ᠤᠯᠠᠨ ᠲᠦᠮᠡᠨ ᠢᠶᠠᠨ ᠪᠤᠳᠤᠵᠤ᠂ ᠪᠡᠶ᠎ᠡ ᠪᠠᠷ ᠢᠶᠠᠨ ᠠᠷᠠᠳ ᠤᠨ ᠰᠡᠳᠬᠢᠯᠭᠡ ᠶᠢ ᠮᠡᠳᠡᠷᠡᠵᠤ᠂ ᠦᠨᠡᠨ ᠰᠡᠳᠬᠢᠯ ᠢᠶᠠᠷ ᠢᠶᠠᠨ ᠠᠷᠠᠳ ᠤᠨ ᠰᠠᠨᠠᠭ᠎ᠠ ᠳᠤ ᠬᠠᠷᠢᠭᠤᠯᠳᠠ ᠦᠭᠴᠦ ᠪᠠᠶᠢᠪᠠ᠃

    ᠶᠡᠷᠦᠩᠬᠡᠢ ᠱᠦᠵᠢ ᠶᠢᠨ ᠤᠯᠠ ᠮᠦᠷ ᠢ ᠮᠦᠷᠳᠡᠵᠤ᠂ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠤᠢᠢᠷ᠎ᠠ ᠶᠢᠨ ᠡᠳᠦᠷ ᠬᠠᠶᠢᠨᠠᠨ᠂ ᠦᠪᠦᠷ ᠮᠤᠩᠭᠤᠯ᠂ ᠰᠧᠴᠤᠸᠠᠨ᠂ ᠾᠧᠪᠸᠢ᠂ ᠬᠢᠷᠢᠨ᠂ ᠪᠡᠭᠡᠵᠢᠩ ᠵᠡᠷᠭᠡ ᠭᠠᠵᠠᠷ ᠲᠤ ᠳᠠᠬᠢᠨ ᠰᠤᠷᠪᠤᠯᠵᠢᠯᠠᠭᠠᠳ ᠠᠷᠠᠳ ᠤᠯᠠᠨ ᠤ ᠬᠦᠰᠡᠯ ᠡᠷᠡᠮᠡᠯᠵᠡᠯ ᠢᠳᠡᠪᠬᠢᠳᠡᠢ ᠬᠠᠷᠢᠭᠤ ᠪᠠᠨ ᠤᠯᠵᠤ᠂ ᠰᠠᠶᠢᠨ ᠰᠠᠶᠢᠬᠠᠨ ᠬᠦᠰᠡᠯ ᠪᠤᠳᠤᠯ ᠨᠢ ᠦᠨᠡᠨ ᠪᠤᠳᠠᠳᠦ ᠠᠬᠤᠢ ᠪᠤᠯᠵᠤ ᠬᠤᠪᠢᠷᠠᠵᠤ ᠪᠠᠶᠢᠬᠤ ᠶᠢ ᠤᠯᠵᠤ ᠮᠡᠳᠡᠪᠡ᠃

    ᠠᠷᠠᠳ ᠤᠨ ᠠᠮᠢᠳᠤᠷᠠᠯ ᠤᠨ《ᠲᠤᠤᠷ ᠤᠨ ᠢᠷᠤᠭᠠᠷ》 ᠢ ᠪᠠᠳᠤᠳᠬᠠᠨ᠎ᠠ᠄ ᠡᠯ᠎ᠡ ᠲᠦᠷᠦᠯ ᠤᠨ ᠬᠦᠴᠢᠷᠳᠡᠯᠳᠡᠢ ᠤᠯᠠᠨ ᠲᠦᠮᠡᠨ ᠢ ᠤᠨᠴᠠᠭᠠᠢ ᠠᠩᠬᠠᠷᠴᠤ᠂ ᠬᠠᠷᠠᠭᠠᠯᠵᠠᠵᠤ᠂ ᠬᠠᠯᠠᠮᠵᠢᠯᠠᠨ᠎᠎ᠠ᠃

    ᠨᠠᠯᠠᠭᠠᠷ ᠨᠠᠮᠤᠷ ᠰᠠᠭᠠᠳᠠᠵᠤ᠂ ᠠᠭᠤᠷ ᠠᠮᠢᠰᠬᠤᠯ ᠰᠡᠷᠢᠭᠦᠨ ᠪᠤᠯᠪᠠ᠃ ᠰᠧᠴᠤᠸᠠᠨ ᠤ ᠶᠠ ᠠᠨ ᠬᠤᠳᠠ ᠶᠢᠨ ᠯᠦ ᠱᠠᠨ ᠰᠢᠶᠠᠨ ᠤ ᠯᠦᠩ ᠮᠧᠨ ᠰᠢᠶᠠᠩ ᠤᠨ ᠯᠦᠩ ᠰᠢᠩ ᠲᠤᠰᠬᠤᠨ ᠤ ᠳᠠᠪᠤᠨ ᠪᠠᠳᠤᠯᠠᠭᠠᠳᠤ ᠡᠷᠦᠬᠡ ᠯᠦᠸᠧ ᠴᠢ ᠯᠢᠶᠠᠩ ᠡᠵᠢ ᠬᠤᠸᠠᠩ ᠯᠢᠶᠠᠨ ᠵᠧᠨ ᠲᠠᠢ ᠪᠠᠨ ᠶᠠᠬ ᠰᠢᠨ᠎ᠡ ᠭᠡᠷ ᠲᠡᠭᠡᠨ ᠲᠧᠯᠸᠢᠰ ᠦᠵᠡᠵᠤ᠂ ᠵᠤᠤᠬᠠᠨ ᠳᠡᠭᠡᠷ᠎ᠡ ᠪᠠᠨ ᠪᠤᠷᠳᠤᠬᠰᠠᠨ ᠮᠢᠬ᠎ᠠ ᠲᠠᠢ ᠯᠤᠤᠪᠠᠩ ᠤᠨ ᠱᠦᠯᠦ ᠴᠢᠨᠠᠵᠤ ᠪᠠᠶᠢᠪᠠ᠃ ᠤᠰᠤ ᠴᠠᠬᠢᠯᠭᠠᠨ ᠨᠡᠪᠳᠡᠷᠡᠵᠤ᠂ ᠪᠠᠰᠠ ᠨᠠᠮᠤᠭ ᠤᠨ ᠬᠡᠢ ᠬᠡᠷᠡᠭᠯᠡᠵᠤ᠂ ᠦᠷᠦᠬᠡᠨ ᠳᠤᠳᠤᠷ᠎ᠠ ᠲᠤᠪ ᠳᠤᠯᠠᠭᠠᠬᠠᠨ᠃

    2013 ᠤᠨ ᠤ 4 ᠰᠠᠷ᠎ᠠ ᠶᠢᠨ 20 ᠤ ᠡᠳᠦᠷ᠂ ᠨᠢᠭᠡ ᠤᠳᠠᠭ᠎ᠠ ᠶᠢᠨ ᠲᠤᠮᠤ ᠭᠠᠵᠠᠷ ᠬᠦᠳᠡᠯᠦᠯᠳᠡ ᠳᠤ ᠯᠤ ᠱᠠᠨ ᠰᠢᠶᠠᠨ ᠤ ᠯᠦᠸᠧ ᠴᠢ ᠯᠢᠶᠠᠩ ᠪᠤᠯᠤᠨ ᠪᠤᠰᠤᠳ ᠦᠢ ᠤᠯᠠᠨ ᠡᠷᠦᠭᠡ ᠶᠢᠨ ᠭᠡᠷ ᠪᠠᠶᠢᠰᠢᠩ ᠨᠤᠷᠠᠵᠤ ᠰᠦᠢᠳᠦᠭᠰᠡᠨ ᠶᠤᠮ᠃ 5 ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠯᠦ ᠱᠠᠨ ᠳᠤ ᠬᠦᠷᠴᠤ ᠢᠷᠡᠬᠡᠳ᠂ ᠭᠠᠮᠰᠢᠬᠳᠠᠬᠰᠠᠨ ᠠᠷᠠᠳ ᠢ ᠲᠦᠪᠯᠡᠷᠡᠭᠦᠯᠦᠨ ᠲᠤᠬᠤᠨᠢᠭᠤᠯᠬᠤ ᠭᠠᠵᠠᠷ ᠲᠤ ᠲᠡᠷᠡ ᠰᠢᠬᠠᠯᠳᠤᠨ ᠢᠷᠡᠬᠦ ᠤᠯᠠᠨ ᠲᠦᠮᠡᠨ ᠳᠤ ᠬᠠᠨᠳᠤᠵᠤ᠂ ᠪᠢᠳᠡ ᠵᠠᠪᠠᠯ ᠴᠠᠭ ᠢ ᠵᠠᠪᠳᠤᠨ ᠳᠠᠬᠢᠨ ᠰᠡᠷᠭᠦᠭᠡᠨ ᠪᠠᠶᠢᠭᠤᠯᠵᠤ᠂ ᠡᠷᠳᠡ ᠨᠢᠭᠡᠨ ᠡᠳᠦᠷ ᠲᠠᠨᠠᠷ ᠢ ᠠᠮᠤᠷ ᠲᠦᠪᠰᠢᠨ᠂ ᠰᠢᠨ᠎ᠡ ᠭᠡᠷ ᠲᠤ ᠨᠡᠭᠦᠯᠬᠡᠵᠤ ᠤᠷᠤᠭᠤᠯᠤᠨ᠎ᠠ ᠭᠡᠪᠡ᠃ ᠶᠡᠷᠦᠩᠬᠡᠢ ᠱᠦᠵᠢ ᠰᠢ ᠶᠢᠨ ᠫᠢᠩ ᠤᠨ ᠠᠮᠠᠯᠠᠯᠳᠠ ᠪᠤᠳᠠᠳᠤ ᠶᠠᠪᠤᠳᠠᠯ ᠪᠤᠯᠵᠤ ᠪᠡᠶᠡᠯᠡᠭᠳᠡᠪᠡ᠃

