蒙古文网站Logo
ᠰᠢᠨᠬᠤᠸᠠ ᠮᠤᠩᠭ᠋ᠤᠯ ᠨᠧᠲ

ᠳᠦᠪ ᠤᠨ ᠴᠡᠷᠢᠭ᠌ ᠤᠨ ᠶᠠᠪᠤᠳᠠᠯ ᠤᠨ ᠬᠤᠷᠢᠶ᠎ᠠ ᠡᠴᠡ ᠰᠠᠨᠰᠠᠷᠴᠢᠨ ᠤ ᠶᠡᠬᠡ ᠠᠩᠬᠢ ᠳᠤ ᠨᠢᠬᠡᠳᠦᠬᠡᠷ ᠳᠡᠰ ᠤᠨ ᠭᠠᠪᠢᠶ᠎ᠠ ᠳᠡᠮᠳᠡᠭᠯᠡᠭᠰᠡᠨ ᠪᠠᠶᠠᠷ ᠢ ᠪᠡᠯᠬᠡᠯᠡᠬᠦ ᠶᠡᠬᠡ ᠬᠤᠷᠠᠯ ᠬᠤᠷᠠᠯᠳᠤᠪᠠ

2017-10-14 10:54

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠬᠦᠧᠧ ᠯᠢ᠂ ᠵᠤᠤ ᠵᠢᠨ ᠯᠦᠩ) ᠳᠦᠪ ᠤᠨ ᠴᠡᠷᠢᠭ᠌ ᠤᠨ ᠶᠠᠪᠤᠳᠠᠯ ᠤᠨ ᠬᠤᠷᠢᠶ᠎ᠠ ᠡᠴᠡ ᠰᠠᠨᠰᠠᠷᠴᠢᠨ ᠤ ᠶᠡᠬᠡ ᠠᠩᠬᠢ ᠳᠤ ᠨᠢᠬᠡᠳᠦᠬᠡᠷ ᠳᠡᠰ ᠤᠨ ᠭᠠᠪᠢᠶ᠎ᠠ ᠳᠡᠮᠳᠡᠭᠯᠡᠭᠰᠡᠨ ᠪᠠᠶᠠᠷ ᠢ ᠪᠡᠯᠬᠡᠯᠡᠬᠦ ᠶᠡᠬᠡ ᠬᠤᠷᠠᠯ 13 ᠤ ᠡᠳᠦᠷ ᠪᠡᠬᠡᠵᠢᠩ ᠳᠤ ᠬᠤᠷᠠᠯᠳᠤᠪᠠ᠃ ᠬᠤᠷᠠᠯ ᠢᠶᠡᠷ ᠳᠦᠪ ᠤᠨ ᠴᠡᠷᠢᠭ᠌ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠵᠢᠨ ᠫᠢᠩ ᠤᠨ ᠭᠠᠷ ᠤᠨ ᠦᠰᠦᠭ᠌ ᠲᠠᠢ ᠵᠠᠷᠯᠠᠯ ᠢ ᠤᠩᠰᠢᠵᠤ᠂ ᠰᠠᠨᠰᠠᠷᠴᠢᠨ ᠤ ᠶᠡᠬᠡ ᠠᠩᠬᠢ ᠳᠤ ᠱᠠᠩᠨᠠᠯ ᠭᠠᠷᠳᠠᠭᠤᠯᠤᠭᠰᠠᠨ ᠪᠠᠶᠢᠨ᠎ᠠ᠃

    ᠰᠠᠨᠰᠠᠷᠴᠢᠨ ᠤ ᠶᠡᠬᠡ ᠠᠩᠬᠢ ᠨᠢ 1998 ᠤᠨ ᠤ 1 ᠰᠠᠷ᠎ᠠ ᠳᠤ ᠪᠠᠶᠢᠭᠤᠯᠤᠭᠳᠠᠭᠰᠠᠨ ᠮᠠᠨ ᠤ ᠤᠯᠤᠰ ᠤᠨ ᠬᠦᠮᠦᠨ ᠠᠴᠢᠭᠰᠠᠨ ᠰᠠᠨᠰᠠᠷ ᠠᠶᠠᠯᠠᠯ ᠤᠨ ᠦᠢᠯᠡᠰ ᠤᠨ ᠳᠤᠯᠭᠠᠭᠤᠷᠢ ᠬᠦᠴᠦᠨ ᠪᠤᠯᠬᠤ ᠶᠤᠮ᠃ ᠡᠳᠡᠬᠡᠷ ᠵᠢᠯ ᠤᠳ ᠲᠤ ᠨᠡᠶᠢᠳᠡ 21 ᠰᠠᠨᠰᠠᠷᠴᠢᠨ ᠰᠤᠩᠭᠤᠨ ᠰᠢᠯᠭᠠᠷᠠᠭᠤᠯᠵᠤ᠂ 2003 ᠤᠨ ᠳᠤ ᠮᠠᠨ ᠤ ᠤᠯᠤᠰ ᠤᠨ ᠠᠩᠬᠠᠨ ᠤ ᠬᠦᠮᠦᠨ ᠠᠴᠢᠭᠰᠠᠨ ᠰᠠᠨᠰᠠᠷ ᠠᠶᠠᠯᠠᠯ ᠤᠨ ᠠᠵᠢᠯ ᠢ ᠬᠦᠢᠴᠡᠳᠬᠡᠵᠤ᠂ ᠳᠦᠪ ᠤᠨ ᠴᠡᠷᠢᠭ᠌ ᠤᠨ ᠶᠠᠪᠤᠳᠠᠯ ᠤᠨ ᠬᠤᠷᠢᠶ᠎ᠠ ᠡᠴᠡ ᠤᠯᠭᠤᠭᠰᠠᠨ《ᠪᠠᠭᠠᠳᠤᠷ ᠰᠠᠨᠰᠠᠷᠴᠢᠨ ᠤ ᠶᠡᠬᠡ ᠠᠩᠬᠢ》ᠬᠡᠮᠡᠬᠦ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ᠡᠬᠦᠨ ᠤ ᠳᠠᠷᠠᠭ᠎ᠠ ᠪᠡᠷ ᠮᠦᠨ 5 ᠤᠳᠠᠭᠠᠨ ᠤ ᠬᠦᠮᠦᠨ ᠠᠴᠢᠭᠰᠠᠨ ᠰᠠᠨᠰᠠᠷ ᠠᠶᠠᠯᠠᠯ ᠤᠨ ᠠᠵᠢᠯ ᠡᠬᠦᠷᠬᠡ ᠬᠦᠢᠴᠡᠳᠬᠡᠵᠤ᠂ ᠤᠷᠢᠳ ᠬᠤᠵᠢᠳ 11 ᠰᠠᠨᠰᠠᠷᠴᠢᠨ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ᠂ ᠳᠦᠪ ᠤᠨ ᠴᠡᠷᠢᠭ᠌ ᠤᠨ ᠶᠠᠪᠤᠳᠠᠯ ᠤᠨ ᠬᠤᠷᠢᠶᠠᠨ ᠡᠴᠡ ᠤᠯᠭᠤᠭᠰᠠᠨ 《ᠰᠠᠨᠰᠠᠷ ᠠᠶᠠᠯᠠᠯ ᠤᠨ ᠪᠠᠭᠠᠳᠤᠷ》᠂ 《ᠪᠠᠭᠠᠳᠤᠷ ᠰᠠᠨᠰᠠᠷᠴᠢᠨ》 ᠬᠡᠮᠡᠬᠦ ᠢᠷᠠᠭᠤ ᠠᠯᠳᠠᠷ ᠢ ᠬᠦᠷᠳᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121802430