蒙古文网站Logo
ᠰᠢᠨᠬᠤᠸᠠ ᠮᠤᠩᠭ᠋ᠤᠯ ᠨᠧᠲ

《ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ》 ᠤᠨ ᠳᠤᠷᠠᠰᠬᠠᠯ ᠤᠨ ᠮᠠᠷᠺ ᠢ 18 ᠤ ᠡᠳᠦᠷ ᠳᠠᠷᠬᠠᠭᠠᠨ᠎ᠠ

2017-10-17 16:52

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠤᠤ ᠸᠧᠨ ᠵᠢᠶᠦ᠋ᠨ) ᠳᠤᠮᠳᠠᠳᠤ ᠤᠯᠤᠰ ᠤᠨ ᠰᠢᠤᠳᠠᠨ 18 ᠤ ᠡᠳᠦᠷ 《ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠳᠦᠯᠦᠬᠡᠯᠡᠭᠴᠢᠳ ᠤᠨ ᠶᠡᠬᠡ ᠬᠤᠷᠠᠯ》 ᠤᠨ ᠳᠤᠷᠠᠰᠬᠠᠯ ᠤᠨ ᠮᠠᠷᠺ ᠢ ᠳᠠᠷᠬᠠᠭᠠᠬᠤ ᠪᠡᠷ ᠪᠤᠢ᠃ ᠡᠨᠡ ᠨᠢ ᠨᠢᠬᠡ ᠢᠵᠢ᠂ ᠬᠤᠶᠠᠷ ᠰᠢᠷᠬᠡᠭ᠌᠂ ᠵᠢᠵᠢᠭ᠌ ᠵᠠᠬᠪᠤᠷ ᠤᠨ ᠪᠠᠰᠠ ᠨᠢᠬᠡ ᠰᠢᠷᠬᠡᠭ ᠢᠶᠡᠷ ᠪᠦᠷᠢᠯᠳᠦᠪᠡ᠃ ᠠᠭᠤᠯᠭ᠎ᠠ ᠨᠢ ᠳᠤᠰ ᠪᠦᠷᠢ ᠠᠮᠠᠯᠠᠯᠳᠠ ᠪᠡᠨ ᠮᠠᠷᠳᠠᠬᠤ ᠦᠬᠡᠢ᠂ ᠦᠷᠬᠦᠯᠵᠢᠯᠡᠨ ᠤᠷᠤᠭᠰᠢᠯᠠᠬᠤ᠂ ᠬᠦᠰᠡᠯ ᠮᠦᠷᠦᠬᠡᠳᠦᠯ ᠢᠶᠡᠨ ᠴᠤᠭᠴᠠᠯᠠᠬᠤ ᠵᠡᠷᠬᠡ ᠪᠤᠯᠤᠨ᠎ᠠ᠃