    ᠯᠦᠸᠧ ᠴᠢ ᠯᠢᠶᠠᠩ ᠢ ᠪᠠᠭᠳᠠᠭᠠᠬᠰᠠᠨ ᠯᠦ ᠱᠠᠨ ᠤ ᠭᠠᠵᠠᠷ ᠬᠦᠳᠡᠯᠦᠯᠳᠡ ᠶᠢᠨ ᠭᠠᠮᠰᠢᠬᠳᠠᠬᠰᠠᠨ ᠤᠷᠤᠨ ᠤ ᠭᠠᠮᠰᠢᠬᠳᠠᠬᠰᠠᠨ ᠤᠨᠴᠠ ᠬᠦᠴᠢᠷᠳᠡᠯᠳᠡᠢ ᠡᠷᠦᠬᠡ 2014 ᠤᠨ ᠤ ᠴᠠᠭᠠᠨ ᠰᠠᠷ᠎ᠠ ᠠᠴᠠ ᠡᠮᠦᠨ᠎ᠡ ᠪᠦᠬᠦᠨ ᠢᠶᠠᠷ ᠢᠶᠠᠨ ᠰᠢᠨ᠎ᠡ ᠭᠡᠷ ᠲᠤ ᠨᠡᠭᠦᠨ ᠤᠷᠤᠵᠠᠢ᠃ ᠰᠢᠨ᠎ᠡ ᠭᠡᠷ ᠢ ᠵᠠᠰᠠᠭ ᠤᠨ ᠤᠷᠳᠤᠨ ᠠᠴᠠ ᠪᠡᠯᠡ ᠮᠦᠡᠭᠬᠦ ᠭᠠᠷᠭᠠᠨ ᠨᠢᠭᠡᠳᠦᠯᠳᠡᠢ ᠪᠠᠷᠢᠵᠤ᠂ ᠭᠡᠷ ᠤᠨ ᠡᠳ᠋ᠯᠡᠯ ᠬᠡᠷᠡᠭᠰᠡᠯ᠂ ᠴᠠᠬᠢᠯᠭᠠᠨ ᠬᠡᠷᠡᠭᠰᠡᠯ ᠢᠵᠢ ᠲᠦᠬᠦᠷ ᠪᠦᠷᠢᠳᠴᠤ᠂ ᠤᠨᠴᠠ ᠬᠦᠴᠢᠷᠳᠡᠯᠳᠡᠢ ᠡᠷᠦᠬᠡ ᠶᠢᠨ ᠤᠯᠠᠨ ᠲᠦᠮᠡᠨ ᠰᠢᠭᠤᠳ ᠪᠤᠭᠤᠳᠠᠯ ᠪᠠᠬᠯᠠᠭ᠎ᠠ ᠪᠡᠨ ᠠᠪᠴᠤ ᠤᠷᠤᠭᠠᠳ ᠰᠠᠭᠤᠪᠠᠯ ᠪᠤᠯᠴᠢᠬᠠᠳᠠᠭ᠃

    《ᠤᠤᠯ ᠤᠨ ᠬᠠᠭᠤᠴᠢᠨ ᠪᠠᠶᠢᠰᠢᠩ ᠡᠪᠦᠯ ᠳᠡᠭᠡᠨ ᠰᠠᠯᠬᠢ ᠨᠡᠪᠳᠡᠷᠡᠳᠡᠭ᠃ ᠤᠳᠤ ᠰᠢᠨ᠎ᠡ ᠭᠡᠷ ᠴᠡᠪᠡᠷ ᠲᠤᠬᠢᠯᠢᠭ ᠪᠦᠬᠡᠳ ᠲᠤᠯᠠᠭᠠᠬᠠᠨ》ᠭᠡᠵᠤ ᠯᠦᠸᠧ ᠴᠢ ᠯᠢᠶᠠᠩ ᠰᠡᠳᠬᠢᠯ ᠳᠤᠬᠳᠤᠯᠤᠨ ᠶᠠᠷᠢᠪᠠ᠃

    《ᠤᠨᠴᠠ ᠬᠦᠴᠢᠷᠳᠡᠯᠳᠡᠢ ᠤᠯᠠᠨ ᠲᠦᠮᠡᠨ ᠢ ᠪᠢᠳᠡ ᠡᠷᠬᠡᠪᠡᠰᠢ ᠢᠯᠡᠬᠦᠭᠡᠨ ᠠᠩᠬᠠᠷᠴᠤ᠂ ᠢᠯᠡᠬᠦᠭᠡᠨ ᠬᠠᠶᠢᠷᠠᠯᠠᠵᠤ᠂ ᠢᠯᠡᠬᠦᠭᠡᠨ ᠬᠠᠯᠠᠮᠵᠢᠯᠠᠵᠤ᠂ ᠠᠷᠭ᠎ᠠ ᠪᠦᠬᠦᠨ ᠢ ᠰᠦᠪᠡᠭᠴᠢᠯᠡᠵᠤ ᠪᠠᠶᠢᠭᠠᠳ ᠳᠡᠳᠡᠨ ᠢ ᠬᠠᠪᠰᠤᠷᠤᠨ ᠬᠦᠴᠢᠷ ᠵᠤᠪᠠᠯᠠᠩ ᠢ ᠨᠢ ᠠᠷᠢᠯᠭᠠᠵᠤ᠂ ᠤᠯᠠᠨ ᠲᠦᠮᠡᠨ ᠤ ᠠᠮᠤᠷ ᠲᠦᠪᠰᠢᠨ᠂ ᠬᠦᠢᠳᠡᠨ ᠲᠤᠯᠠᠭᠠᠨ ᠢ ᠴᠠᠭ ᠢᠮᠠᠬᠳᠠ ᠰᠡᠳᠬᠢᠯ ᠳᠡᠭᠡᠨ ᠪᠤᠳᠤᠵᠤ᠂ ᠨᠠᠮ ᠪᠤᠯᠤᠨ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠮᠢᠩᠭ᠎ᠠ ᠲᠦᠮᠡᠨ ᠡᠷᠦᠬᠡ ᠳᠤ ᠬᠦᠷᠭᠡᠬᠦ ᠬᠡᠷᠡᠭᠳᠡᠢ》 - ᠶᠡᠷᠦᠩᠬᠡᠢ ᠱᠦᠵᠢ ᠰᠢ ᠶᠢᠨ ᠫᠢᠡᠭ ᠤᠨ ᠱᠠᠭᠠᠷᠳᠠᠯᠭ᠎ᠠ ᠶᠤᠰᠤᠭᠠᠷ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠬᠦ᠋ᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠲᠤᠬᠠᠢ ᠪᠡᠯᠡ ᠤᠷᠤᠭᠤᠯᠤᠯᠳᠠ ᠪᠠᠨ ᠦᠷᠭᠦᠯᠵᠢᠯᠡᠨ ᠨᠡᠮᠡᠭᠳᠡᠭᠦᠯᠵᠤ᠂ ᠦᠨᠳᠤᠰᠤ ᠰᠠᠭᠤᠷᠢ ᠶᠢ ᠪᠠᠳᠤᠯᠠᠵᠤ᠂ ᠬᠤᠷᠢᠭ᠎ᠠ ᠱᠤᠭᠤᠮ ᠢ ᠰᠠᠬᠢᠵᠤ᠂ ᠲᠤᠬᠳᠠᠴᠠ ᠶᠢ ᠪᠠᠶᠢᠭᠤᠯᠵᠤ᠂ ᠤᠨᠴᠠ ᠬᠦᠴᠢᠷᠳᠡᠯᠳᠡᠢ ᠤᠯᠠᠨ ᠲᠦᠮᠡᠨ ᠳᠤ 《ᠳᠠᠭᠠᠷᠠᠬᠰᠠᠨ ᠦᠶ᠎ᠡ ᠳᠤ ᠳᠠᠬᠤ ᠬᠦᠷᠭᠡᠬᠦ》 ᠶᠢᠨ ᠬᠠᠯᠠᠭᠤᠨ ᠲᠤᠯᠠᠭᠠᠨ ᠢ ᠮᠡᠳᠡᠷᠡᠭᠦᠯᠵᠠᠢ᠃

    2014 ᠤᠨ ᠤ 1 ᠰᠠᠷ᠎ᠠ ᠶᠢᠨ 28 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠦᠬᠡᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠢᠷᠡᠬᠡᠳ᠂ ᠠᠳᠡᠬᠢ ᠬᠡᠦᠬᠡᠳ ᠢ ᠪᠤᠯᠭᠤᠭᠠᠨ ᠦᠵᠡᠪᠠ᠃ ᠲᠦᠯᠡᠢ ᠶᠠᠪᠠ ᠬᠡᠦᠬᠡᠨ ᠸᠠᠩ ᠶᠠ ᠨᠢᠢ ᠲᠠᠢ ᠬᠠᠷᠢᠯᠴᠠᠬᠤ ᠵᠠᠭᠤᠷ᠎ᠠ ᠶᠡᠷᠦᠩᠬᠡᠢ ᠱᠦᠵᠢ ᠰᠢ ᠶᠢᠨ ᠫᠢᠩ ᠲᠡᠭᠦᠨ ᠢ ᠰᠠᠶᠢᠳᠤᠷ ᠰᠤᠷᠤᠯᠴᠠᠵᠤ᠂ ᠰᠤᠷᠤᠯᠭ᠎ᠠ ᠶᠢᠨ ᠦᠨᠳᠦᠷ ᠠᠮᠵᠢᠯᠳᠠ ᠤᠯᠬᠤ ᠶᠢ ᠵᠤᠷᠢᠬᠵᠢᠭᠤᠯᠵᠠᠢ᠃

    ᠲᠤᠬᠠᠢ ᠶᠢᠨ ᠦᠶ᠎ᠡ ᠳᠤ ᠪᠢᠴᠢᠬᠠᠨ ᠶᠠ ᠨᠢᠢ ᠡᠷᠡᠬᠡᠢ ᠬᠤᠷᠤᠭᠤ ᠪᠠᠨ ᠭᠠᠷᠭᠠᠵᠤ ᠲᠤᠬᠢᠶᠠᠨ ᠤ ᠬᠡᠯᠡ ᠪᠠᠷ《ᠪᠠᠶᠠᠷᠯᠠᠯ᠎ᠠ》ᠭᠡᠵᠤ ᠢᠯᠡᠳᠭᠡᠵᠤ ᠪᠠᠶᠢᠪᠠ᠃ ᠶᠡᠷᠦᠩᠬᠡᠢ ᠱᠦᠵᠢ ᠰᠢ ᠶᠢᠨ ᠫᠢᠩ ᠪᠠᠰᠠ ᠡᠷᠡᠬᠡᠢ ᠬᠤᠷᠤᠭᠤ ᠪᠠᠨ ᠭᠠᠷᠭᠠᠵᠤ 《ᠪᠠᠶᠠᠷᠯᠠᠯ᠎ᠠ》 ᠬᠡᠵᠤ ᠲᠤᠬᠢᠪᠠ᠃ ᠤᠳᠤ ᠪᠤᠯᠬᠤ ᠳᠤ᠂ ᠪᠢᠴᠢᠬᠠᠨ ᠶᠠ ᠨᠢᠢ ᠨᠢᠬᠡᠨᠳᠡ ᠦᠨᠳᠦᠷ ᠳᠤᠮᠳᠠᠳᠤ ᠪᠠᠨ ᠳᠡᠭᠦᠰᠭᠡᠵᠤ᠂ ᠵᠢᠰᠤ ᠭᠤᠸᠠᠵᠢᠭᠤᠯᠬᠤ ᠰᠤᠷᠭᠠᠭᠤᠯᠢ ᠳᠤ ᠮᠡᠷᠭᠡᠵᠢᠯ ᠰᠤᠷᠤᠯᠴᠠᠵᠤ ᠪᠠᠶᠢᠨ᠎ᠠ᠃ ᠲᠡᠷᠡ ᠲᠤᠬᠢᠶᠠᠨ ᠤ ᠬᠡᠯᠡ ᠪᠠᠷ ᠰᠤᠷᠪᠤᠯᠵᠢᠯᠠᠬᠴᠢ ᠳᠤ᠄ 《ᠰᠢ ᠡᠪᠦᠭᠡ ᠠᠰᠠᠷᠠᠮᠵᠢ ᠶᠢᠨ ᠬᠦᠷᠢᠶᠡᠯᠡᠩ ᠳᠤ ᠢᠷᠡᠭᠰᠡᠨ ᠪᠠᠶᠢᠳᠠᠯ ᠢ ᠪᠢ ᠪᠠᠳᠤ ᠴᠡᠬᠡᠵᠢᠯᠡᠭᠰᠡᠬᠡᠷ᠂ ᠡᠳᠡᠭᠡᠷ ᠵᠢᠯ ᠳᠤ ᠪᠢ ᠰᠢ ᠡᠪᠦᠭᠡ ᠶᠢᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠤ᠂ ᠡᠷᠳᠡᠮ ᠮᠡᠳᠡᠯᠭᠡ ᠰᠤᠷᠤᠯᠴᠠᠵᠤ᠂ ᠮᠡᠷᠭᠡᠵᠢᠯ ᠴᠢᠳᠠᠪᠤᠷᠢ ᠡᠵᠡᠮᠰᠢᠨ᠂ ᠢᠷᠡᠭᠡᠳᠦᠢ ᠳᠤ ᠨᠡᠶᠢᠭᠡᠮ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ》 ᠭᠡᠵᠤ ᠢᠯᠡᠳᠭᠡᠪᠡ᠃

    ᠬᠦᠬᠡᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ ᠡᠦ ᠸᠧᠨ ᠵᠢᠶᠦ᠋ᠨ ᠬᠡᠯᠡᠭᠰᠡᠨ ᠨᠢ᠄ 《ᠶᠠᠷᠦᠩᠬᠡᠢ ᠱᠦᠵᠢ ᠰᠢ ᠶᠢᠨ ᠫᠢᠩ ᠪᠢᠳᠡᠨ ᠤ ᠳᠡᠷᠭᠡᠳᠡ ᠬᠦᠷᠴᠤ ᠢᠷᠡᠬᠡᠳ᠂ ᠶᠠᠬ ᠯᠡ ᠪᠢᠳᠡᠨ ᠤ ᠭᠡᠷ ᠤᠨ ᠠᠬᠠᠮᠠᠳ ᠰᠢᠬ ᠢᠶᠠᠷ ᠠᠰᠠᠷᠠᠮᠵᠢ ᠶᠢᠨ ᠬᠦᠷᠢᠶᠡᠯᠡᠩ ᠤᠨ ᠬᠡᠦᠬᠡᠳ ᠪᠤᠯᠤᠨ ᠠᠵᠢᠯᠳᠠᠨ ᠤ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ ᠪᠠᠶᠢᠪᠠ᠃ ᠲᠤᠬᠠᠢ ᠶᠢᠨ ᠦᠶ᠎ᠡ ᠳᠤ ᠶᠠᠭ ᠴᠠᠭᠠᠨ ᠰᠠᠷ᠎ᠠ ᠪᠤᠯᠬᠤ ᠲᠦᠬᠦᠵᠤ ᠪᠠᠶᠢᠬᠰᠠᠨ ᠪᠤᠯᠬᠤᠷ ᠶᠡᠷᠦᠩᠬᠡᠢ ᠱᠦᠵᠢ ᠮᠠᠨᠢ ᠪᠢᠳᠡᠨ ᠤ ᠬᠦᠮᠦᠨ ᠪᠤᠯᠭᠠᠨ ᠳᠤ ᠰᠢᠨ᠎ᠡ ᠵᠢᠯ ᠤᠨ ᠬᠦᠰᠡᠯ ᠵᠦᠩᠨᠡᠯ ᠳᠡᠪᠰᠢᠭᠦᠯᠵᠤ᠂ ᠪᠠᠰᠠ ᠤᠨᠴᠠᠭᠠᠢᠢᠯᠠᠨ ᠬᠡᠦᠬᠡᠳ ᠲᠤ ᠪᠡᠯᠡᠭ ᠬᠦᠷᠭᠡᠭᠰᠡᠨ ᠶᠤᠮ᠂ ᠪᠢᠳᠡ ᠪᠦᠬᠦᠨ ᠳᠤ ᠮᠠᠰᠢ ᠬᠠᠯᠠᠭᠤᠨ ᠲᠤᠯᠠᠭᠠᠬᠠᠨ ᠰᠠᠨᠠᠬᠳᠠᠬᠰᠠᠨ 》 ᠭᠡᠪᠡ᠃

    ᠡᠦ ᠸᠧᠨ ᠵᠢᠶᠦ᠋ᠨ ᠳᠠᠨᠢᠯᠴᠠᠭᠤᠯᠬᠤ ᠳᠠᠭᠠᠨ᠂ 3 ᠵᠢᠯ ᠦᠩᠭᠡᠷᠡᠵᠤ᠂ ᠬᠦᠬᠡᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠨᠢ ᠦᠨᠦᠴᠢᠨ ᠵᠡᠮᠳᠡᠭ ᠬᠡᠦᠬᠡᠳ ᠢ ᠠᠰᠠᠷᠠᠨ ᠬᠠᠷᠠᠭᠠᠯᠵᠠᠬᠤ᠂ ᠡᠮᠴᠢᠯᠡᠭᠡ᠂ ᠡᠷᠡᠭᠦᠯᠵᠢᠯ᠂ ᠰᠤᠷᠭᠠᠨ ᠬᠦᠮᠦᠵᠢᠯ ᠪᠤᠯᠤᠨ ᠠᠵᠢᠯ ᠲᠤᠬᠢᠷᠠᠭᠤᠯᠬᠤ ᠵᠡᠷᠭᠡ ᠲᠠᠯ᠎ᠠ ᠪᠠᠷ ᠶᠡᠬᠡᠬᠡᠨ ᠳᠡᠭᠡᠭᠰᠢᠯᠡᠪᠠ᠃ ᠤᠳᠤᠬᠠᠨ ᠳᠤ᠂ ᠠᠰᠠᠷᠠᠮᠵᠢ ᠶᠢᠨ ᠬᠦᠷᠢᠶᠡᠯᠡᠩ ᠤᠨ ᠡᠷᠡᠭᠦᠯᠵᠢᠯ ᠤᠨ ᠲᠦᠪ ᠲᠦ ᠳᠠᠷᠢᠬᠢᠨ ᠤ ᠰᠠ ᠡᠪᠡᠳᠴᠢᠨ ᠲᠠᠢ ᠬᠡᠦᠬᠡᠳ ᠤᠨ ᠡᠷᠡᠭᠦᠯᠵᠢᠯ ᠪᠤᠯᠪᠠᠰᠤᠷᠠᠯ ᠤᠨ ᠦᠷ᠎ᠡ ᠪᠦᠲᠦᠮᠵᠢ ᠶᠢᠨ ᠨᠤᠷᠮ᠎ᠠ 90%  ᠡᠴᠡ ᠳᠡᠭᠡᠭᠰᠢ ᠪᠤᠯᠪᠠ᠃ ᠡᠭᠦᠨ ᠤ ᠬᠠᠮᠳᠤ ᠠᠰᠠᠷᠠᠮᠵᠢ ᠶᠢᠨ ᠬᠦᠷᠢᠶᠡᠯᠡᠩ ᠪᠠᠰᠠ ᠠᠵᠢᠯ ᠲᠤᠬᠢᠷᠠᠭᠤᠯᠬᠤ ᠠᠷᠭ᠎ᠠ ᠵᠠᠮ ᠢᠶᠠᠨ ᠪᠦᠲᠦᠮᠵᠢᠳᠡᠢ ᠦᠷᠭᠡᠳᠭᠡᠵᠤ᠂ ᠨᠡᠩ ᠤᠯᠠᠨ ᠨᠠᠰᠤᠨ ᠳᠤ ᠬᠦᠷᠦᠭᠰᠡᠨ ᠬᠡᠦᠬᠡᠳ ᠢ ᠬᠠᠪᠰᠤᠷᠤᠨ ᠲᠤᠬᠢᠷᠠᠮᠵᠢᠳᠠᠢ ᠠᠵᠢᠯ ᠤᠯᠵᠤ ᠦᠭᠴᠦ ᠪᠠᠶᠢᠨ᠎ᠠ ᠬᠡᠯ᠎ᠠ᠃

    ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠶ᠋ᠳᠪᠦᠷᠢᠯᠡᠨ᠎ᠠ᠄ ᠤᠯᠠᠨ ᠲᠦᠮᠡᠨ ᠤ ᠬᠠᠮᠤᠭ ᠤᠨ ᠬᠠᠯᠠᠮᠵᠢᠯᠠᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ ᠠᠴᠠ ᠭᠠᠷᠳᠠᠨ᠎ᠠ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ᠂ ᠠᠵᠤ ᠠᠬᠤᠢ ᠶᠢᠨ ᠨᠡᠮᠡᠭᠳᠡᠯ ᠢ ᠪᠠᠳᠤᠯᠠᠬᠤ ᠶᠢᠨ ᠬᠠᠮᠳᠤ ᠨᠡᠩ ᠴᠢᠬᠤᠯᠠ ᠨᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠰᠡᠳᠬᠢᠴᠡ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠤᠳᠤᠯᠬᠢᠯᠠᠵᠤ ᠪᠠᠶᠢᠭ᠎ᠠ ᠵᠦᠢᠯᠡᠰ ᠢ ᠪᠤᠳᠤᠯᠬᠢᠯᠠᠵᠤ᠂ ᠤᠯᠠᠨ ᠲᠦᠮᠡᠨ ᠤ ᠰᠠᠨᠳᠤᠷᠴᠤ ᠪᠠᠶᠢᠭ᠎ᠠ ᠶᠠᠪᠤᠳᠠᠯ ᠳᠤ ᠰᠠᠨᠳᠤᠷᠴᠤ᠂ ᠤᠯᠠᠨ ᠲᠦᠮᠡᠨ ᠤ ᠬᠦᠴᠢᠷᠳᠡᠵᠦ ᠪᠠᠶᠢᠭ᠎ᠠ ᠶᠠᠪᠤᠳᠠᠯ ᠢ ᠰᠢᠶ᠋ᠳᠪᠦᠷᠢᠯᠡᠵᠦ ᠦᠭᠬᠦ ᠶᠠᠪᠤᠳᠠᠯ ᠪᠤᠯᠤᠨ᠎ᠠ᠃

    2013 ᠤᠨ ᠤ 12 ᠰᠠᠷ᠎ᠠ ᠶᠢᠨ 28 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠡᠬᠡᠵᠢᠩ ᠬᠤᠳᠠ ᠶᠢᠨ ᠬᠠᠶᠢᠳᠢᠶᠠᠨ ᠳᠤᠭᠤᠷᠢᠭ ᠤᠨ ᠰᠧ ᠵᠢᠢ ᠴᠢᠩ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠢᠷᠡᠪᠡ᠃ ᠳᠡᠷᠡ ᠨᠠᠰᠤᠳᠠᠶᠢᠴᠤᠳ ᠤᠨ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠭᠰᠠᠨ ᠤ ᠳᠠᠷᠠᠭ᠎ᠠ᠂ ᠳᠡᠳᠡᠨ ᠠᠴᠠ ᠰᠠᠷ᠎ᠠ ᠶᠢᠨ ᠤᠷᠤᠯᠭ᠎ᠠ ᠨᠢ ᠬᠡᠳᠦᠢ ᠪᠠᠶᠢᠬᠤ᠂ ᠰᠠᠷ᠎ᠠ ᠳᠠᠭᠠᠨ ᠠᠳᠡ ᠬᠡᠳᠦᠢ ᠵᠤᠭᠤᠰ ᠳᠤᠰᠢᠶᠠᠵᠤ ᠪᠠᠶᠢᠬᠤ᠂ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡ ᠪᠠ ᠠᠮᠢᠳᠤᠷᠠᠯ ᠳᠤ ᠬᠠᠨᠤᠮᠵᠢᠳᠠᠢ ᠪᠠᠶᠢᠬᠤ ᠡᠰᠡᠬᠦ᠂ ᠶᠠᠮᠠᠷ ᠰᠠᠨᠠᠯ ᠪᠡ ᠱᠠᠭᠠᠷᠳᠠᠯᠭ᠎ᠠ ᠲᠠᠢ ᠪᠠᠶᠢᠬᠤ ᠳᠤᠬᠠᠢ ᠠᠰᠠᠭᠤᠵᠤ ᠯᠠᠪᠯᠠᠵᠤ ᠪᠠᠶᠢᠯ᠎ᠠ᠃

