蒙古文网站Logo
ᠰᠢᠨᠬᠤᠸᠠ ᠮᠤᠩᠭ᠋ᠤᠯ ᠨᠧᠲ

ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠦᠬᠦᠯᠡᠭᠴᠢ 17 ᠳᠤ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠬᠤᠷᠠᠯᠳᠤᠭᠤᠯᠤᠨ᠎ᠠ

2017-10-15 12:09

    ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠦᠬᠦᠯᠡᠭᠴᠢ 2017 ᠤᠨ ᠤ 10 ᠰᠠᠷ᠎ᠠ ᠶᠢᠨ 17 ᠤ ᠡᠳᠦᠷ(ᠭᠠᠷᠠᠭ ᠤᠨ ᠬᠤᠶᠠᠷ) ᠤᠨ ᠦᠳᠡ ᠶᠢᠨ ᠬᠤᠶᠢᠨᠠᠬᠢ 4᠄30 ᠴᠠᠭ ᠲᠤ ᠠᠷᠠᠳ ᠤᠨ ᠶᠡᠬᠡ ᠬᠤᠷᠠᠯ ᠤᠨ ᠳᠠᠩᠬᠢᠮ ᠤᠨ ᠭᠤᠷᠪᠠᠨ ᠳᠠᠪᠬᠤᠷ ᠲᠤ ᠬᠡᠪᠯᠡᠯ ᠮᠡᠳᠡᠬᠡᠯᠡᠯ ᠤᠨ ᠪᠠᠭ᠎ᠠ ᠬᠤᠷᠠᠯᠳᠤᠭᠤᠯᠬᠤ ᠪᠡᠷ ᠳᠤᠭᠳᠠᠪᠠ᠃ ᠡᠶᠢᠮᠤ ᠳᠤ ᠵᠠᠷᠢᠮ ᠵᠦᠢᠯ ᠢ ᠤᠳᠤ ᠪᠡᠷ ᠮᠡᠳᠡᠭᠳᠡᠵᠤ ᠪᠤᠢ᠄

    ᠨᠢᠬᠡ᠂ ᠮᠡᠳᠡᠭᠳᠡᠯ ᠳᠤᠰᠤᠭᠰᠠᠨ ᠤᠯᠤᠰ ᠤᠨ ᠳᠤᠳᠤᠭᠠᠳᠤ ᠶᠢᠨ ᠰᠤᠷᠪᠤᠯᠵᠢᠯᠠᠭᠴᠢ᠂ ᠰᠢᠶᠠᠩᠭᠠᠩ ᠤᠤᠮᠧᠨ ᠳᠠᠶᠢᠧᠠᠨ ᠤ ᠰᠤᠷᠪᠤᠯᠵᠢᠯᠠᠭᠴᠢ ᠪᠤᠯᠤᠨ ᠤᠯᠤᠰ ᠤᠨ ᠭᠠᠳᠠᠭᠠᠳᠤ ᠶᠢᠨ ᠰᠤᠷᠪᠤᠯᠵᠢᠯᠠᠭᠴᠢ 10 ᠰᠠᠷ᠎ᠠ ᠶᠢᠨ 15 ᠤ 14᠄00-19᠄00᠂ 10 ᠰᠠᠷ᠎ᠠ ᠶᠢᠨ 16 ᠤ 9᠄00-12᠄00 ᠴᠠᠭ ᠤᠨ ᠬᠤᠭᠤᠷᠤᠨᠳᠤ ᠬᠡᠪᠯᠡᠯ ᠮᠡᠳᠡᠬᠡᠯᠡᠯ ᠤᠨ ᠳᠦᠪ ᠤᠨ ᠬᠤᠶᠠᠳᠤᠭᠠᠷ ᠳᠠᠪᠬᠤᠷ ᠲᠤ ᠬᠦᠷᠴᠤ ᠤᠷᠢᠯᠭ᠎ᠠ ᠪᠡᠨ ᠠᠪᠤᠨ᠎ᠠ᠃

    ᠬᠤᠶᠠᠷ᠂ ᠰᠤᠷᠪᠤᠯᠵᠢᠯᠠᠭᠴᠢᠳ ᠤᠷᠢᠯᠭ᠎ᠠ ᠪᠤᠯᠤᠨ ᠰᠤᠷᠪᠤᠯᠵᠢᠯᠠᠭᠴᠢ ᠶᠢᠨ ᠦᠨᠡᠮᠯᠡᠯ ᠢᠶᠡᠨ ᠠᠪᠴᠤ 60 ᠮᠢᠨᠦ᠋ᠲ ᠤᠨ ᠡᠮᠦᠨ᠎ᠡ ᠠᠷᠠᠳ ᠤᠨ ᠶᠡᠬᠡ ᠬᠤᠷᠠᠯ ᠤᠨ ᠳᠠᠩᠬᠢᠮ ᠤᠨ ᠵᠡᠬᠦᠨ ᠡᠬᠦᠳᠡ ᠪᠡᠷ ᠬᠢᠨᠠᠯᠳᠠ ᠬᠦᠯᠢᠶᠡᠨ ᠤᠷᠤᠵᠤ ᠭᠤᠷᠪᠠᠳᠤᠭᠠᠷ ᠳᠠᠪᠬᠤᠷ ᠤᠨ ᠳᠤᠭᠳᠠᠭᠰᠠᠨ ᠭᠠᠵᠠᠷ ᠲᠤ ᠰᠠᠭᠤᠨ᠎ᠠ᠃