    ᠮᠠᠷᠺ ᠤᠨ《ᠠᠮᠠᠯᠠᠯᠳᠠ ᠪᠡᠨ ᠮᠠᠷᠳᠠᠬᠤ ᠦᠬᠡᠢ》 ᠬᠡᠮᠡᠬᠦ ᠨᠢᠬᠡᠳᠦᠬᠡᠷ ᠵᠢᠷᠤᠭ ᠨᠢ ᠠᠷᠠᠳ ᠤᠨ ᠪᠠᠭᠠᠳᠤᠷᠴᠤᠳ ᠤᠨ ᠳᠤᠷᠠᠰᠬᠠᠯ ᠤᠨ ᠬᠦᠰᠢᠶ᠎ᠡ᠂ ᠶᠠᠨ ᠠᠨ ᠤ ᠪᠤᠤ ᠲᠠ ᠱᠠᠨ ᠠᠭᠤᠯᠠ᠂ ᠰᠢᠨᠬᠤᠧᠠ ᠬᠠᠭᠠᠯᠭ᠎ᠠ᠂ ᠨᠠᠨ ᠬᠤᠤ ᠶᠢᠨ ᠤᠯᠠᠭᠠᠨ ᠤᠩᠭᠤᠴᠠ ᠵᠡᠷᠬᠡ ᠡᠯᠧᠮᠧᠨ᠋ᠲ ᠢᠶᠡᠷ ᠪᠦᠷᠢᠯᠳᠦᠵᠤ᠂ ᠨᠠᠮ ᠤᠨ ᠳᠡᠤᠬᠡ ᠶᠢ ᠡᠷᠬᠢᠨ ᠳᠤᠷᠠᠰᠴᠤ ᠨᠠᠮ ᠤᠨ ᠵᠤᠷᠢᠯᠳᠠ ᠶᠢ ᠳᠠᠬᠢᠨ ᠰᠠᠨᠠᠭᠤᠯᠪᠠ; 《ᠦᠷᠬᠦᠯᠵᠢᠯᠡᠨ ᠤᠷᠤᠭᠰᠢᠯᠠᠬᠤ》 ᠬᠡᠮᠡᠬᠦ ᠬᠤᠶᠠᠳᠤᠭᠠᠷ ᠵᠢᠷᠤᠭ ᠨᠢ 《ᠰᠡᠷᠬᠦᠨ ᠮᠠᠨᠳᠤᠯᠳᠠ ᠨᠤᠮᠧᠷᠳᠤ》 ᠬᠤᠷᠳᠤᠨ ᠤ ᠭᠠᠯᠳᠤ ᠳᠡᠷᠬᠡ᠂ ᠤᠯᠤᠰ ᠤᠨ ᠦᠢᠯᠡᠳᠪᠦᠷᠢᠯᠡᠯ ᠲᠠᠢ C919 ᠳᠤᠮᠤ ᠵᠠᠭᠪᠤᠷ ᠤᠨ ᠨᠢᠰᠬᠦ ᠤᠩᠭᠤᠴᠠ᠂ 《2017-ᠨᠢᠬᠡ ᠪᠦᠰᠡ ᠨᠢᠬᠡ ᠵᠠᠮ ᠤᠯᠠᠨ ᠤᠯᠤᠰ ᠤᠨ ᠬᠠᠮᠳᠤ ᠶᠢᠨ ᠠᠵᠢᠯᠯᠠᠭᠠᠨ ᠤ ᠳᠡᠬᠡᠳᠦ ᠳᠦᠪᠰᠢᠨ ᠤ ᠹᠤᠷᠦ᠋ᠮ》 ᠤᠨ ᠭᠤᠤᠯ ᠬᠤᠷᠠᠯ ᠤᠨ ᠳᠠᠯᠠᠪᠠᠢ ᠵᠡᠷᠬᠡ ᠡᠯᠧᠮᠧᠨ᠋ᠲ ᠢᠶᠡᠷ ᠪᠦᠷᠢᠯᠳᠦᠵᠤ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ ᠮᠠᠨ ᠤ ᠤᠯᠤᠰ ᠤᠨ ᠤᠯᠤᠰ ᠳᠦᠷᠦ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠲᠧᠭᠨᠤᠯᠤᠬᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠬᠡ ᠳᠠᠯ᠎ᠠ ᠪᠡᠷ ᠤᠯᠤᠭᠰᠠᠨ ᠬᠡᠷᠡᠯ ᠰᠠᠴᠤᠷᠤᠩᠭᠤᠢ ᠠᠮᠵᠢᠯᠳᠠ ᠶᠢ ᠬᠠᠷᠠᠭᠤᠯᠪᠠ; ᠵᠢᠵᠢᠭ᠌ ᠵᠠᠬᠪᠤᠷ ᠤᠨ ᠮᠠᠷᠺ ᠤᠨ 《ᠬᠦᠰᠡᠯ ᠮᠦᠷᠦᠬᠡᠳᠦᠯ ᠢᠶᠡᠨ ᠴᠤᠭᠴᠠᠯᠠᠬᠤ》 ᠬᠡᠳᠡᠭ ᠵᠢᠷᠤᠭ ᠨᠢ ᠲᠢᠶᠠᠨ ᠠᠨ ᠮᠧᠨ᠂ ᠰᠡᠶᠢᠯᠦᠮᠡᠯ ᠪᠠᠭᠠᠨ᠎ᠠ ᠪᠡᠷ ᠭᠤᠤᠯ ᠳ᠋᠋ᠢᠽᠠᠶᠢᠨ ᠤ ᠡᠯᠧᠮᠧᠨ᠋ᠲ ᠪᠤᠯᠭᠠᠵᠤ᠂ ᠤᠯᠤᠰ ᠤᠨ ᠰᠦᠯᠳᠡ ᠳᠠᠭᠤᠤ ᠶᠢᠨ ᠨᠤᠲ ᠢ ᠠᠭᠤᠰᠬᠠᠨ᠂ ᠡᠬᠦᠪᠡᠷ ᠳᠤᠮᠳᠠᠳᠤ ᠤᠯᠤᠰ ᠤᠨ ᠡᠪ ᠬᠠᠮᠳᠤ ᠨᠠᠮ ᠪᠦᠬᠦ ᠤᠯᠤᠰ ᠤᠨ ᠡᠯ᠎ᠡ ᠦᠨᠳᠦᠰᠦᠳᠡᠨ ᠤ ᠠᠷᠠᠳ ᠳᠦᠮᠡᠨ ᠢ ᠳᠠᠭᠠᠭᠤᠯᠤᠨ 《ᠬᠤᠤᠰ ᠵᠠᠭᠤᠨ ᠵᠢᠯ》 ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠰᠡᠳᠬᠢᠯ ᠨᠢᠬᠡᠳᠡᠢ ᠪᠡᠷ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠪᠡᠷ ᠳᠡᠮᠡᠴᠡᠵᠤ ᠪᠠᠶᠢᠭ᠎ᠠ ᠶᠢ ᠬᠠᠷᠠᠭᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121816909