    ᠰᠧ ᠵᠢᠢ ᠴᠢᠩ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠰᠢ ᠶᠢᠨ ᠫᠢᠩ ᠴᠢᠬᠤᠯᠠᠴᠢᠯᠠᠬᠰᠠᠨ ᠨᠢ᠂ ᠮᠠᠨ ᠤ ᠤᠯᠤᠰ ᠲᠤ ᠨᠠᠰᠤᠳᠠᠶᠢᠴᠤᠳ ᠲᠦᠷᠬᠡᠨ ᠨᠡᠮᠡᠭᠳᠡᠵᠦ ᠪᠠᠶᠢᠨ᠎ᠠ᠂ ᠨᠠᠰᠤᠳᠠᠶᠢᠴᠤᠳ ᠤᠨ ᠦᠢᠯᠡᠴᠢᠯᠡᠬᠡᠨ ᠤ ᠠᠵᠤ ᠦᠢᠯᠡᠰ ᠤᠨ ᠬᠦᠭᠵᠢᠯᠳᠡ ᠬᠠᠷᠢᠴᠠᠩᠭᠤᠢ ᠪᠠᠷ ᠤᠳᠠᠭᠠᠪᠳᠤᠷ ᠪᠠᠶᠢᠭᠰᠠᠭᠠᠷ᠃ ᠲᠦᠷᠢᠮ ᠢᠶᠠᠨ ᠳᠡᠬᠦᠯᠳᠡᠷᠵᠢᠬᠦᠯᠵᠦ᠂ ᠠᠵᠢᠯ ᠢᠶᠠᠨ ᠰᠠᠶᠢᠵᠢᠷᠠᠭᠤᠯᠵᠤ᠂ ᠨᠠᠰᠤᠵᠢᠯ ᠤᠨ ᠠᠵᠤ ᠦᠢᠯᠡᠰ ᠤᠨ ᠤᠯᠠᠨ ᠡᠰᠢᠴᠢᠯᠡᠭᠰᠡᠨ᠂ ᠤᠯᠠᠨ ᠵᠠᠮ ᠰᠤᠪᠠᠬ ᠤᠨ ᠬᠦᠭᠵᠢᠯᠳᠡ ᠶᠢ ᠠᠬᠢᠭᠤᠯᠵᠤ᠂ ᠪᠦᠬᠦ ᠨᠠᠰᠤᠳᠠᠶᠢᠴᠤᠳ ᠢ ᠦᠳᠡᠯᠬᠦ ᠶᠢᠨ ᠦᠵᠦᠬᠦᠷ ᠲᠡᠭᠡᠨ ᠠᠰᠠᠷᠠᠮᠵᠢ ᠶᠢᠨ ᠭᠠᠵᠠᠷ ᠲᠠᠢ᠂ ᠦᠳᠡᠯᠬᠦ ᠶᠢᠨ ᠦᠵᠦᠬᠦᠷ ᠲᠡᠭᠡᠨ ᠦᠮᠦᠭ ᠲᠦᠰᠢᠭ ᠲᠠᠢ᠂ ᠦᠳᠡᠯᠬᠦ ᠶᠢᠨ ᠦᠵᠦᠬᠦᠷ ᠲᠡᠭᠡᠨ ᠪᠠᠶᠠᠷ ᠪᠠᠶᠠᠰᠤᠯ ᠲᠠᠢ᠂ ᠦᠳᠡᠯᠬᠦ ᠶᠢᠨ ᠦᠵᠦᠬᠦᠷ ᠲᠡᠭᠡᠨ ᠰᠡᠳᠬᠢᠯ ᠠᠮᠤᠷ ᠪᠠᠶᠢᠯᠭᠠᠬᠤ ᠬᠡᠷᠡᠭᠳᠡᠢ ᠬᠡᠵᠡᠢ᠃

    《ᠶᠡᠷᠦᠩᠬᠡᠢ ᠱᠦᠵᠢ ᠶᠢᠨ ᠬᠦᠷᠴᠤ ᠢᠷᠡᠭᠰᠡᠨ ᠨᠢ ᠨᠠᠳᠠᠳᠤ ᠮᠠᠰᠢ ᠬᠠᠯᠠᠭᠤᠨ ᠲᠤᠳᠤᠨᠤ ᠰᠠᠨᠠᠭᠳᠠᠯ᠎ᠠ᠂ ᠪᠢᠳᠡ ᠵᠢᠷᠭᠠᠯᠳᠠᠢ ᠦᠳᠡᠯᠵᠦ᠂ ᠠᠮᠢᠳᠤᠷᠠᠯ ᠳᠤ ᠢᠳᠡᠪᠬᠢᠳᠡᠢ ᠤᠪᠤᠷ ᠢᠶᠠᠷ ᠬᠠᠨᠳᠤᠬᠤ ᠬᠡᠷᠡᠭᠳᠡᠢ》ᠬᠡᠵᠦ ᠶᠠᠷᠢᠨ᠎ᠠ᠃

    74 ᠨᠠᠰᠤᠳᠠᠢ ᠯᠢᠦ ᠶᠢᠨ ᠸᠧᠨ ᠨᠠᠰᠤᠳᠠᠨ 2016 ᠤᠨ ᠳᠤ ᠨᠠᠰᠤᠳᠠᠶᠢᠴᠤᠳ ᠤᠨ ᠮᠤᠳᠧᠯ ᠤᠨ ᠠᠩᠬᠢ ᠵᠤᠬᠢᠶᠠᠨ ᠪᠠᠶᠢᠭᠤᠯᠤᠭᠰᠠᠨ ᠪᠦᠬᠡᠳ ᠠᠳᠡ ᠪᠠᠨ ᠦᠷᠬᠦᠯᠵᠢ ᠳᠤᠭᠯᠠᠯᠳᠠ ᠭᠠᠷᠭᠠᠳᠠᠭ ᠪᠢᠯᠡ᠃

    ᠤᠯᠠᠨ ᠲᠦᠮᠡᠨ ᠶᠠᠭᠤ ᠶᠢ ᠬᠠᠯᠠᠮᠵᠢᠯᠠᠵᠤ ᠪᠠᠶᠢᠬᠤ᠂ ᠶᠠᠭᠤ ᠶᠢ ᠬᠦᠰᠡᠨ ᠡᠷᠡᠮᠡᠯᠵᠡᠵᠦ ᠪᠠᠶᠢᠪᠠᠯ ᠦᠬᠡᠷᠡᠴᠢᠯᠡᠯᠳᠡ ᠶᠢᠨ ᠳᠤᠮᠳᠠ ᠡᠬᠦᠨ ᠢ ᠵᠠᠪᠠᠯ ᠠᠳᠬᠤᠵᠤ ᠪᠠᠶᠢᠭᠠᠳ ᠠᠬᠢᠭᠤᠯᠬᠤ ᠬᠡᠷᠡᠭᠳᠡᠢ - ᠡᠨᠡ ᠪᠤᠯ ᠠᠯᠢᠪᠠ ᠦᠬᠡᠷᠡᠴᠢᠯᠡᠯᠳᠡ ᠬᠢᠵᠤ ᠲᠦᠷᠦ ᠪᠠᠷᠢᠬᠤ ᠶᠢᠨ ᠦᠨ᠎ᠡ ᠦᠷᠳᠡᠭ ᠤᠨ ᠬᠠᠨᠳᠤᠯᠭ᠎ᠠ ᠪᠠ ᠦᠨᠳᠦᠰᠦᠨ ᠪᠠᠷᠢᠮᠵᠢᠶ᠎ᠠ ᠪᠤᠯᠤᠨ᠎ᠠ᠃

    ᠭᠢᠷᠢᠨ ᠮᠤᠵᠢ ᠶᠢᠨ ᠶᠠᠨᠪᠢᠶᠠᠨ ᠤ ᠰᠤᠯᠤᠩᠭᠤᠰ ᠦᠨᠳᠦᠰᠦᠳᠡᠨ ᠤ ᠦᠪᠡᠷᠳᠡᠬᠡᠨ ᠵᠠᠰᠬᠠᠤ ᠵᠧᠦ ᠶᠢᠨ ᠡᠾᠧ ᠯᠦᠩ ᠬᠤᠳᠠ ᠶᠢᠨ ᠳ᠋ᠦᠩ ᠴᠧᠩ ᠪᠠᠯᠭᠠᠰᠤ ᠶᠢᠨ ᠭᠤᠸᠠᠩ ᠳ᠋ᠦᠩ ᠳᠤᠰᠬᠤᠨ ᠪᠤᠯ ᠬᠢᠯᠢ ᠬᠢᠵᠠᠭᠠᠷ ᠢᠶᠠᠷ ᠪᠠᠶᠢᠷᠢᠰᠢᠬᠰᠠᠨ ᠰᠤᠯᠤᠩᠭᠤᠰ ᠦᠨᠳᠦᠰᠦᠳᠡᠨ ᠤ ᠳᠤᠰᠬᠤᠨ ᠪᠤᠯᠤᠨ᠎ᠠ᠃ ᠭᠤᠸᠠᠩ ᠳ᠋ᠦᠩ ᠳᠤᠰᠬᠤᠨ ᠳᠤ ᠠᠯᠬᠤᠨ ᠤᠷᠤᠬᠤᠶ᠎ᠠ ᠠᠭᠠᠷ ᠨᠢ ᠰᠢᠨ᠎ᠠ ᠰᠤᠷᠭᠤᠭ᠂ ᠰᠤᠯᠤᠩᠭᠤᠰ ᠦᠨᠳᠦᠰᠦᠳᠡᠨ ᠤ ᠠᠷᠠᠳ ᠤᠨ ᠬᠡᠷ ᠪᠠᠶᠢᠰᠢᠩ ᠮᠦᠷ ᠮᠦᠷ ᠵᠢᠭᠳᠡᠷᠡᠨ᠂ ᠠᠶᠢᠯ ᠡᠷᠦᠬᠡ ᠨᠢᠬᠡᠪᠦᠷᠢ ᠶᠢᠨ ᠴᠠᠶᠢᠪᠤᠷ ᠴᠠᠭᠠᠨ ᠵᠢᠵᠢᠭ ᠬᠦᠷᠢᠶᠡᠡ ᠭᠠᠳᠠᠨ᠎ᠠ᠂ ᠬᠤᠸᠠᠷ ᠴᠡᠴᠡᠭ ᠪᠠᠭᠰᠢᠷᠠᠨ ᠲᠡᠯᠬᠡᠷᠡᠵᠤ᠂ ᠴᠡᠪᠡᠷ ᠴᠡᠮᠴᠡᠬᠡᠷ ᠴᠢᠯᠠᠭᠤᠨ ᠬᠠᠪᠳᠠᠰᠤᠨ ᠵᠠᠮ ᠤᠨ ᠬᠠᠵᠠᠭᠤ ᠪᠠᠷ ᠨᠤᠮᠢᠨ ᠨᠤᠭᠤᠭᠠᠨ ᠮᠤᠳᠤᠳ ᠰᠡᠬᠦ᠋ᠢᠨ᠎ᠠ᠃ ᠡᠬᠦᠳᠡᠨ ᠪᠦᠮᠪᠦᠭᠡ ᠶᠢᠨ ᠳᠠᠯᠠᠪᠠᠢ ᠠᠴᠠ ᠳᠤᠭᠤᠯᠳᠠᠬᠤ ᠪᠠᠶᠠᠰᠤᠯ ᠤᠨ ᠳᠠᠭᠤᠨ ᠡᠨᠡᠬᠦ ᠠᠭᠤᠯᠠᠨ ᠳᠤᠰᠬᠤᠨ ᠳᠤ ᠠᠮᠢᠵᠢᠷᠠᠯ ᠤᠨ ᠬᠦᠴᠦᠨ ᠪᠢᠯᠬᠠᠭᠤᠯᠤᠨ᠎ᠠ᠃ ᠳᠤᠰᠬᠤᠨ ᠤ ᠲᠠᠯᠠ ᠭᠠᠷᠤᠬᠰᠠᠨ ᠰᠦᠩ ᠮᠢᠩ ᠢᠤᠢ ᠨᠠᠰᠤᠳᠠᠨ ᠬᠡᠷ ᠤᠨ ᠡᠬᠦᠳᠡᠨ ᠳᠠᠬᠢ ᠨᠤᠭᠤᠭ᠎ᠠ ᠶᠢᠨ ᠬᠠᠰᠢᠶᠠᠨ ᠳᠠᠭᠠᠨ ᠮᠤᠩᠭᠠᠨᠢᠨ᠎ᠠ᠃

