蒙古文网站Logo
ᠰᠢᠨᠬᠤᠸᠠ ᠮᠤᠩᠭ᠋ᠤᠯ ᠨᠧᠲ

《ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠰᠢᠨ᠎ᠡ ᠬᠦᠭᠵᠢᠯᠳᠡ ᠰᠢᠨ᠎ᠡ ᠠᠮᠵᠢᠯᠳᠠ》 ᠨᠤᠮ ᠬᠡᠪᠯᠡᠭᠳᠡᠪᠡ

2017-10-14 10:54

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠱᠢ ᠵᠢᠩ ᠨᠠᠨ) ᠭᠠᠳᠠᠭᠠᠳᠤ ᠬᠡᠷᠡᠭ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠠᠮᠤᠨ ᠵᠡᠷᠬᠡ 20 ᠭᠠᠷᠤᠢ ᠪᠠᠶᠢᠭᠤᠯᠤᠯᠭ᠎ᠠ ᠬᠠᠮᠳᠤᠷᠠᠨ ᠡᠮᠬᠢᠳᠬᠡᠭᠰᠡᠨ《ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠰᠢᠨ᠎ᠡ ᠬᠦᠭᠵᠢᠯᠳᠡ ᠰᠢᠨ᠎ᠡ ᠠᠮᠵᠢᠯᠳᠠ》 ᠨᠤᠮ ᠠᠷᠠᠳ ᠤᠨ ᠬᠡᠪᠯᠡᠯ ᠤᠨ ᠬᠤᠷᠢᠶ᠎ᠠ ᠡᠴᠡ ᠬᠡᠪᠯᠡᠭᠳᠡᠨ᠂ ᠳᠤᠰ ᠡᠳᠦᠷ ᠡᠴᠡ ᠡᠬᠢᠯᠡᠨ ᠤᠯᠤᠰ ᠲᠠᠶᠠᠭᠠᠷ ᠤᠨ ᠬᠡᠮᠵᠢᠶᠡᠨ ᠳᠤ ᠢᠯᠡ ᠪᠡᠷ ᠳᠠᠷᠬᠠᠭᠠᠭᠳᠠᠵᠠᠢ᠃

    ᠳᠤᠰ ᠨᠤᠮ ᠨᠢ ᠳᠦᠪ ᠤᠨ ᠤᠬᠠᠭᠤᠯᠬᠤ ᠬᠡᠯᠳᠡᠰ ᠪᠤᠯᠤᠨ ᠤᠯᠤᠰ ᠤᠨ ᠰᠤᠨᠢᠨ ᠮᠡᠳᠡᠬᠡ ᠬᠡᠪᠯᠡᠯ ᠷᠠᠳᠢᠣ᠋ ᠲᠧᠯᠧᠶ᠋ᠰ ᠶᠡᠷᠦᠩᠬᠡᠢ ᠳᠤᠪᠴᠢᠶᠠᠨ ᠡᠴᠡ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠢ ᠤᠭᠳᠤᠬᠤ ᠪᠡᠷ ᠭᠤᠤᠯ ᠰᠡᠳᠦᠪ ᠪᠤᠯᠭᠠᠭᠰᠠᠨ ᠴᠢᠬᠤᠯᠠ ᠬᠡᠪᠯᠡᠯ ᠤᠨ ᠪᠦᠳᠦᠬᠡᠯ ᠢᠶᠡᠷ ᠳᠤᠳᠤᠯᠠᠭᠳᠠᠵᠠᠢ᠃ 5 ᠵᠢᠯ ᠤᠨ ᠳᠤᠷᠰᠢ᠂ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠡᠷ ᠬᠦᠨᠵᠡᠬᠡᠢ ᠳᠤᠤᠱᠯᠠᠭᠤᠯᠤᠭᠰᠠᠨ ᠪᠠ ᠨᠠᠮ ᠤᠨ ᠳᠦᠪ ᠬᠤᠷᠢᠶᠠᠨ ᠤ ᠳᠦᠷᠦ ᠪᠠᠷᠢᠵᠤ ᠤᠯᠤᠰ ᠢ ᠵᠠᠰᠠᠬᠤ ᠰᠢᠨ᠎ᠡ ᠤᠶᠢᠯᠠᠭᠠᠯᠳᠠ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢᠨ ᠳᠠᠭᠠᠭᠤᠯᠭ᠎ᠠ ᠪᠡᠷ᠂ ᠮᠦᠨ ᠰᠢᠨ᠎ᠡ ᠬᠡᠪ ᠪᠠᠶᠢᠳᠠᠯ ᠳᠤᠤᠷ᠎ᠠ ᠨᠠᠮ ᠪᠠ ᠤᠯᠤᠰ ᠡᠴᠡ ᠡᠯ᠎ᠡ ᠳᠦᠷᠦᠯ ᠤᠨ ᠠᠵᠢᠯ ᠳᠤ ᠠᠪᠤᠭᠰᠠᠨ ᠳᠡᠬᠡᠳᠦ ᠳᠡᠰ ᠤᠨ ᠳᠦᠰᠦᠪᠯᠡᠯ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠳᠠᠭᠠᠤ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢ ᠦᠬᠡᠷᠡᠴᠢᠯᠡᠯᠳᠡ ᠬᠦᠭᠵᠢᠯᠳᠡ ᠶᠢᠨ ᠵᠠᠩᠬᠢᠯᠠᠭ᠎ᠠ ᠶᠢᠨ ᠴᠡᠭ ᠢ ᠰᠠᠶᠢᠳᠤᠷ ᠠᠳᠬᠤᠵᠤ ᠦᠢᠯᠡᠳᠦᠯᠬᠡᠵᠢᠬᠦᠯᠦᠭᠰᠡᠨ ᠪᠠ ᠳᠡᠬᠦᠨ ᠤ ᠤᠯᠠᠮ ᠡᠴᠡ ᠤᠯᠤᠭᠰᠠᠨ ᠠᠮᠵᠢᠯᠳᠠ ᠪᠦᠳᠦᠮᠵᠢ ᠨᠤᠬᠦᠳ ᠢ ᠳᠤᠰ ᠨᠤᠮ ᠳᠤ ᠳᠦᠪᠯᠡᠷᠡᠬᠦᠯᠦᠨ ᠦᠬᠦᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121802571