    ᠭᠤᠷᠪᠠ᠂ ᠰᠤᠷᠪᠤᠯᠵᠢᠯᠠᠬᠤ ᠮᠠᠰᠢᠨ ᠶᠡᠬᠡ ᠬᠤᠷᠠᠯ ᠤᠨ ᠦᠨᠡᠮᠯᠡᠯ ᠢᠶᠡᠨ ᠰᠢᠯᠭᠠᠭᠤᠯᠵᠤ ᠲᠢᠶᠠᠨ ᠠᠨ ᠮᠧᠨ ᠳᠠᠯᠠᠪᠠᠢ ᠳᠡᠬᠡᠷᠡᠬᠢ ᠳᠤᠭᠳᠠᠭᠰᠠᠨ ᠭᠠᠵᠠᠷ ᠲᠤ ᠵᠤᠭᠰᠤᠨ᠎ᠠ᠃

    ᠳᠦᠷᠪᠡ᠂ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠤᠨ ᠳᠠᠯᠠᠪᠠᠢ ᠳᠤ ᠳᠦᠯᠦᠪᠦᠷᠢ ᠦᠬᠡᠢ wifi ᠲᠠᠢ᠂ Press conference ᠬᠡᠬᠦ ᠨᠡᠷ᠎ᠡ ᠪᠡᠷ ᠨᠢᠭᠤᠴᠠ ᠳ᠋ᠤᠭᠠᠷ ᠦᠬᠡᠢ ᠰᠢᠭᠤᠳ ᠬᠤᠯᠪᠤᠭᠳᠠᠨ᠎ᠠ᠃

    ᠳᠠᠪᠤ᠂ ᠬᠡᠪᠯᠡᠯ ᠮᠡᠳᠡᠬᠡᠯᠡᠯ ᠤᠨ ᠪᠠᠭ᠎ᠠ ᠬᠤᠷᠠᠯ ᠢ ᠳᠦᠪ ᠲᠧᠯᠧᠶ᠋ᠰ ᠰᠢᠭᠤᠳ ᠨᠡᠪᠳᠡᠷᠡᠬᠦᠯᠦᠨ᠎ᠡ᠂ ᠬᠡᠪᠯᠡᠯ ᠮᠡᠳᠡᠬᠡᠯᠡᠯ ᠤᠨ ᠳᠦᠪ ᠨᠢ ᠨᠡᠶᠢᠳᠡ ᠶᠢᠨ ᠳᠤᠬᠢᠶ᠎ᠠ ᠶᠢ ᠳᠦᠯᠦᠪᠦᠷᠢ ᠦᠬᠡᠢ ᠬᠠᠩᠭᠠᠬᠤ ᠪᠤᠯᠬᠤᠷ ᠰᠤᠷᠪᠤᠯᠵᠢᠯᠠᠭᠴᠢᠳ ᠤᠳᠠᠰᠤ ᠦᠬᠡᠢ ᠪᠡᠷ ᠨᠡᠪᠳᠡᠷᠡᠬᠦᠯᠬᠦ ᠬᠡᠷᠡᠭᠰᠡᠯ ᠠᠪᠴᠤ ᠤᠷᠤᠵᠤ ᠪᠤᠯᠬᠤ ᠦᠬᠡᠢ᠂ ᠭᠠᠷ ᠤᠳᠠᠰᠤᠨ ᠤ ᠪᠡᠨ ᠳᠠᠭᠤ ᠶᠢ ᠬᠠᠭᠠᠬᠤ ᠬᠡᠷᠡᠭᠳᠡᠢ᠃

    ᠵᠢᠷᠭᠤᠭ᠎ᠠ᠂ ᠠᠷᠠᠳ ᠤᠨ ᠶᠡᠬᠡ ᠬᠤᠷᠠᠯ ᠤᠨ ᠳᠠᠩᠬᠢᠮ ᠤᠨ ᠬᠠᠮᠢᠶᠠᠳᠠᠢ ᠳᠦᠷᠢᠮ ᠳᠤᠭᠳᠠᠭᠠᠯ ᠤᠨ ᠳᠠᠭᠠᠤ ᠭᠠᠷ ᠤᠳᠠᠰᠤᠨ ᠤ ᠦᠪᠡᠷ ᠢᠶᠡᠨ ᠵᠢᠷᠤᠭᠯᠠᠬᠤ ᠬᠡᠷᠡᠭᠰᠡᠯ ᠠᠪᠴᠤ ᠤᠷᠤᠵᠤ ᠪᠤᠯᠬᠤ ᠦᠬᠡᠢ᠃

        ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠬᠡᠪᠯᠡᠯ ᠮᠡᠳᠡᠬᠡᠯᠡᠯ ᠤᠨ ᠳᠦᠪ

           2017 ᠤᠨ ᠤ 10 ᠰᠠᠷ᠎ᠠ ᠶᠢᠨ 15 ᠤ ᠡᠳᠦᠷ

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121805209