蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠴᠠᠩ ᠵᠧᠩ ᠠᠴᠢᠶᠠᠨ ᠤ ᠳᠡᠶᠢᠷᠦᠯᠳᠦ ᠶᠢ 252 ᠤᠳᠠᠭ᠎ᠠ ᠬᠦᠬᠡᠷᠬᠡᠵᠡᠢ

2017-10-13 11:35

    ᠰᠢᠨᠬᠤᠧᠠ ᠬᠤᠷᠢᠶ᠎ᠠ   ᠪᠡᠬᠡᠵᠢᠩ ᠤᠨ 10 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠮᠤᠤ ᠵᠧᠨ ᠬᠤᠧᠠ᠂ ᠢᠤᠢ ᠰᠢᠶᠤᠤ ᠵᠢᠶᠧ) ᠰᠠᠶ᠊ᠢᠬᠠᠨ᠂ ᠠᠴᠢᠶᠠᠨ ᠤ ᠳᠡᠶᠢᠷᠦᠯᠳᠦ ᠴᠤᠪᠤᠷᠠᠯ ᠤᠨ ᠳ᠋ᠢᠽᠠᠶᠢᠨᠧᠷ᠂ ᠳᠤᠮᠳᠠᠳᠤ ᠤᠯᠤᠰ ᠤᠨ ᠢᠨᠵᠧᠨᠧᠷᠢᠩ ᠤᠨ ᠠᠺᠠᠳᠧᠮᠢ ᠶᠢᠨ ᠠᠺᠠᠳᠧᠮᠢᠴᠢ ᠯᠦᠩ ᠯᠧ ᠬᠤᠤ ᠪᠡᠬᠡᠵᠢᠩ ᠤᠨ ᠠᠭᠠᠷ ᠠᠶᠠᠯᠠᠯ ᠤᠨ ᠶᠡᠬᠡ ᠰᠤᠷᠭᠠᠭᠤᠯᠢ ᠳᠤ ᠶᠠᠷᠢᠶ᠎ᠠ ᠢᠯᠡᠳᠬᠡᠯ ᠬᠢᠬᠦ ᠳ᠋ᠡᠬᠡᠨ᠂ ᠮᠠᠨ ᠤ ᠤᠯᠤᠰ ᠤᠳᠤ ᠪᠤᠯᠳᠠᠯ᠎ᠠ ᠴᠠᠩ ᠵᠧᠩ ᠠᠴᠢᠶᠠᠨ ᠤ ᠳᠡᠶᠢᠷᠦᠯᠳᠦ ᠶᠢ ᠨᠡᠶᠢᠳᠡ 252 ᠤᠳᠠᠭ᠎ᠠ ᠬᠦᠬᠡᠷᠬᠡᠵᠤ᠂ 344 ᠰᠠᠨᠰᠠᠷ ᠤᠨ ᠬᠡᠷᠡᠭᠰᠡᠯ ᠢ ᠳᠤᠭᠳᠠᠭᠰᠨᠨ ᠵᠢᠮ ᠳᠤ ᠠᠮᠵᠢᠯᠳᠠ ᠲᠠᠢ ᠤᠷᠤᠭᠤᠯᠤᠭᠰᠠᠨ ᠢᠶᠡᠷ ᠰᠠᠨᠰᠠᠷ ᠤᠨ ᠬᠡᠷᠡᠭᠰᠡᠯ ᠢ ᠡᠯ᠎ᠡ ᠳᠦᠷᠦᠯ ᠤᠨ ᠯᠠᠪᠦᠶ᠋ᠷᠠᠲ᠋ᠤᠷᠢ ᠶᠢᠨ ᠵᠢᠮ ᠳᠤ ᠬᠦᠷᠬᠡᠬᠦ ᠴᠢᠳᠠᠪᠤᠷᠢ ᠲᠠᠢ ᠪᠤᠯᠤᠭᠰᠠᠨ ᠢ ᠬᠠᠷᠠᠭᠤᠯᠤᠭᠰᠠᠨ ᠬᠡᠵᠡᠢ᠃

    1970 ᠤᠨ ᠳᠤ᠂ ᠴᠠᠩ ᠵᠧᠩ ᠨᠢᠬᠡ ᠨᠤᠮᠧᠷᠳᠤ ᠳᠡᠶᠢᠷᠦᠯᠳᠦ ᠶᠢ ᠠᠮᠵᠢᠯᠳᠠ ᠲᠠᠢ ᠬᠦᠬᠡᠷᠬᠡᠭᠰᠡᠨ ᠢᠶᠡᠷ ᠳᠤᠮᠳᠠᠳᠤ ᠤᠯᠤᠰ ᠤᠨ ᠰᠠᠨᠰᠠᠷ ᠦᠢᠯᠡᠰ ᠤᠨ ᠠᠵᠢᠯᠯᠠᠭ᠎ᠠ ᠭᠠᠷᠤᠭ᠎ᠠ ᠪᠡᠨ ᠠᠪᠤᠭᠰᠠᠨ ᠶᠤᠮ᠃ 1985 ᠤᠨ ᠳᠤ᠂ ᠴᠠᠩ ᠵᠧᠩ ᠳᠡᠶᠢᠷᠦᠯᠳᠦ ᠤᠯᠠᠨ ᠤᠯᠤᠰ ᠤᠨ ᠬᠤᠳᠠᠯᠳᠤᠭᠠᠨ ᠤ ᠦᠢᠯᠡᠰ ᠤᠨ ᠬᠦᠬᠡᠷᠬᠡᠯᠳᠡ ᠳᠤ ᠤᠷᠤᠭᠰᠠᠨ ᠬᠡᠮᠡᠨ ᠮᠠᠨ ᠤ ᠤᠯᠤᠰ ᠡᠴᠡ ᠵᠠᠷᠯᠠᠵᠤ᠂ 1990 ᠤᠨ ᠤ 4 ᠰᠠᠷ᠎ᠠ ᠳᠤ ᠠᠽᠢᠶ᠎ᠠ ᠨᠢᠬᠡ ᠨᠤᠮᠧᠷᠳᠤ ᠶᠢ ᠠᠮᠵᠢᠯᠳᠠ ᠲᠠᠢ ᠬᠦᠬᠡᠷᠬᠡᠭᠰᠡᠨ ᠡᠴᠡ ᠤᠳᠤ ᠪᠤᠯᠳᠠᠯ᠎ᠠ ᠤᠯᠠᠨ ᠤᠯᠤᠰ ᠤᠨ ᠬᠤᠳᠠᠯᠳᠤᠭᠠᠨ ᠤ ᠳᠠᠭᠠᠭᠤᠯᠢ ᠶᠢ ᠨᠡᠶᠢᠳᠡ 57 ᠤᠳᠠᠭ᠎ᠠ ᠬᠦᠬᠡᠷᠬᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121798562