    2015 ᠤᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠶᠠᠨᠪᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠡᠳᠡᠨ ᠤ ᠬᠡᠷ ᠲᠤ ᠬᠦᠷᠴᠤ ᠳᠤᠰᠬᠤᠨ ᠤ ᠠᠷᠠᠳ ᠲᠠᠢ ᠵᠤᠭᠤᠬᠳᠠᠨ ᠶᠠᠷᠢᠯᠴᠠᠬᠰᠠᠨ ᠪᠢᠯᠡ᠃ ᠰᠦᠩ ᠮᠢᠩ ᠢᠤᠢ ᠶᠢᠨ ᠬᠡᠷ ᠲᠤ ᠤᠷᠤᠬᠤ ᠳᠤ᠂ ᠳᠤᠰᠬᠤᠨ ᠤ ᠠᠷᠠᠳ ᠤᠨ ᠶᠡᠷᠦᠩᠬᠡᠢ ᠱᠦᠵᠢ ᠰᠢ ᠶᠢᠨ ᠫᠢᠩ ᠲᠠᠢ ᠶᠠᠷᠢᠯᠴᠠᠭᠰᠠᠨ ᠬᠡᠷᠡᠯ ᠵᠢᠷᠤᠭ ᠢ ᠵᠤᠴᠢᠨ ᠤ ᠦᠷᠦᠬᠡ ᠶᠢᠨ ᠢᠶᠠᠨ ᠬᠠᠮᠤᠭ ᠤᠨ ᠢᠯᠡ ᠭᠠᠵᠠᠷ ᠲᠤ ᠳᠠᠯᠪᠢᠵᠤ ᠪᠠᠶᠢᠯ᠎ᠠ᠃ ᠡᠨᠡ ᠬᠤᠶᠠᠷ ᠵᠢᠯ ᠤᠨ ᠳᠤᠰᠬᠤᠨ ᠤ ᠬᠤᠪᠢᠷᠠᠯᠳᠠ ᠶᠢᠨ ᠳᠤᠬᠠᠢ ᠶᠠᠷᠢᠬᠤ ᠳᠤ ᠰᠦᠩ ᠮᠢᠩ ᠢᠤᠢ᠄ 《ᠳᠤᠰᠬᠤᠨ ᠤ ᠬᠤᠪᠢᠷᠠᠯᠳᠠ ᠮᠠᠰᠢ ᠶᠡᠭᠡ᠂ ᠶᠡᠷᠦᠩᠬᠡᠢ ᠱᠦᠵᠢ ᠮᠠᠨ ᠤ ᠳᠤᠰᠬᠤᠨ ᠳᠤ ᠬᠡᠷᠪᠡ ᠳᠠᠬᠢᠵᠤ ᠢᠷᠡᠪᠡᠯ ᠯᠠᠪᠳᠠᠢ ᠮᠠᠰᠢ ᠪᠠᠶᠠᠷᠯᠠᠬᠤ ᠶᠤᠮ》ᠬᠡᠯ᠎ᠡ᠃

    《ᠬᠤᠶᠠᠷ ᠵᠢᠯ ᠤᠨ ᠡᠮᠦᠨ᠎ᠡ ᠶᠡᠷᠦᠩᠬᠡᠢ ᠱᠦᠵᠢ ᠢᠷᠡᠬᠦ ᠦᠶ᠎ᠡ ᠳᠤ ᠵᠠᠷᠢᠮ ᠳᠤᠰᠬᠤᠨ ᠤ ᠠᠷᠠᠳ ᠤᠯᠠᠮᠵᠢᠯᠠᠯᠳᠤ ᠲᠦᠬᠦᠮ ᠵᠤᠷᠯᠤᠩ ᠬᠡᠷᠡᠭᠯᠡᠵᠦ ᠪᠠᠶᠢᠵᠠᠢ᠂ ᠶᠡᠷᠦᠩᠬᠡᠢ ᠱᠦᠵᠢ ᠳᠤᠰᠬᠤᠨ ᠤ ᠠᠷᠠᠳ ᠲᠤ ᠠᠷᠢᠭᠤᠨ ᠴᠡᠪᠡᠷ ᠵᠤᠷᠯᠤᠩ ᠲᠠᠢ ᠪᠤᠯᠭᠠᠭᠠᠷᠠᠢ ᠬᠡᠵᠦ ᠵᠠᠬᠢᠵᠠᠢ᠃ ᠨᠢᠳᠤᠨᠤᠨ ᠮᠠᠨ ᠤ ᠳᠤᠰᠬᠤᠨ ᠤ ᠡᠷᠦᠬᠡ ᠨᠢᠬᠡᠪᠦᠷᠢ ᠬᠡᠷ ᠲᠤᠳᠤᠷᠠᠬᠢ ᠠᠷᠢᠭᠤᠨ ᠴᠡᠪᠡᠷ ᠤᠨ ᠲᠠᠰᠤᠯᠭ᠎ᠠ ᠲᠠᠢ ᠪᠤᠯᠴᠢᠬᠠᠬᠰᠠᠨ ᠰᠢᠦ᠂ ᠠᠳᠡ ᠪᠢ ᠪᠠᠰᠠ ᠤᠰᠤ ᠬᠠᠯᠠᠭᠤᠯᠬᠤ ᠬᠡᠷᠡᠭᠰᠡᠯ ᠤᠭᠰᠠᠷᠠᠭᠰᠠᠨ》ᠬᠡᠵᠦ ᠰᠦᠡᠭ ᠮᠢᠩ ᠢᠤᠢ ᠴᠡᠪᠡᠷ ᠴᠡᠮᠴᠡᠬᠡᠷ ᠠᠷᠢᠭᠤᠨ ᠴᠡᠪᠡᠷ ᠤᠨ ᠲᠠᠰᠤᠯᠭ᠎ᠠ ᠪᠠᠨ ᠰᠤᠷᠪᠤᠯᠵᠢᠯᠠᠭᠴᠢ ᠳᠤ ᠦᠵᠡᠬᠦᠯᠦᠨ᠎ᠡ᠃

    ᠳ᠋ᠦᠩ ᠴᠧᠩ ᠪᠠᠯᠭᠠᠰᠤ ᠶᠢᠨ ᠵᠠᠰᠠᠭ ᠤᠨ ᠤᠷᠳᠤᠨ ᠨᠢ ᠭᠤᠸᠠᠩ ᠳ᠋ᠦᠩ ᠳᠤᠰᠬᠤᠨ ᠤ 200 ᠭᠠᠷᠤᠢ ᠡᠷᠦᠬᠡ ᠶᠢᠨ ᠲᠦᠬᠦᠮ ᠵᠤᠷᠯᠤᠩ ᠢ ᠪᠦᠬᠦᠨ ᠢ ᠦᠬᠡᠷᠡᠴᠢᠯᠡᠭᠰᠡᠨ ᠢᠶᠠᠷ ᠪᠠᠷᠠᠬᠤ ᠦᠬᠡᠢ ᠳᠤᠰᠬᠤᠨ ᠳᠤ ᠨᠡᠪᠳᠡᠷᠡᠬᠦ ᠰᠢᠷᠤᠢ ᠶᠢᠨ ᠵᠠᠮ ᠢ ᠵᠠᠰᠠᠵᠤ ᠱᠦᠢᠨᠢ ᠵᠠᠮ ᠪᠤᠯᠭᠠᠵᠤ᠂ ᠰᠤᠶᠤᠯ ᠤᠨ ᠠᠭᠤᠳᠠᠮ ᠳᠠᠯᠠᠪᠠᠢ ᠪᠠᠶᠢᠭᠤᠯᠵᠤ᠂ ᠪᠡᠶ᠎ᠠ ᠪᠤᠯᠪᠠᠰᠤᠷᠠᠭᠤᠯᠬᠤ ᠪᠠᠭᠠᠵᠢ ᠬᠡᠷᠡᠭᠰᠡᠯ ᠤᠭᠰᠠᠷᠠᠬᠰᠠᠨ ᠢᠶᠠᠷ ᠦᠳᠡᠰᠢ ᠤᠷᠤᠢ ᠪᠤᠯᠤᠭᠰᠠᠭᠠᠷ ᠳᠤᠰᠬᠤᠨ ᠤ ᠠᠷᠠᠳ ᠠᠭᠤᠳᠠᠮ ᠳᠠᠯᠠᠪᠠᠢ ᠳᠤ ᠬᠦᠷᠴᠦ ᠪᠦᠵᠢᠭ ᠪᠦᠵᠢᠭᠯᠡᠨ ᠪᠡᠶ᠎ᠠ ᠪᠠᠨ ᠪᠤᠯᠪᠠᠰᠤᠷᠠᠨ᠎ᠠ᠃

