蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠶᠢᠨ ᠬᠠᠶᠢᠯᠲᠠ ᠰᠤᠪᠠᠭ 《 ᠲᠤᠮᠲᠠᠲᠤ ᠤᠯᠤᠰ᠄ ᠰᠢ ᠵᠢᠨ ᠫᠢᠩ ᠤᠨ ᠴᠠᠭ ᠦᠶ᠎ᠠ 》 ᠪᠠᠷᠢᠮᠲᠠᠲᠤ ᠹᠢᠯᠢᠮ ᠢ ᠨᠡᠪᠲᠡᠷᠡᠬᠦᠯᠵᠦ ᠡᠬᠢᠯᠡᠪᠡ

2017-10-17 17:00

    ᠰᠢᠨᠬᠤᠧᠠ ᠬᠤᠷᠢᠶ᠎ᠠ   ᠰᠢᠩᠭ᠋ᠠᠫᠤᠷ ᠤᠨ 10 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠯᠢ ᠯᠢ ) ᠠᠮᠧᠷᠢᠺᠠ ᠶᠢᠨ ᠬᠠᠶᠢᠯᠲᠠ (Discovery) ᠰᠤᠪᠠᠭ ᠤᠨ ᠭᠤᠷᠪᠠᠨ ᠠᠩᠭᠢᠲᠤ ᠲᠧᠯᠸᠢᠰ ᠪᠠᠷᠢᠮᠲᠠᠲᠤ ᠹᠢᠯᠢᠮ《China: Time of Xi》 16 ᠤ ᠤᠷᠤᠢ ᠠᠩᠬᠠᠨ ᠤ ᠨᠡᠪᠲᠡᠷᠡᠬᠦᠯᠭᠡ ᠪᠠᠨ ᠲᠠᠭᠤᠰᠤᠯ᠎ᠠ᠂ ᠡᠨᠡ ᠪᠤᠯ ᠲᠡᠯᠡᠬᠡᠢ ᠨᠡᠶᠢᠲᠡ ᠶᠢᠨ ᠭᠤᠤᠯᠯᠠᠬᠤ ᠬᠡᠪᠯᠡᠯ ᠮᠡᠲᠡᠭᠡᠯᠡᠯ ᠤᠨ ᠬᠢᠨ ᠠᠩᠬ᠎ᠠ ᠤᠲᠠᠭ᠎ᠠ ᠪᠦᠬᠦ ᠲᠠᠯ᠎ᠠ ᠪᠡᠷ ᠰᠢᠰᠲ᠋ᠧᠮ ᠲᠠᠢ ᠪᠡᠷ ᠰᠢ ᠵᠢᠨ ᠫᠢᠩ ᠶᠡᠷᠦᠩᠬᠡᠢ ᠱᠦᠵᠢ ᠶᠢᠨ ᠤᠯᠤᠰ ᠢ ᠵᠠᠰᠠᠵᠤ ᠲᠦᠷᠦ ᠪᠠᠷᠢᠬᠤ ᠦᠵᠡᠯ ᠰᠠᠨᠠᠭ᠎ᠠ ᠶᠢ ᠨᠡᠪᠲᠡᠷᠡᠬᠦᠯᠵᠦ ᠪᠦᠬᠦᠢ ᠫᠷᠤᠭ᠍ᠷᠠᠮ ᠪᠤᠯᠤᠨ᠎ᠠ᠃

    ᠲᠤᠰ ᠹᠢᠯᠢᠮ 10 ᠰᠠᠷ᠎ᠠ ᠶᠢᠨ 14 ᠤ ᠡᠲᠦᠷ ᠡᠴᠡ ᠡᠬᠢᠯᠡᠨ ᠭᠤᠷᠪᠠᠨ ᠡᠲᠦᠷ ᠲᠠᠷᠠᠭᠠᠯᠠᠨᠬᠠᠶᠢᠯᠲᠠ ᠰᠤᠪᠠᠭ ᠤᠨ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠲᠧᠯᠧᠢᠰ ᠰᠦᠯᠵᠢᠶ᠎ᠠ ᠪᠡᠷ ᠠᠩᠬ᠎ᠠ ᠨᠡᠪᠲᠡᠷᠡᠬᠦᠯᠵᠦ᠂ ᠶᠠᠫᠤᠨ᠂ ᠺᠤᠷᠢᠶᠠ᠂ ᠠᠦ᠋ᠰᠲ᠋ᠷᠠᠯᠢᠶ᠎ᠠ᠂ ᠰᠢᠨ᠎ᠡ ᠽᠧᠯᠠᠨᠳ᠋᠂ ᠡᠨᠡᠳᠭᠡᠭ᠌᠂ ᠲᠠᠶᠢᠯᠠᠨᠳ᠋᠂ ᠮᠠᠯᠠᠶᠢᠰᠢᠶ᠎ᠠ ᠵᠡᠷᠭᠡ 37 ᠤᠯᠤᠰ ᠤᠷᠤᠨ ᠤ 2 ᠳ᠋ᠦᠩᠰᠢᠭᠤᠷ ᠦᠵᠡᠭᠴᠢᠳ ᠢ ᠬᠠᠮᠤᠷᠤᠭᠰᠠᠨ ᠪᠠᠶᠢᠨ᠎ᠠ᠃

    《 ᠲᠤᠮᠲᠠᠲᠤ ᠤᠯᠤᠰ᠄ ᠰᠢ ᠵᠢᠨ ᠫᠢᠩ ᠤᠨ ᠴᠠᠭ ᠦᠶ᠎ᠠ 》 ᠪᠠᠷᠢᠮᠲᠠᠲᠤ ᠹᠢᠯᠢᠮ ᠭᠤᠷᠪᠠᠨ ᠠᠩᠬᠢ ᠪᠡᠷ ᠪᠦᠷᠢᠯᠲᠦᠵᠦ᠂ 《ᠠᠷᠠᠳ ᠲᠦᠮᠡᠨ ᠤ ᠰᠡᠳᠬᠢᠯᠭᠡ》᠂《 ᠲᠤᠮᠤ ᠭᠦᠷᠦᠨ ᠤ ᠴᠡᠭᠴᠡᠯᠡᠨ ᠵᠠᠰᠠᠯᠲᠠ 》᠂《 ᠬᠠᠮᠲᠤᠷᠠᠨ ᠠᠵᠢᠯᠯᠠᠵᠤ ᠬᠠᠮᠲᠤᠪᠡᠷ ᠠᠰᠢᠭ ᠬᠦᠷᠲᠡᠬᠦ》ᠭᠡᠬᠦ ᠭᠤᠷᠪᠠᠨ ᠠᠩᠬᠢ ᠪᠡᠷ ᠪᠦᠷᠢᠯᠲᠦᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121816985