    ᠠᠷᠠᠳ ᠤᠨ ᠠᠮᠢᠳᠤᠷᠠᠯ ᠤᠨ ᠰᠢᠨ᠎ᠠ ᠱᠠᠭᠠᠷᠳᠠᠯᠭ᠎ᠠ ᠶᠢ ᠳᠠᠰᠤᠷᠠᠯᠳᠠ ᠦᠬᠡᠢ ᠬᠠᠩᠭᠠᠨ᠎ᠠ᠄ ᠠᠵᠤ ᠠᠬᠤᠢ ᠶᠢ ᠬᠦᠭᠵᠢᠬᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠠᠮᠳᠤᠷᠠᠭᠤᠯᠤᠨ ᠪᠡᠶᠡᠯᠡᠬᠦᠯᠦᠨ᠎ᠡ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠤᠯ ᠤᠷᠳᠤ ᠬᠤᠭᠤᠴᠠᠭᠠᠨ ᠤ ᠠᠵᠢᠯ ᠪᠤᠯᠤᠨ᠎ᠠ᠃

    ᠤᠷᠤᠭᠰᠢᠯᠠᠵᠤ ᠶᠠᠪᠤᠬᠤ ᠠᠴᠠ ᠪᠢᠰᠢ ᠡᠴᠦᠰ ᠳᠡᠬᠦᠰᠬᠡᠯ ᠬᠡᠵᠤ ᠪᠠᠶᠢᠳᠠᠭ ᠦᠬᠡᠢ ᠶᠤᠮ᠃ ᠠᠵᠤ ᠠᠬᠤᠢ ᠨᠡᠶᠢᠬᠡᠮ ᠤᠨ ᠬᠦᠭᠵᠢᠯᠳᠡ ᠶᠢ ᠳᠠᠭᠠᠯᠳᠤᠨ᠂ ᠤᠯᠠᠨ ᠲᠦᠮᠡᠨ ᠤ ᠱᠠᠭᠠᠷᠳᠠᠯᠭ᠎ᠠ ᠳᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠳᠠᠯ᠎ᠠ ᠶᠢᠨ ᠤᠨᠴᠠᠯᠢᠭ ᠢᠯᠡᠷᠡᠪᠡ᠃ ᠪᠡᠬᠡᠵᠢᠩ ᠬᠤᠳᠠ ᠶᠢᠨ ᠢᠤᠢ ᠡᠯ ᠭᠤᠳᠤᠮᠵᠢ ᠶᠢᠨ 30 ᠨᠤᠮᠧᠷᠳᠤ ᠬᠦᠷᠢᠶᠡᠨ ᠳᠤ ᠵᠡᠯ᠎ᠠ ᠳᠠᠬᠢ ᠭᠤᠸᠠ ᠪᠤᠯᠪᠠᠰᠤᠷᠠᠵᠤ ᠨᠠᠪᠴᠢ ᠨᠢ ᠢᠭᠴᠢ ᠰᠠᠬᠤᠯᠢᠭ ᠬᠠᠷᠠᠭᠳᠠᠨ᠎ᠠ᠃ 

    3 ᠵᠢᠯ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠠᠳᠡ ᠢᠷᠡᠵᠤ ᠵᠡᠷᠬᠡᠯᠡᠳᠡᠭᠡ ᠠᠶᠢᠯ ᠰᠠᠭᠠᠬᠠᠯᠳᠠ ᠪᠠᠨ ᠡᠷᠬᠢᠨ ᠦᠵᠡᠭᠰᠡᠨ ᠪᠢᠯᠡ᠃ ᠢᠤᠢ ᠡᠾᠧ ᠭᠤᠤᠯ ᠤᠨ ᠬᠠᠵᠠᠭᠤᠳᠡᠬᠢ ᠢᠤᠢ ᠡᠯ ᠭᠤᠳᠤᠮᠵᠢ ᠶᠢᠨ ᠵᠡᠬᠦᠨ ᠵᠠᠬ᠎ᠠ ᠨᠢ ᠡᠮᠦᠨ᠎ᠡ ᠯᠦᠸᠧ ᠬᠦ᠋ ᠭᠤᠳᠤᠮᠵᠢ ᠠᠴᠠ ᠡᠬᠢᠯᠡᠵᠦ᠂ ᠪᠠᠷᠠᠭᠤᠨ ᠵᠠᠬ᠎ᠠ ᠨᠢ ᠳ᠋ᠦᠩ ᠪᠦ᠋ ᠶᠠ ᠬᠦᠬᠦᠷᠬᠡ ᠶᠢᠨ ᠭᠤᠳᠤᠮᠵᠢ ᠳᠤ ᠬᠦᠷᠦᠨ᠎ᠡ᠂ ᠬᠠᠭᠤᠴᠢᠨ ᠪᠡᠬᠡᠵᠢᠩ ᠬᠤᠳᠠ ᠶᠢᠨ ᠡᠷᠦᠬᠡ ᠤᠯᠠᠨᠳᠠᠢ ᠳᠤᠭᠤᠷᠢᠭ ᠪᠤᠯᠤᠨ᠎ᠠ᠃ ᠮᠤᠷᠤᠢ ᠰᠠᠷᠤᠢ ᠢᠪᠴᠤᠤ ᠭᠤᠳᠤᠮᠵᠢ ᠶᠢ ᠳᠠᠭᠠᠵᠤ ᠶᠡᠷᠦᠩᠬᠢ ᠱᠦᠵᠢ ᠰᠢ ᠶᠢᠨ ᠫᠢᠩ ᠰᠠᠭᠤᠭᠠᠯᠢ ᠠᠷᠠᠳ ᠤᠨ ᠬᠡᠷ ᠲᠤ ᠢᠷᠡᠵᠦ ᠪᠠᠶᠢᠴᠠᠭᠠᠨ ᠦᠵᠡᠵᠦ᠂ ᠬᠠᠯᠠᠭᠤᠨ ᠬᠦᠢᠳᠡᠨ ᠢ ᠨᠢ ᠪᠤᠯᠭᠤᠭᠠᠨ ᠠᠰᠠᠭᠤᠵᠤ᠂ ᠳᠡᠳᠡᠨ ᠤ ᠶᠠᠮᠠᠷ ᠠᠵᠢᠯ ᠬᠢᠵᠤ ᠪᠠᠶᠢᠬᠤ᠂ ᠤᠷᠤᠯᠭ᠎ᠠ ᠬᠡᠳᠦᠢ᠂ ᠬᠤᠭᠤᠯᠠ ᠪᠤᠳᠠᠭ᠎ᠠ ᠬᠢᠬᠦ ᠳᠡᠭᠡᠨ ᠶᠠᠭᠤ ᠰᠢᠳᠠᠭᠠᠵᠤ ᠪᠠᠶᠢᠵᠤ᠂ ᠶᠠᠭᠠᠬᠢᠵᠤ ᠬᠡᠷ ᠢᠶᠠᠨ ᠲᠤᠯᠠᠭᠠᠯᠠᠵᠦ ᠪᠠᠶᠢᠬᠤ᠂ ᠵᠤᠷᠯᠤᠩ ᠳᠤ ᠤᠷᠤᠬᠤ ᠳᠤ ᠬᠤᠯᠠ ᠡᠰᠡᠬᠦ ᠳᠤᠬᠠᠢ ᠠᠰᠠᠭᠤᠨ᠎ᠠ᠃ ᠳᠡᠳᠡᠨ ᠤ ᠤᠷᠤᠰᠢᠨ ᠰᠠᠭᠤᠭ᠎ᠠ ᠠᠮᠢᠳᠤᠷᠠᠯ ᠤᠨ ᠨᠦᠬᠦᠴᠡᠯ ᠨᠢ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠪᠠᠷ ᠰᠠᠶᠢᠵᠢᠷᠠᠵᠤ᠂ ᠬᠤᠭᠤᠯᠠ ᠬᠢᠬᠦ ᠳᠡᠭᠡᠨ ᠨᠡᠬᠦᠷᠡᠰᠦᠨ ᠬᠡᠢ ᠬᠡᠷᠡᠭᠯᠡᠵᠦ᠂ ᠴᠠᠬᠢᠯᠭᠠᠨ ᠳᠤᠯᠠᠭᠠᠯᠠᠮᠵᠢ ᠪᠠᠷ ᠬᠡᠷ ᠢᠶᠠᠨ ᠲᠤᠯᠠᠭᠠᠯᠠᠵᠤ ᠪᠠᠶᠢᠬᠤ ᠪᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠨᠢᠬᠡᠨᠳᠡ ᠡᠨᠡᠬᠦ ᠤᠯᠠᠨ ᠡᠷᠦᠬᠡ ᠲᠠᠢ ᠳᠤᠭᠤᠷᠢᠭ ᠢ ᠵᠠᠰᠠᠨ ᠰᠠᠶᠢᠵᠢᠷᠠᠭᠤᠯᠬᠤ ᠲᠦᠯᠦᠪᠵᠢᠬᠦᠯᠬᠡ ᠳᠤ ᠤᠷᠤᠭᠤᠯᠤᠭᠰᠠᠨ ᠬᠡᠳᠡᠭ ᠢ ᠰᠤᠨᠤᠰᠤᠭᠠᠳ ᠰᠢ ᠶᠢᠨ ᠫᠢᠩ ᠮᠠᠰᠢ ᠪᠠᠶᠠᠷᠯᠠᠪᠠ᠃

    ᠵᠡᠷᠬᠡᠯᠡᠳᠡᠭᠡ ᠠᠶᠢᠯ ᠤᠨ 60 ᠨᠠᠰᠤᠳᠠᠢ ᠵᠤᠸᠠᠩ ᠪᠤᠤ ᠶᠢᠨ ᠡᠷᠬᠢᠴᠡᠬᠦᠯᠬᠦ ᠪᠠᠷ᠂ ᠳᠡᠷᠡ ᠡᠳᠦᠷ ᠤᠨ ᠦᠳᠡ ᠳᠤ ᠶᠡᠷᠦᠩᠬᠡᠢ ᠱᠦᠵᠢ ᠪᠤᠯᠤᠨ ᠠᠶᠢᠯ ᠵᠡᠷᠬᠡᠯᠡᠳᠡᠭᠡ ᠶᠢᠨ ᠬᠢᠨ ᠲᠠᠢ ᠪᠠᠭ᠎ᠠ ᠶᠢᠨ ᠦᠶ᠎ᠠ ᠶᠢᠨ ᠮᠤᠳᠤᠨ ᠲᠦᠯᠡᠰᠢ ᠬᠠᠭᠠᠯᠵᠤ ᠪᠠᠶᠢᠭᠰᠠᠨ᠂ ᠨᠡᠬᠦᠷᠡᠰᠦᠨ ᠪᠦᠮᠪᠦᠭᠡ ᠰᠢᠳᠠᠭᠠᠵᠤ ᠪᠠᠶᠢᠭᠰᠠᠨ᠂ ᠡᠪᠦᠯ ᠤᠨ ᠴᠠᠭ ᠲᠤ ᠲᠤᠮᠤ ᠬᠦᠷᠢᠶᠡᠨ ᠤ ᠤᠰᠤᠨ ᠭᠠᠩ ᠠᠴᠠ ᠤᠰᠤ ᠳᠤᠰᠴᠤ ᠪᠠᠶᠢᠭᠰᠠᠨ ᠳᠤᠬᠠᠢ ᠪᠠᠨ ᠶᠠᠷᠢᠯᠴᠠᠯ᠎ᠠ ᠬᠡᠯ᠎ᠡ᠃ ᠤᠳᠤ ᠵᠤᠸᠠᠩ ᠪᠤᠤ ᠶᠢᠨ ᠨᠢᠬᠡ ᠬᠡᠷ ᠢᠶᠠᠷ ᠢᠶᠠᠨ ᠤᠤᠯ ᠤᠨ《ᠨᠢᠬᠡ ᠳᠠᠰᠤᠯᠭ᠎ᠠ ᠬᠡᠷ ᠤᠨ ᠬᠠᠭᠠᠰ ᠨᠢ ᠬᠠᠨᠵᠤ》 ᠲᠠᠢ ᠬᠠᠭᠤᠴᠢᠨ ᠪᠠᠶᠢᠰᠢᠩ ᠠᠴᠠ ᠪᠠᠨ 92 ᠳᠡᠭᠰᠢ ᠲᠦᠷᠪᠡᠯᠵᠢᠨ ᠮᠧᠲ᠋ᠷ ᠤᠨ ᠬᠤᠶᠠᠷ ᠳᠠᠰᠤᠯᠭ᠎ᠠ ᠦᠷᠦᠬᠡ ᠲᠠᠢ ᠬᠡᠷ ᠲᠤ ᠨᠡᠬᠦᠪᠡ᠃ ᠰᠢᠨ᠎ᠡ ᠬᠡᠷ ᠤᠨ ᠳᠤᠬᠠᠢ ᠪᠠᠨ ᠶᠠᠷᠢᠬᠤ ᠳᠤ ᠵᠤᠸᠠᠩ ᠪᠤᠤ ᠴᠢᠷᠠᠢ ᠲᠦᠬᠦᠷᠡᠩ ᠢᠨᠢᠶᠡᠳᠤ ᠪᠢᠯᠬᠠᠭᠤᠯᠤᠨ᠄ 《ᠮᠠᠨ ᠤ ᠭᠤᠳ᠋ᠤᠮᠵᠢ ᠶᠢᠨ ᠰᠠᠭᠤᠭᠠᠯᠢ ᠠᠷᠠᠳ ᠠᠮᠤᠷ ᠰᠠᠶᠢᠬᠠᠨ ᠰᠠᠭᠤᠬᠤ ᠵᠡᠬᠦᠳᠤ ᠪᠠᠨ ᠳᠡᠷᠬᠡᠯᠰᠢᠬᠦᠯᠦᠭᠰᠡᠨ ᠰᠢᠦ ᠬᠡᠵᠤ ᠶᠠᠷᠦᠩᠬᠡᠢ ᠱᠦᠵᠢ ᠳᠡᠭᠡᠨ ᠬᠡᠯᠡᠶ᠎ᠡ ᠬᠡᠵᠦ ᠪᠤᠳᠤᠵᠤ ᠪᠠᠶᠢᠨ᠎ᠠ》 ᠬᠡᠯ᠎ᠡ᠃

    ᠰᠤᠷᠭᠠᠨ ᠬᠦᠮᠦᠵᠢᠯ ᠠᠴᠠ ᠡᠮ ᠡᠮᠨᠡᠯᠬᠡ ᠬᠦᠷᠳᠡᠯ᠎ᠡ᠂ ᠠᠵᠢᠯ ᠤᠯᠭᠤᠯᠳᠠ ᠶᠢᠨ ᠤᠷᠤᠯᠭ᠎ᠠ ᠠᠴᠠ ᠨᠡᠶᠢᠬᠡᠮ ᠤᠨ ᠪᠠᠳᠤᠯᠠᠪᠤᠷᠢ ᠬᠦᠷᠳᠡᠯ᠎ᠡ᠂ ᠤᠷᠤᠰᠢᠨ ᠰᠠᠭᠤᠬᠤ ᠨᠦᠬᠦᠴᠡᠯ ᠠᠴᠠ ᠤᠶᠤᠨ ᠰᠠᠨᠠᠭ᠎ᠠ ᠰᠤᠶᠤᠯ ᠤᠨ ᠠᠮᠢᠳᠤᠷᠠᠯ ᠬᠦᠷᠳᠡᠯ᠎ᠡ᠂ ᠳᠠᠪᠤᠨ ᠵᠢᠯ ᠤᠨ ᠳᠤᠷᠰᠢ᠂ ᠠᠵᠤ ᠠᠬᠤᠢ ᠶᠢᠨ ᠪᠠᠭᠤᠷᠠᠯᠳᠠ ᠶᠢᠨ ᠳᠠᠷᠤᠯᠳᠠ ᠬᠠᠷᠢᠴᠠᠩᠭᠤᠢ ᠶᠡᠭᠡ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠵᠤ ᠪᠠᠶᠢᠬᠤ ᠪᠠᠶᠢᠳᠠᠯ ᠳᠤᠤᠷ᠎ᠠ᠂ ᠠᠷᠠᠳ ᠤᠨ ᠠᠮᠢᠳᠤᠷᠠᠯ ᠤᠨ ᠵᠢᠭᠠᠯᠳᠠ ᠳᠤᠭ᠎ᠠ ᠬᠠᠷᠢᠨ ᠳᠡᠬᠡᠭᠰᠢᠯᠡᠵᠦ᠂ ᠤᠯᠠᠨ ᠲᠦᠮᠡᠨ ᠤ ᠠᠮᠢᠳᠤᠷᠠᠯ ᠰᠢᠨ᠎ᠠ ᠠᠬᠢᠴᠠ ᠲᠠᠢ ᠪᠤᠯᠪᠠ᠃

    ᠬᠠᠶᠢᠨᠠᠨ ᠮᠤᠵᠢ ᠶᠢᠨ ᠰᠠᠨᠶᠠ ᠶᠢᠨ ᠶᠠ ᠯᠦᠩ ᠸᠠᠨ ᠤ ᠬᠠᠪᠢ ᠶᠢᠨ ᠪᠦᠸᠧ ᠡᠾᠧᠦ ᠳᠤᠰᠬᠤᠨ ᠳᠤ᠂ ᠠᠭᠤᠯᠠ ᠳᠠᠯᠠᠢ ᠶᠢ ᠳᠤᠭᠤᠷᠢᠭᠰᠠᠨ ᠬᠡᠰᠡᠭ ᠭᠠᠵᠠᠷ ᠦᠨᠡᠬᠡᠷ ᠦᠵᠡᠰᠬᠦᠯᠡᠩ ᠰᠠᠶᠢᠬᠠᠨ ᠴᠡᠴᠡᠭ ᠤᠨ ᠳᠠᠯᠠᠢ ᠪᠠᠶᠢᠯ᠎ᠠ᠃ ᠪᠦᠸᠧ ᠡᠾᠧᠦ ᠳᠤᠰᠬᠤᠨ ᠪᠤᠯ ᠯᠢ ᠦᠨᠳᠦᠰᠦᠳᠡᠨ ᠤ ᠳᠤᠰᠬᠤᠨ ᠪᠤᠯᠤᠨ᠎ᠠ᠃ ᠳᠤᠰᠬᠤᠨ ᠤ ᠭᠠᠵᠠᠷ ᠰᠢᠷᠤᠢ ᠶᠢᠨ ᠤᠯᠠᠩᠬᠢ ᠨᠢ ᠬᠤᠵᠢᠷᠯᠢᠭ ᠭᠠᠵᠠᠷ ᠪᠤᠯᠬᠤᠷ ᠳᠠᠷᠢᠶᠠᠴᠢᠳ ᠵᠢᠮᠢᠰ ᠨᠤᠭᠤᠭ᠎ᠠ ᠪᠠ ᠤᠰᠤᠨ ᠳᠤᠳᠤᠷᠭ᠎ᠠ ᠳᠠᠷᠢᠭᠠᠳ ᠦᠷ᠎ᠠ ᠠᠰᠢᠭ ᠨᠢ ᠠᠨᠠᠢ᠂ ᠤᠷᠤᠯᠭ᠎ᠠ ᠪᠠᠨ ᠨᠡᠮᠡᠭᠳᠡᠬᠦᠯᠬᠦ ᠳᠤ ᠮᠠᠰᠢ ᠬᠦᠴᠢᠷ ᠪᠠᠶᠢᠯ᠎ᠠ᠃

    2009 ᠤᠨ ᠳᠤ᠂ ᠯᠠᠨ ᠳ᠋ᠧ ᠤᠯᠠᠨ ᠤᠯᠤᠰ ᠤᠨ ᠮᠧᠢ ᠬᠦᠢ ᠭᠦ᠋ ᠬᠦᠭᠵᠢᠯᠳᠡ ᠶᠢᠨ ᠬᠢᠵᠠᠭᠠᠷᠳᠤ ᠺᠤᠮᠫᠠᠨᠢ ᠠᠳᠡ ᠨᠤᠳᠤᠭᠰᠢᠨ᠂ ᠪᠦᠸᠧ ᠡᠾᠧᠦ ᠳᠤᠰᠬᠤᠨ ᠤ ᠬᠠᠮᠳᠤ ᠨᠡᠶᠢᠳᠡ ᠶᠢᠨ ᠭᠠᠵᠠᠷ ᠠᠴᠠ 2000 ᠮᠦ ᠲᠦᠷᠢᠶᠡᠰᠦᠯᠡᠨ ᠬᠡᠷᠡᠭᠯᠡᠵᠦ᠂ ᠬᠦᠷᠦᠰᠦ ᠰᠢᠷᠤᠢ ᠶᠢ ᠨᠢ ᠰᠠᠶᠢᠵᠢᠷᠠᠭᠤᠯᠤᠭᠰᠠᠨ ᠤ ᠳᠠᠷᠠᠭ᠎ᠠ 1000 ᠭᠠᠷᠤᠢ ᠮᠦ ᠰᠠᠷᠭᠠᠢ ᠴᠡᠴᠡᠭ ᠳᠠᠷᠢᠵᠤ᠂ ᠬᠦᠳᠡᠭᠡ ᠳᠤᠰᠬᠤᠨ ᠤ ᠬᠦᠳᠡᠯᠮᠦᠷᠢ ᠬᠦᠴᠦᠨ ᠢ ᠬᠦᠯᠢᠶᠡᠨ ᠠᠪᠴᠤ ᠬᠦᠷᠢᠶᠡᠯᠡᠩ ᠳᠡᠭᠡᠨ ᠠᠵᠢᠯ ᠤᠯᠭᠤᠪᠠ᠃

    2013 ᠤᠨ ᠳᠤ᠂ ᠶᠡᠷᠦᠩᠬᠡᠢ ᠱᠦᠵᠢ ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠠᠳᠡ ᠢᠷᠡᠵᠦ᠂ ᠠᠵᠤ ᠠᠬᠤᠢᠢᠯᠠᠯ ᠤᠨ ᠬᠢᠨ ᠲᠠᠢ ᠬᠦᠭᠵᠢᠯᠳᠡ ᠶᠢᠨ ᠳᠤᠬᠠᠢ ᠶᠠᠷᠢᠯᠴᠠᠵᠤ᠂ ᠳᠠᠷᠢᠶᠠᠴᠢᠳ ᠲᠠᠢ ᠤᠷᠤᠯᠭ᠎ᠠ ᠪᠠᠨ ᠨᠡᠮᠡᠭᠳᠡᠬᠦᠯᠬᠦ ᠳᠤᠬᠠᠢ ᠵᠤᠭᠤᠬᠳᠠᠨ《ᠴᠢᠨᠡᠬᠡᠯᠢᠭ ᠪᠠ ᠴᠢᠨᠡᠬᠡᠯᠢᠭ ᠪᠤᠰᠤ ᠶᠢᠨ ᠵᠠᠩᠬᠢᠯᠠᠭ᠎ᠠ ᠶᠢ ᠤᠯᠠᠨ ᠲᠦᠮᠡᠨ ᠤ ᠬᠦᠭᠵᠢᠯᠳᠡ ᠠᠴᠠ ᠦᠵᠡᠨ᠎ᠠ》 ᠬᠡᠬᠦ ᠬᠦᠨ ᠰᠡᠳᠬᠢᠯᠬᠡ ᠪᠦᠬᠦᠢ ᠬᠦᠰᠡᠯ ᠨᠠᠶᠢᠳᠠᠯᠭ᠎ᠠ ᠳᠠᠯᠪᠢᠭᠰᠠᠨ ᠪᠠᠶᠢᠯ᠎ᠠ᠃

    ᠶᠡᠷᠦᠩᠬᠡᠢ ᠱᠦᠵᠢ ᠰᠢ ᠶᠢᠨ ᠫᠢᠩ ᠮᠧᠢ ᠬᠦᠢ ᠬᠦ᠋ ᠺᠤᠮᠫᠠᠨᠢ ᠶᠢᠨ ᠠᠯᠪᠠᠨ ᠠᠰᠠᠷ ᠤᠨ ᠡᠮᠦᠨ᠎ᠡ ᠠᠵᠢᠯᠳᠠᠨ ᠲᠠᠢ ᠶᠠᠷᠢᠯᠴᠠᠬᠤ ᠦᠶ᠎ᠠ ᠳᠤ᠂ ᠠᠳᠡᠬᠢ ᠠᠵᠢᠯᠳᠠᠨ ᠯᠢ ᠢᠤᠢ ᠮᠧᠢ ᠶᠢᠨ ᠬᠦᠷᠬᠡᠭᠰᠡᠨ ᠪᠦᠷᠬᠦ ᠮᠠᠯᠠᠭᠠᠢ ᠶᠢ ᠳᠤᠰᠴᠤ ᠠᠪᠤᠭᠠᠳ ᠵᠡᠬᠦᠭᠰᠡᠨ ᠨᠢ ᠬᠦᠮᠦᠰ ᠲᠤ ᠬᠠᠯᠠᠭᠤᠨ ᠲᠤᠳᠤᠨᠤ ᠲᠦᠷᠢ ᠲᠦᠷᠬᠦ ᠦᠯᠡᠳᠡᠬᠡᠭᠰᠡᠨ ᠪᠠᠶᠢᠯ᠎ᠠ᠃ ᠯᠢ ᠢᠤᠢ ᠮᠧᠢ᠄ 《ᠶᠡᠷᠦᠩᠬᠡᠢ ᠱᠦᠵᠢ ᠰᠢ ᠶᠢᠨ ᠫᠢᠩ ᠨᠠᠳᠠ ᠠᠴᠠ ᠬᠡᠷ ᠤᠨ ᠠᠮᠢᠳᠤᠷᠠᠯ ᠤᠨ ᠪᠠᠶᠢᠳᠠᠯ ᠢ ᠠᠰᠠᠭᠤᠵᠤ ᠪᠠᠰᠠ ᠨᠠᠳᠠᠳᠤ ᠨᠠᠷᠢᠨ ᠳᠠᠩᠰᠠ ᠪᠤᠳᠤᠵᠤ ᠦᠭᠬᠦᠭᠰᠡᠨ》 ᠬᠡᠯ᠎ᠡ᠃

    ᠯᠢ ᠢᠤᠢ ᠮᠧᠢ ᠶᠢᠨ ᠬᠢᠨ ᠳ᠋ᠠ ᠮᠤᠤ ᠳᠤᠰᠬᠤᠨ ᠳᠤ ᠰᠠᠭᠤᠳᠠᠭ᠂ ᠬᠦᠷᠢᠶᠡᠯᠡᠩ ᠳᠤᠭᠤᠷᠢᠭ ᠲᠤ ᠢᠷᠡᠵᠦ ᠬᠦᠯᠦᠰᠦᠨ ᠠᠵᠢᠯ ᠬᠢᠬᠦ ᠠᠴᠠ ᠡᠮᠦᠨ᠎ᠡ᠂ ᠬᠡᠷ ᠤᠨ ᠭᠤᠤᠯ ᠤᠷᠤᠯᠭ᠎ᠠ ᠨᠢ ᠤᠰᠤᠨ ᠲᠤᠳᠤᠷᠭ᠎ᠠ ᠪᠠ ᠭᠤᠸᠠ ᠨᠤᠭᠤᠭ᠎ᠠ ᠳᠠᠷᠢᠵᠤ᠂ ᠬᠡᠷ ᠤᠨ ᠠᠮᠢᠳᠤᠷᠠᠯ ᠢᠶᠠᠨ ᠠᠷᠭᠠᠴᠠᠵᠤ ᠬᠡᠦᠬᠡᠳ ᠢᠶᠠᠨ ᠪᠢᠴᠢᠭ ᠦᠵᠡᠬᠦᠯᠵᠦ ᠪᠠᠶᠢᠵᠠᠢ᠃ ᠮᠧᠢ ᠬᠦᠢ ᠬᠦ᠋ ᠳᠤ ᠢᠷᠡᠵᠦ ᠠᠵᠢᠯᠯᠠᠭᠰᠠᠨ ᠤ ᠳᠠᠷᠠᠭ᠎ᠠ᠂ ᠳᠡᠷᠡ ᠴᠡᠴᠡᠭ ᠬᠤᠸᠠᠷ ᠵᠠᠰᠠᠬᠤ᠂ ᠡᠪᠡᠰᠦ ᠠᠷᠢᠯᠭᠠᠬᠤ ᠵᠡᠷᠬᠡ ᠠᠵᠢᠯ ᠬᠢᠵᠦ᠂ ᠡᠷ᠎ᠠ ᠨᠦᠬᠦᠷ ᠨᠢ ᠴᠤ ᠬᠦᠷᠢᠶᠡᠯᠡᠩ ᠳᠤᠭᠤᠷᠢᠭ ᠲᠤ ᠠᠵᠢᠯᠯᠠᠵᠤ᠂ ᠤᠳᠤᠬᠠᠨ ᠳᠤ ᠡᠳᠡ ᠬᠤᠶᠠᠭᠤᠯᠠ ᠶᠢᠨ ᠰᠠᠷ᠎ᠠ ᠶᠢᠨ ᠤᠷᠤᠯᠭ᠎ᠠ ᠨᠢ 6000 ᠲᠦᠬᠦᠷᠢᠭ ᠢ ᠳᠠᠪᠠᠵᠤ ᠪᠠᠶᠢᠨ᠎ᠠ᠃ ᠠᠵᠤ ᠦᠢᠯᠡᠰ ᠤᠨ ᠬᠦᠷᠢᠶᠡᠯᠡᠩ ᠨᠢ ᠤᠢᠢᠷ᠎ᠠ ᠬᠠᠪᠢ ᠶᠢᠨ ᠬᠦᠳᠡᠭᠡ ᠳᠤᠰᠬᠤᠨ ᠢ ᠳᠠᠶᠢᠴᠢᠯᠠᠵᠤ᠂ ᠰᠢᠨ᠎ᠡ ᠡᠵᠡᠩᠨᠡᠯᠳᠡ ᠶᠢᠨ ᠬᠡᠯᠪᠡᠷᠢ ᠶᠢ ᠪᠤᠢ ᠪᠤᠯᠭᠠᠵᠤ᠂ ᠪᠦᠸᠧ ᠡᠾᠧᠦ ᠳᠤᠰᠬᠤᠨ ᠤᠳᠤᠬᠠᠨ ᠳᠤ ᠰᠠᠷᠭᠠᠢ ᠶᠢᠨ ᠤᠨᠴᠠᠯᠢᠭᠳᠤ ᠠᠷᠠᠳ ᠤᠨ ᠬᠤᠨᠤᠭ ᠤᠨ ᠭᠠᠵᠠᠷ ᠢ 13 ᠨᠡᠬᠡᠬᠡᠪᠡ᠃

    ᠡᠨᠡ ᠵᠢᠯ ᠤᠨ 1 ᠰᠠᠷ᠎ᠠ ᠳᠤ᠂ ᠳᠤᠰᠬᠤᠨ ᠤ ᠠᠷᠠᠳ ᠲᠠᠨ ᠵᠦᠩ ᠰᠢᠶᠠᠨ ᠲᠦᠷᠦᠯ ᠰᠠᠳᠤᠨ ᠲᠠᠢ ᠪᠠᠨ ᠦᠪᠡᠷ ᠤᠨ ᠬᠡᠷ ᠢᠶᠠᠨ ᠵᠠᠰᠠᠨ ᠦᠬᠡᠷᠡᠴᠢᠯᠡᠵᠦ᠂ ᠬᠤᠨᠤᠭ ᠪᠠᠭᠤᠳᠠᠯ ᠪᠤᠯᠭᠠᠵᠤ᠂ ᠬᠡᠷ ᠠᠴᠠ ᠪᠠᠨ ᠭᠠᠷᠬᠤ ᠦᠬᠡᠢ ᠪᠠᠷ ᠵᠤᠭᠠᠴᠠᠯ ᠤᠨ ᠤᠷᠤᠯᠭ᠎ᠠ ᠤᠯᠬᠤ ᠪᠤᠯᠵᠠᠢ᠃ ᠬᠤᠨᠤᠭ ᠤᠨ ᠭᠠᠵᠠᠷ ᠤᠨ 30 ᠦᠷᠦᠬᠡ ᠶᠢᠨ ᠬᠢᠨᠢ ᠬᠤᠨᠤᠭᠯᠠᠬᠤ ᠨᠤᠷᠮ᠎ᠠ ᠨᠢ 90% ᠠᠴᠠ ᠲᠠᠪᠠᠵᠦ᠂ ᠪᠠᠶᠠᠷ ᠳᠤᠷᠠᠰᠬᠠᠯ ᠤᠨ ᠡᠳᠦᠷ ᠪᠤᠯᠤᠭᠰᠠᠭᠠᠷ ᠨᠢᠬᠡ ᠳᠠᠰᠤᠯᠭ᠎ᠠ ᠬᠡᠷ ᠤᠯᠬᠤ ᠳᠤ ᠴᠤ ᠬᠦᠴᠢᠷ ᠪᠠᠶᠢᠯ᠎ᠠ᠃

    ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠵᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠪᠤᠯ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠬᠦᠰᠡᠯ ᠡᠷᠡᠮᠡᠯᠵᠡᠯ ᠪᠤᠯᠤᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ᠂ ᠰᠠᠯᠬᠢ ᠶᠢ ᠰᠦᠷᠴᠤ ᠳᠠᠪᠠᠯᠭᠠᠨ ᠢ ᠵᠦᠰᠦᠨ᠂ ᠡᠷᠡᠮᠡᠬᠡᠶᠢᠯᠡᠨ ᠲᠡᠮᠡᠴᠡᠵᠦ᠂ ᠨᠡᠩ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠨ ᠪᠠᠶᠢᠭᠤᠯᠬᠤ ᠨᠢ ᠯᠠᠪᠳᠠᠢ ᠶᠤᠮ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121793759